| | | | | | ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠬᠤᠯᠪᠣᠭᠳᠠᠯ | ᠪᠥᠬᠦᠶ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽5.1︾ ᠤ ᠬᠤᠭᠤᠴᠠᠭᠠᠨ ᠳᠠᠬᠢ ᠠᠶᠤᠯ | ᠥᠬᠡᠶ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠠᠳᠬᠤᠬᠤ ᠶᠢᠨ ᠲᠤᠰᠠᠳᠠ᠂ ᠠᠶᠤᠯ ᠥᠬᠡᠶ | ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠣᠰᠣᠭᠠᠷ᠂ 4 | ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ | ᠳᠠᠷᠤᠭ᠎ᠠ ᠮᠠ ᠴᠢᠶᠠᠩ ᠭᠠᠯ ᠰᠡᠷᠭᠡᠶᠢᠯᠡᠬᠦ ᠬᠤᠶᠠᠳᠤᠭᠠᠷ ᠭᠠᠵᠠᠷ᠂ ᠣᠶ ᠰᠢᠭᠤᠶ ᠶᠢᠨ ᠲᠠᠯᠠᠪᠠᠶ ᠶᠢᠨ ᠦᠷ᠎ᠡ ᠴᠢᠬᠢ ᠶᠢᠨ | ᠭᠠᠵᠠᠷ᠂ ᠦᠷ᠎ᠡ ᠴᠢᠬᠢ ᠶᠢᠨ ᠶᠡᠷᠦᠩᠬᠡᠶ ᠥᠷᠲᠡᠭᠡ ᠶᠢᠨ ᠬᠤᠯᠪᠣᠭᠳᠠᠯ ᠪᠥᠬᠦᠶ ᠨᠥᠬᠦᠳ ᠢ ᠳᠠᠭᠠᠭᠤᠯᠤᠨ᠂ | ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠡᠳ᠋ ᠤᠨ ᠡᠬᠢ ᠪᠠᠶᠠᠯᠢᠭ ᠤᠨ ᠪᠡᠯᠡᠳᠬᠡᠮᠵᠢ ᠶᠢ | ᠬᠠᠳᠠᠭᠠᠯᠠᠬᠤ ᠬᠥᠮᠥᠷᠭᠡ ᠶᠢᠨ ᠥᠪᠥᠷ ᠮᠣᠩᠭᠤᠯ ᠤᠨ ᠬᠤᠪᠢᠶᠠᠷᠢ ᠬᠥᠮᠥᠷᠭᠡ ᠶᠢᠨ ᠪᠠᠷᠢᠯᠭ᠎ᠠ ᠶᠢᠨ ᠠᠵᠢᠯ ᠤᠨ | ᠲᠤᠬᠠᠶ ᠶᠢᠨ ᠲᠠᠯᠠᠪᠠᠶ ᠳᠤ ᠬᠦᠷᠴᠦ ᠠᠶᠤᠯ ᠥᠬᠡᠶ ᠦᠢᠯᠡᠳᠪᠦᠷᠢᠯᠡᠯ ᠤᠨ ᠪᠠᠶᠢᠴᠠᠭᠠᠯᠲᠠ ᠪᠠ ᠪᠠᠷᠢᠯᠭ᠎ᠠ ᠶᠢᠨ | ᠠᠵᠢᠯ ᠤᠨ ᠠᠬᠢᠴᠠ ᠶᠢ ᠰᠢᠮᠳᠠᠭᠤᠯᠤᠨ ᠵᠢᠯᠣᠭᠤᠳᠪᠠ᠃ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠶᠠᠰᠤ ᠴᠢᠨᠠᠷ ᠤᠨ ᠠᠮᠤᠷ | ᠲᠦᠪᠰᠢᠨ ᠤ ᠲᠥᠪ ᠤᠨ ᠠᠶᠤᠯ ᠥᠬᠡᠶ ᠦᠢᠯᠡᠳᠪᠦᠷᠢᠯᠡᠯ ᠤᠨ ᠲᠤᠰᠬᠠᠶ ᠮᠡᠷᠭᠡᠵᠢᠯᠲᠡᠨ ᠢ ᠤᠷᠢᠵᠤ ᠬᠠᠮᠲᠤ ᠪᠠᠷ | ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠤᠷᠢᠳ ᠬᠤᠵᠢᠳ ᠳᠠᠭᠠᠯᠲᠠ ᠪᠠᠷᠢᠯᠭ᠎ᠠ ᠶᠢᠨ ᠲᠥᠬᠦᠭᠡᠷᠦᠮᠵᠢ ᠶᠢᠨ | ᠠᠵᠢᠯᠯᠠᠭᠠᠨ ᠤ ᠪᠠᠶᠢᠳᠠᠯ ᠵᠢᠴᠢ ᠠᠬᠤᠶ ᠲᠠᠯᠠᠪᠠᠶ ᠳᠤ ᠠᠮᠤᠷ ᠲᠦᠪᠰᠢᠨ ᠤ ᠪᠠᠶᠢᠴᠠᠭᠠᠯᠲᠠ ᠬᠢᠪᠠ᠃ | | | | | | | | | | | |