ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠣᠢ ᠰᠢᠭᠤᠶ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠤᠨ ᠴᠦᠯᠯᠡᠷᠭᠡᠭᠵᠢᠯ ᠢ ᠨᠡᠶᠢᠳᠡᠮ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/28
      ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠤᠨ ᠴᠦᠯᠯᠡᠷᠭᠡᠭᠵᠢᠯ ᠢ ᠨᠡᠶᠢᠳᠡᠮ ᠪᠠᠶᠢᠴᠠᠭᠠᠬᠤ ᠠᠵᠢᠯ ᠢ ᠲᠦᠷᠭᠡᠳᠬᠡᠨ ᠠᠬᠢᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠷᠰᠢᠯᠲᠠ ᠶᠢᠨ ᠠᠵᠢᠯ ᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ 5 ᠰᠠᠷ᠎ᠠ ᠶᠢᠨ 27᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠠᠢ ᠬᠠᠮᠲᠤᠷᠠᠨ ᠣᠶ ᠰᠢᠭᠤᠶ ᠨᠤᠲᠤᠭ ᠪᠡᠯᠴᠢᠭᠡᠷ ᠤᠨ  ᠴᠢᠭᠢᠭᠯᠢᠭ ᠭᠠᠵᠠᠷ ᠤᠨ ᠴᠦᠯᠯᠡᠷᠭᠡᠭᠵᠢᠯ ᠢ ᠨᠡᠶᠢᠳᠡᠮ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠭᠤᠯᠵᠤ᠂ ᠣᠶ ᠰᠢᠭᠤᠶ ᠨᠤᠲᠤᠭ ᠪᠡᠯᠴᠢᠭᠡᠷ ᠪᠠ ᠪᠠᠶᠢᠭᠠᠯᠢ ᠶᠢᠨ ᠡᠬᠢ ᠪᠠᠶᠠᠯᠢᠭ ᠬᠤᠶᠠᠷ ᠰᠠᠯᠠᠭ᠎ᠠ ᠮᠥᠴᠢᠷ ᠬᠠᠮᠵᠢᠯᠴᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠡᠮᠦᠨᠡᠬᠢ ᠬᠤᠭᠤᠴᠠᠭᠠᠨ ᠤ ᠵᠣᠯᠭᠠᠯᠴᠠᠭ᠎ᠠ ᠬᠢᠵᠦ᠂ ᠠᠵᠢᠯ ᠤᠨ ᠲᠥᠰᠦᠯ ᠪᠠ ᠮᠡᠷᠭᠡᠵᠢᠯ ᠤᠨ ᠵᠢᠷᠤᠮ ᠢ ᠰᠤᠳᠤᠯᠤᠨ ᠶᠠᠷᠢᠯᠴᠠᠵᠤ᠂ ᠢᠯᠡᠳᠲᠡ ᠦᠷ᠎ᠡ ᠪᠦᠲᠦᠮᠵᠢ ᠤᠯᠪᠠ᠃    ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠤᠨ ᠴᠦᠯᠯᠡᠷᠭᠡᠭᠵᠢᠯ ᠢ ᠨᠡᠶᠢᠳᠡᠮ ᠪᠠᠶᠢᠴᠠᠭᠠᠬᠤ ᠠᠵᠢᠯ ᠤᠨ ᠲᠥᠰᠦᠯ ︵ᠰᠠᠨᠠᠯ ᠬᠤᠷᠢᠶᠠᠬᠤ ᠨᠤᠤᠷᠠᠭ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠤᠨ ᠴᠦᠯᠯᠡᠷᠭᠡᠭᠵᠢᠯ ᠢ ᠨᠡᠶᠢᠳᠡᠮ ᠪᠠᠶᠢᠴᠠᠭᠠᠬᠤ ᠲᠤᠷᠰᠢᠯᠲᠠ ᠶᠢᠨ ᠲᠥᠰᠦᠯ ︵ᠰᠠᠨᠠᠯ ᠬᠤᠷᠢᠶᠠᠬᠤ ᠨᠤᠤᠷᠠᠭ︶︾᠂ ᠨᠡᠶᠢᠳᠡᠮ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠵᠢᠴᠢ ᠠᠵᠢᠯ ᠤᠨ ᠲᠤᠰᠬᠠᠶ ᠠᠩᠭᠢ ᠵᠡᠷᠭᠡ ᠶᠢᠨ ᠲᠤᠬᠠᠶ ᠰᠤᠳᠤᠯᠵᠤ᠂ ᠣᠳᠣᠬᠠᠨ ᠤ ᠠᠵᠢᠯ ᠥᠷᠨᠢᠭᠦᠯᠬᠦ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠥᠪᠳᠡᠯᠴᠡᠨ ᠰᠢᠢᠳᠪᠦᠷᠢᠯᠡᠬᠦ ᠲᠥᠰᠦᠯ᠂ ᠣᠶ ᠰᠢᠭᠤᠶ ᠨᠤᠲᠤᠭ ᠪᠡᠯᠴᠢᠭᠡᠷ ᠪᠠ ᠪᠠᠶᠢᠭᠠᠯᠢ ᠶᠢᠨ ᠡᠬᠢ ᠪᠠᠶᠠᠯᠢᠭ ᠬᠤᠶᠠᠷ ᠰᠠᠯᠠᠭ᠎ᠠ ᠮᠥᠴᠢᠷ ᠤᠨ ᠬᠠᠮᠲᠤ ᠶᠢᠨ ᠬᠢᠨᠠᠨ ᠬᠠᠷᠭᠤᠭᠤᠯᠵᠤ ᠲᠣᠭᠲᠠᠭᠠᠭᠰᠠᠨ ᠨᠢᠭᠡᠳᠦᠯ ᠥᠬᠡᠶ ᠵᠢᠷᠤᠭ ᠪᠠ ᠲᠣᠯᠪᠤ ᠶᠢᠨ ᠠᠵᠢᠯ ᠤᠨ ᠴᠤᠪᠤᠷᠠᠯ᠂ ᠵᠣᠬᠢᠴᠠᠭᠤᠯᠬᠤ ᠲᠣᠭᠲᠠᠴᠠ ᠵᠡᠷᠭᠡ ᠶᠢ ᠵᠥᠪᠳᠡᠯᠴᠡᠵᠦ᠂ ᠨᠡᠶᠢᠳᠡᠮ ᠪᠠᠶᠢᠴᠠᠭᠠᠬᠤ ᠠᠵᠢᠯ ᠤᠨ ᠦᠨᠳᠦᠰᠦᠨ ᠵᠠᠭᠪᠤᠷ᠂ ᠴᠢᠬᠤᠯᠠ ᠭᠤᠭᠴᠤᠭ᠎ᠠ ᠪᠠ ᠠᠷᠭ᠎ᠠ ᠬᠡᠮᠵᠢᠶ᠎ᠡ ᠠᠯᠬᠤᠮ ᠳᠠᠷᠠᠭ᠎ᠠ ᠶᠢ ᠠᠩᠬ᠎ᠠ ᠠᠯᠬᠤᠮ ᠲᠣᠭᠲᠠᠭᠠᠪᠠ᠃    ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠠᠵᠢᠯ ᠨᠢ ᠲᠤᠷᠰᠢᠯᠲᠠ ᠶᠢᠨ ᠬᠤᠰᠢᠭᠤ ᠰᠢᠶᠠᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠳᠤᠭᠤᠶᠢᠯᠠᠩ ᠬᠤᠪᠢᠶᠠᠨ ᠬᠡᠰᠡᠭ ᠳᠠᠭᠠᠭᠠᠴᠢᠯᠠᠬᠤ ᠮᠡᠷᠭᠡᠵᠢᠯ ᠤᠨ ᠪᠣᠯᠪᠠᠰᠤᠷᠠᠭᠤᠯᠤᠯ ᠵᠢᠯᠣᠭᠤᠳᠣᠯᠭ᠎ᠠ ᠶᠢ ᠴᠢᠩᠭᠠᠳᠬᠠᠨ᠂ ᠬᠥᠮᠦᠨ ᠤ ᠬᠦᠴᠦᠨ ᠡᠳ᠋ ᠤᠨ ᠬᠦᠴᠦᠨ ᠪᠣᠳᠠᠰ ᠤᠨ ᠬᠦᠴᠦᠨ ᠤ ᠣᠷᠣᠭᠤᠯᠤᠯᠲᠠ ᠶᠢ ᠨᠡᠮᠡᠭᠳᠡᠭᠦᠯᠵᠦ᠂ ᠣᠶ ᠰᠢᠭᠤᠶ ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠠᠮᠲᠤ ᠪᠠᠷ ᠪᠦᠷᠢᠯᠳᠦᠭᠰᠡᠨ ᠭᠠᠳᠠᠷ ᠠᠵᠢᠯ ᠤᠨ ᠪᠠᠶᠢᠴᠠᠭᠠᠯᠲᠠ ᠶᠢᠨ ᠡᠩᠨᠡᠭᠡ ᠶᠢ ᠵᠣᠬᠢᠶᠠᠨ ᠪᠠᠶᠢᠭᠤᠯᠵᠤ ᠬᠠᠮᠲᠤᠷᠠᠨ ᠭᠠᠳᠠᠷ ᠠᠵᠢᠯ ᠤᠨ ᠪᠠᠶᠢᠴᠠᠭᠠᠯᠲᠠ ᠶᠢ ᠥᠷᠨᠢᠭᠦᠯᠵᠦ᠂ ᠥᠯᠢᠭᠡᠷ ᠠᠪᠴᠤ ᠪᠠᠶᠢᠴᠠᠭᠠᠨ ᠬᠢᠨᠠᠨ ᠰᠢᠨᠵᠢᠬᠦ ᠶᠢ ᠲᠦᠷᠭᠡᠳᠬᠡᠨ ᠠᠬᠢᠭᠤᠯᠵᠤ᠂ ᠨᠢᠭᠡᠳᠦᠯ ᠥᠬᠡᠶ ᠵᠢᠷᠤᠭ ᠪᠠ ᠲᠣᠯᠪᠤ ᠶᠢ ᠰᠢᠢᠳᠪᠦᠷᠢᠯᠡᠬᠦ ᠪᠠᠷ ᠠᠵᠢᠯ ᠤᠨ ᠭᠤᠤᠯᠳᠠᠯᠭ᠎ᠠ ᠪᠣᠯᠭᠠᠨ᠂ 7 ᠰᠠᠷ᠎ᠠ ᠶᠢᠨ ᠰᠡᠭᠦᠯᠴᠢ ᠠᠴᠠ ᠡᠮᠦᠨ᠎ᠡ ᠲᠤᠷᠰᠢᠯᠲᠠ ᠶᠢᠨ ᠡᠭᠦᠷᠭᠡ ᠶᠢ ᠪᠦᠬᠦᠨ ᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠲᠠᠷᠠᠭᠠᠴᠢ ᠶᠢᠨ ᠠᠯᠬᠤᠮ ᠳᠤ ᠪᠥᠬᠦ ᠣᠷᠣᠨ ᠤ ᠣᠶ ᠰᠢᠭᠤᠶ  ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠳᠤ ᠲᠣᠯᠢ ᠪᠣᠯᠭᠠᠵᠤ ᠪᠣᠯᠬᠤ᠂ ᠵᠢᠱᠢᠶᠡᠴᠢ ᠪᠤᠯᠠᠬᠤᠶᠢᠴᠠ᠂ ᠳᠡᠯᠭᠡᠷᠡᠬᠦᠯᠵᠦ  ᠪᠤᠯᠠᠬᠤᠶᠢᠴᠠ ᠠᠵᠢᠯ ᠤᠨ ᠰᠡᠳᠬᠢᠮᠵᠢ ᠪᠠ ᠲᠤᠷᠰᠢᠯᠭ᠎ᠠ ᠬᠠᠩᠭᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号