ᠦᠷ᠎ᠡ ᠴᠢᠬᠢ ᠶᠢᠨ ᠶᠡᠷᠦᠩᠬᠡᠶ ᠥᠷᠲᠡᠭᠡ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠲᠥᠯᠥᠭᠡᠯᠡᠨ ᠱᠠᠨᠰᠢ ᠮᠤᠵᠢ ᠳᠤ ᠬᠦᠷᠴᠦ ᠴᠢᠬᠢ ᠮᠣᠳᠣᠨ ᠤ ᠶᠠᠰᠤ ᠴᠢᠨᠠᠷ ᠢ ᠰᠤᠭᠤᠴᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/5/28
      ︽ᠤᠮᠠᠷᠠᠲᠤ ᠶᠢᠨ ᠭᠤᠷᠪᠠᠨ ᠤᠷᠤᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠦᠷ᠎ᠡ ᠴᠢᠬᠢ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠬᠡᠷ ᠤᠨ ︽2024 ᠣᠨ ᠤ ᠪᠥᠬᠦ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ 5 ᠰᠠᠷ᠎ᠠ ᠶᠢᠨ 13᠎ ᠤ ᠡᠳᠦᠷ ᠠᠴᠠ 23᠎ ᠤ ᠡᠳᠦᠷ ᠪᠣᠯᠲᠠᠯ᠎ᠠ᠂ ᠦᠷ᠎ᠡ ᠴᠢᠬᠢ ᠶᠢᠨ ᠶᠡᠷᠦᠩᠬᠡᠶ ᠥᠷᠲᠡᠭᠡ ᠨᠢ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠥᠬᠡᠬᠤᠲᠠ ᠶᠢᠨ ᠣᠶ ᠮᠣᠳᠣᠨ ᠤ ᠦᠷ᠎ᠡ ᠴᠢᠬᠢ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠤᠨ ᠨᠡᠷ᠎ᠡ ᠪᠠᠷ ᠱᠠᠨᠰᠢ ᠮᠤᠵᠢ ᠶᠢᠨ ᠬᠠᠪᠤᠷ ᠤᠨ ᠤᠯᠠᠷᠢᠯ ᠤᠨ ᠤᠶᠢᠵᠢᠭᠤᠯᠤᠯᠳᠠ ᠶᠢᠨ ᠴᠢᠬᠢ ᠮᠣᠳᠣᠨ ᠤ ᠶᠠᠰᠤ ᠴᠢᠨᠠᠷ ᠢ ᠰᠤᠭᠤᠴᠢᠨ ᠪᠠᠶᠢᠴᠠᠭᠠᠪᠠ᠃     ᠲᠣᠰ ᠤᠳᠠᠭᠠᠨ ᠤ ᠰᠤᠭᠤᠴᠢᠨ ᠪᠠᠶᠢᠴᠠᠭᠠᠯᠲᠠ ᠳᠤ ᠶᠠᠨ ᠵᠢᠶᠧ ᠥᠷᠲᠡᠭᠡᠨ ᠳᠠᠷᠤᠭ᠎ᠠ  ᠬᠤᠰᠢᠭᠤᠴᠢᠯᠠᠨ᠂ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠭᠤᠤᠯᠳᠠᠯᠭ᠎ᠠ ᠲᠠᠢ ᠲᠥᠷᠥᠯ  ᠵᠦᠢᠯ ᠤᠨ ᠤᠶᠢᠵᠢᠭᠤᠯᠤᠯᠳᠠ ᠶᠢᠨ ᠴᠢᠬᠢ ᠮᠣᠳᠣ ᠶᠢ ᠰᠤᠭᠤᠴᠢᠨ ᠪᠠᠶᠢᠴᠠᠭᠠᠵᠤ᠂ ᠨᠡᠶᠢᠲᠡ 21 ᠪᠦᠯᠦᠭ ᠴᠢᠬᠢ ᠮᠤᠳᠤ ᠶᠢ ᠰᠤᠭᠤᠴᠢᠨ ᠪᠠᠶᠢᠴᠠᠭᠠᠵᠤ᠂ ᠢᠦᠶ ᠯᠢᠨ ᠬᠤᠲᠠ ᠪᠣᠯᠤᠨ ᠶᠠᠨ ᠠᠨ ᠬᠤᠲᠠ ᠶᠢᠨ 5 ᠰᠢᠶᠠᠨ ᠲᠣᠭᠤᠷᠢᠭ ᠤᠨ 15 ᠬᠡᠰᠡᠭ ᠣᠶᠢᠵᠢᠭᠤᠯᠬᠤ ᠭᠠᠵᠠᠷ ᠪᠠᠭᠲᠠᠭᠰᠠᠨ ᠪᠠᠶᠢᠨ᠎ᠠ᠃ ᠰᠤᠭᠤᠴᠢᠨ ᠪᠠᠶᠢᠴᠠᠭᠠᠯᠳᠠ ᠳᠤ ᠲᠤᠬᠠᠶ ᠶᠢᠨ ᠲᠠᠯᠠᠪᠤᠷ ᠲᠤ ᠰᠤᠭᠤᠴᠢᠨ ᠪᠠᠶᠢᠴᠠᠭᠠᠬᠤ ᠪᠠ ᠲᠠᠩᠰᠠ ᠡᠪᠬᠡᠮᠡᠯ ᠢ ᠪᠠᠶᠢᠴᠠᠭᠠᠨ ᠰᠢᠯᠭᠠᠬᠤ ᠬᠤᠶᠠᠷ ᠬᠡᠰᠡᠭ ᠢ ᠪᠠᠭᠲᠠᠭᠠᠪᠠ᠃ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠠᠴᠠ ᠦᠵᠡᠪᠡᠯ᠂ ᠤᠶᠢᠵᠢᠭᠤᠯᠤᠯᠳᠠ ᠶᠢᠨ ᠴᠢᠬᠢ ᠮᠣᠳᠣᠨ ᠤ ᠶᠠᠰᠤ ᠴᠢᠨᠠᠷ ᠨᠢ ᠴᠥᠮ ᠬᠢᠷᠢ ᠲᠡᠩᠴᠡᠭᠰᠡᠨ ᠪᠥᠭᠡᠳ ᠠᠵᠢᠯ ᠤᠨ ᠲᠥᠯᠥᠪᠯᠡᠭᠡ ᠶᠢᠨ ᠱᠠᠭᠠᠷᠳᠠᠯᠭ᠎ᠠ ᠳᠤ ᠭᠦᠷᠦᠭᠰᠡᠨ ᠪᠠᠶᠢᠨ᠎ᠠ᠃ ᠰᠤᠭᠤᠴᠢᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠰᠤᠭᠤᠴᠢᠨ ᠪᠠᠶᠢᠴᠠᠭᠠᠬᠤ ᠳᠤᠭᠤᠶᠢᠯᠠᠩ ᠱᠠᠨᠰᠢ ᠮᠤᠵᠢ ᠶᠢᠨ ᠣᠶ ᠰᠢᠭᠤᠶ ᠶᠢᠨ ᠲᠣᠪᠴᠢᠶ᠎ᠠ ᠲᠠᠢ ᠶᠠᠷᠢᠯᠴᠠᠬᠤ ᠬᠤᠷᠠᠯ ᠬᠢᠵᠦ᠂ ᠱᠠᠨᠰᠢ ᠮᠤᠵᠢ ᠶᠢᠨ ᠣᠶ ᠰᠢᠭᠤᠶ ᠶᠢᠨ ᠲᠣᠪᠴᠢᠶ᠎ᠠ ᠳᠤ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠬᠠᠷᠢᠭᠤ ᠲᠤᠰᠬᠠᠵᠤ᠂ ᠬᠤᠶᠠᠷ ᠲᠠᠯ᠎ᠠ ᠪᠠᠷ ᠢᠶᠠᠨ ᠰᠠᠨᠠᠯ ᠢᠶᠠᠨ ᠰᠣᠯᠢᠯᠴᠠᠬᠤ ᠶᠢᠨ ᠬᠠᠮᠲᠤ ᠣᠶ ᠰᠢᠭᠤᠶ ᠨᠤᠲᠤᠭ ᠪᠡᠯᠴᠢᠭᠡᠷ ᠤᠨ ᠴᠢᠬᠢ ᠮᠣᠳᠣᠨ ᠤ ᠪᠤᠰᠤᠳ ᠠᠵᠢᠯ ᠤᠨ ᠲᠤᠬᠠᠶ ᠭᠦᠨᠵᠡᠭᠡᠶ ᠰᠣᠯᠢᠯᠴᠠᠪᠠ᠃ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠥᠬᠡᠬᠤᠲᠠ ᠶᠢᠨ ᠣᠶ ᠮᠣᠳᠣᠨ ᠤ ᠦᠷ᠎ᠡ ᠴᠢᠬᠢ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ 2008 ᠣᠨ ᠳᠤ ᠪᠠᠶᠢᠭᠤᠯᠤᠭᠳᠠᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠶᠡᠷᠦᠩᠬᠡᠶ ᠥᠷᠲᠡᠭᠡ ᠳᠤ ᠬᠤᠪᠢᠶᠠᠷᠢᠯᠠᠭᠳᠠᠨ᠎ᠠ᠃    ᠲᠥᠪ ᠪᠠᠶᠢᠭᠤᠯᠤᠭᠳᠠᠭᠰᠠᠨ ᠠᠴᠠ ᠨᠠᠰᠢ᠂ ᠤᠷᠢᠳ ᠬᠤᠵᠢᠳ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠲᠥᠯᠥᠭᠡᠯᠡᠨ 40 ᠭᠠᠷᠤᠶ ᠮᠤᠵᠢ ᠬᠤᠲᠠ᠂ 200 ᠭᠠᠷᠤᠶ ᠰᠢᠶᠠᠨ ᠲᠣᠭᠤᠷᠢᠭ᠂ 300 ᠭᠠᠷᠤᠶ ᠨᠢᠭᠡᠴᠡ ᠳᠤ ᠣᠶ ᠮᠣᠳᠣᠨ ᠤ ᠦᠷ᠎ᠡ ᠴᠢᠬᠢ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠠᠵᠢᠯ ᠥᠷᠨᠢᠭᠦᠯᠵᠦ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠤᠰᠢᠶᠠᠭᠰᠠᠨ ᠰᠤᠭᠤᠴᠢᠨ ᠪᠠᠶᠢᠴᠠᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号