| | ᠴᠤᠭᠯᠠᠷᠠᠯ ᠤᠨ ᠪᠦᠷᠢᠶ᠎ᠡ ᠶᠢ ᠦᠯᠢᠶᠡᠵᠦ᠂ ᠬᠥᠮᠦᠨ ᠪᠣᠯᠤᠨ ᠡᠯᠡᠰᠦᠨ ᠴᠥᠯ ᠤᠨ ᠵᠠᠮ ᠤᠨ ᠤᠷᠲᠤ ᠤᠳᠠᠭᠠᠨ | ᠠᠶᠠᠨ ᠵᠠᠮ ᠳᠡᠭᠡᠷ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ ᠺᠠᠳ᠋ᠷ | ᠣᠯᠠᠨ ᠲᠦᠮᠡᠨ ᠭᠠᠷ ᠬᠤᠯᠪᠣᠨ ᠡᠷᠡᠯᠬᠡᠭᠯᠡᠨ ᠤᠷᠤᠭᠰᠢᠯᠠᠵᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠪᠠᠶᠢᠵᠤ᠂ | 10068 ᠮᠦ ᠡᠯᠡᠰᠦᠷᠬᠡᠭᠵᠢᠭᠰᠡᠨ ᠭᠠᠵᠠᠷ ᠰᠢᠷᠣᠢ ᠶᠢ ᠨᠣᠭᠤᠭᠠᠷᠠᠭᠤᠯᠵᠤ᠂ ᠡᠯᠡᠰᠦ ᠮᠠᠩᠬ᠎ᠠ ᠶᠢ ᠠᠯᠲᠠ | ᠪᠣᠯᠭᠠᠬᠤ ᠪᠠᠷ ᠲᠠᠩᠭᠠᠷᠢᠭᠯᠠᠪᠠ᠃ ᠳᠥᠷᠥᠯᠵᠢ ᠪᠠᠯᠭᠠᠰᠤᠨ ᠤ ᠶᠠᠮᠤᠨᠮᠣᠳᠣ ᠭᠠᠴᠠᠭᠠᠨ ᠤ ᠡᠯᠡᠰᠦᠷᠬᠡᠭ ᠭᠠᠵᠠᠷ ᠤᠨ | ᠵᠠᠰᠠᠯᠲᠠ ᠶᠢᠨ ᠣᠷᠣᠨ ᠤ ᠳᠣᠲᠣᠷ᠎ᠠ᠂ ᠠᠭᠤᠯᠠᠨ ᠳᠡᠭᠡᠷᠡᠬᠢ ᠬᠠᠭᠠᠰ ᠨᠠᠯᠠᠤ ᠭᠠᠵᠠᠷ ᠤᠨ ᠬᠡᠮᠵᠢᠶ᠎ᠡ ᠨᠢ ᠨᠢᠭᠡᠨᠲᠡ 45 | ᠭᠷᠠᠳᠦ᠋ᠰ ᠠᠴᠠ ᠳᠡᠭᠡᠭᠰᠢ ᠪᠣᠯᠵᠠᠢ᠂ ᠵᠠᠰᠠᠬᠤ ᠳᠤ ᠨᠡᠯᠢᠶᠡᠳ ᠬᠦᠴᠢᠷᠲᠡᠢ ᠪᠣᠯᠬᠤᠷ ᠡᠩ ᠤᠨ ᠲᠡᠷᠭᠡ ᠶᠠᠪᠤᠵᠤ ᠴᠢᠳᠠᠬᠤ | ᠦᠭᠡᠢ᠂ ᠡᠯᠡᠰᠦᠷᠬᠡᠭ ᠭᠠᠵᠠᠷ ᠤᠨ ᠭᠢᠨᠵᠢᠲᠦ ᠲᠡᠷᠭᠡ ᠨᠢ ᠴᠦ ᠵᠥᠪᠬᠡᠨ ᠠᠭᠤᠯᠠᠨ ᠪᠠᠯ ᠤᠨ ᠣᠷᠣᠨ ᠳᠡᠭᠡᠷ᠎ᠡ ᠶᠠᠪᠤᠵᠤ | ᠪᠣᠯᠤᠨ᠎ᠠ᠂ ᠪᠠᠶᠢᠷᠢᠯᠠᠭᠤᠯᠬᠤ᠂ ᠲᠡᠭᠡᠭᠡᠪᠦᠷᠢᠯᠡᠬᠦ ᠵᠡᠷᠭᠡ ᠠᠵᠢᠯ ᠢ ᠵᠥᠪᠬᠡᠨ ᠬᠥᠮᠦᠨ ᠤ ᠬᠦᠴᠦ ᠪᠠᠷ ᠪᠡᠶᠡᠯᠡᠭᠦᠯᠵᠦ | ᠪᠣᠯᠤᠨ᠎ᠠ᠂ ᠡᠨᠡ ᠨᠢ ᠡᠯᠡᠰᠦᠨ ᠬᠠᠯᠬᠠᠪᠴᠢ ᠳᠡᠪᠢᠰᠬᠦ ᠠᠵᠢᠯ ᠢ ᠨᠢᠭᠡᠨ ︽ᠬᠠᠲᠠᠭᠤ ᠪᠡᠷᠬᠡ︾ ᠪᠣᠯᠭᠠᠪᠠ᠃ | ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠪᠣᠯᠤᠨ ᠣᠢ ᠰᠢᠭᠤᠢ ᠶᠢᠨ ᠲᠠᠯᠠᠪᠠᠢ ᠶᠢᠨ ᠠᠵᠢᠯᠲᠠᠳ ᠡᠯᠡᠰᠦ ᠶᠢ | ᠵᠠᠰᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠠᠭᠤᠯᠠᠨ ᠳᠤ ᠭᠠᠷᠴᠤ ᠡᠯᠡᠰᠦ ᠮᠠᠩᠬ᠎ᠠ ᠶᠢ ᠵᠠᠰᠠᠵᠤ᠂ ᠨᠠᠷᠠᠰᠤᠨ ᠮᠣᠳᠣ | ᠲᠠᠷᠢᠬᠤ᠂ ᠭᠠᠵᠠᠷ ᠰᠢᠷᠣᠢ ᠶᠢ ᠲᠡᠭᠰᠢᠯᠡᠬᠦ ᠵᠡᠷᠭᠡ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠪᠡᠶᠡᠯᠡᠭᠦᠯᠵᠦ᠂ | ᠣᠯᠠᠨ ᠢᠶᠠᠷ ᠢᠶᠠᠨ ᠬᠠᠷᠢᠯᠴᠠᠨ ᠬᠠᠮᠵᠢᠯᠴᠠᠵᠤ᠂ ᠵᠥᠭᠡᠭᠡᠪᠦᠷᠢᠯᠡᠬᠦ᠂ ᠱᠤᠭᠤᠮ ᠵᠢᠷᠤᠬᠤ᠂ ᠳᠡᠪᠢᠰᠬᠦ᠂ ᠪᠤᠯᠠᠬᠤ ᠵᠡᠷᠭᠡ | ᠠᠵᠢᠯ ᠢ ᠨᠢᠭᠡ ᠯᠡ ᠠᠮᠢᠰᠬᠤᠭ᠎ᠠ ᠪᠠᠷ ᠪᠡᠶᠡᠯᠡᠭᠦᠯᠵᠦ᠂ ᠲᠤᠬᠠᠢ ᠶᠢᠨ ᠲᠠᠯᠠᠪᠤᠷ ᠲᠤ ᠬᠠᠯᠠᠭᠤᠨ ᠠᠭᠤᠷ ᠠᠮᠢᠰᠬᠤᠯ ᠢᠶᠠᠷ | ᠪᠢᠯᠬᠠᠨ᠎ᠠ᠃ ᠬᠡᠳᠦ᠋ᠢᠪᠡᠷ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠶᠠᠭᠠᠷᠠᠤ ᠴᠠᠭ ᠦᠶ᠎ᠡ ᠪᠠᠶᠢᠭ᠎ᠠ ᠪᠣᠯᠪᠠᠴᠤ | ᠮᠠᠰᠢ ᠣᠯᠠᠨ ᠮᠠᠯᠴᠢᠨ ᠲᠠᠷᠢᠶᠠᠴᠢᠨ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠲᠤᠬᠠᠢ ᠶᠢᠨ ᠲᠠᠯᠠᠪᠤᠷ ᠲᠤ ᠬᠦᠷᠴᠦ᠂ | ᠡᠯᠡᠰᠦ ᠶᠢ ᠰᠡᠷᠭᠡᠶᠢᠯᠡᠨ ᠵᠠᠰᠠᠬᠤ ᠠᠵᠢᠯ ᠳᠤ ᠣᠷᠣᠯᠴᠠᠪᠠ᠃ ᠶᠠᠮᠤᠨᠮᠣᠳᠣ ᠭᠠᠴᠠᠭᠠᠨ ᠳᠤ ᠰᠠᠭᠤᠵᠤ ᠪᠠᠶᠢᠭ᠎ᠠ ᠮᠠᠯᠴᠢᠨ | ᠲᠠᠷᠢᠶᠠᠴᠢᠨ ᠴᠧᠨ ᠴᠠᠩ ᠪᠣᠯ ᠲᠡᠳᠡᠨ ᠤ ᠳᠣᠲᠣᠷᠠᠬᠢ ᠨᠢᠭᠡ ᠪᠣᠯᠤᠨ᠎ᠠ᠂ ᠬᠡᠳᠦ᠋ᠢᠪᠡᠷ ᠨᠢᠭᠡ ᠦᠳᠡ ᠶᠢᠨ ᠡᠮᠦᠨ᠎ᠡ | ᠶᠠᠭᠠᠷᠠᠯᠳᠤᠭᠰᠠᠨ ᠪᠣᠯᠪᠠᠴᠤ ᠲᠡᠭᠦᠨ ᠤ ᠡᠷᠴᠢ ᠵᠣᠷᠢᠭ ᠨᠢ ᠪᠠᠭᠤᠷᠠᠭᠰᠠᠨ ᠦᠭᠡᠢ᠄ ︽ᠠᠳᠠ ᠠᠵᠢᠯ ᠬᠢᠭᠡᠳ ᠪᠠᠰᠠ | ᠠᠷᠪᠠ ᠭᠠᠷᠤᠢ ᠡᠳᠦᠷ ᠪᠣᠯᠵᠠᠢ᠂ ᠡᠳᠦᠷ ᠪᠦᠷᠢ ᠲᠠᠷᠢᠶᠠᠨ ᠭᠠᠵᠠᠷ ᠲᠤ ᠶᠠᠭᠠᠷᠠᠪᠠᠯ ᠠᠳᠡ ᠢᠷᠡᠨ᠎ᠡ᠂ ᠬᠡᠳᠦ᠋ᠢᠪᠡᠷ | ᠶᠠᠳᠠᠷᠠᠭᠰᠠᠨ ᠪᠣᠯᠪᠠᠴᠤ ᠨᠤᠲᠤᠭ ᠤᠰᠤᠨ ᠳᠠᠭᠠᠨ ᠬᠤᠪᠢ ᠨᠡᠮᠡᠷᠢ ᠦᠵᠡᠭᠦᠯᠦᠨ᠎ᠡ᠂ ᠥᠪᠡᠷ ᠤᠨ ᠣᠷᠣᠨ | ᠰᠠᠭᠤᠴᠠ ᠶᠢᠨ ᠣᠷᠴᠢᠨ ᠲᠣᠭᠤᠷᠢᠨ ᠨᠢ ᠤᠯᠠᠮ ᠠᠴᠠ ᠤᠯᠠᠮ ᠰᠠᠶᠢᠵᠢᠷᠠᠵᠤ ᠴᠢᠳᠠᠨ᠎ᠠ᠂ ᠥᠪᠡᠷ ᠤᠨ ᠣᠷᠣᠨ | ᠰᠠᠭᠤᠴᠠ ᠶᠢᠨ ᠣᠷᠴᠢᠨ ᠲᠣᠭᠤᠷᠢᠨ ᠨᠢ ᠴᠦ ᠤᠯᠠᠮ ᠠᠴᠠ ᠤᠯᠠᠮ ᠰᠠᠶᠢᠵᠢᠷᠠᠵᠤ ᠴᠢᠳᠠᠨ᠎ᠠ᠂ ᠮᠠᠰᠢ ᠶᠡᠭᠡ ᠠᠵᠢᠯᠯᠠᠬᠤ | ᠬᠦᠰᠡᠯ ᠲᠠᠢ︾ ᠭᠡᠵᠦ ᠪᠣᠳᠣᠳᠠᠭ᠃ | ᠨᠠᠷᠠᠰᠤᠨ ᠮᠣᠳᠣ ᠲᠠᠷᠢᠬᠤ ᠲᠤᠬᠠᠢ ᠶᠢᠨ ᠲᠠᠯᠠᠪᠠᠢ ᠳᠤ᠂ ᠠᠵᠢᠯᠴᠢᠨ ᠪᠣᠯ ᠣᠶᠢᠷ᠎ᠠ ᠬᠠᠪᠢ ᠶᠢᠨ ᠭᠠᠴᠠᠭᠠᠨ ᠤ | ᠡᠮᠡᠭᠲᠡᠶᠢᠴᠦᠳ ᠢᠶᠠᠷ ᠪᠦᠷᠢᠯᠳᠦᠭᠰᠡᠨ ︽ᠬᠠᠳᠠᠨ ᠴᠡᠷᠢᠭ︾ ᠮᠥᠨ᠃ ᠣᠯᠠᠨ ᠢᠶᠠᠷ ᠢᠶᠠᠨ ᠬᠤᠶᠠᠷ ᠭᠤᠷᠪᠠᠨ ᠬᠥᠮᠦᠨ | ᠨᠢᠭᠡ ᠳᠤᠭᠤᠶᠢᠯᠠᠩ ᠪᠠᠶᠢᠭᠤᠯᠵᠤ᠂ ᠨᠦᠬᠡ ᠮᠠᠯᠲᠠᠬᠤ᠂ ᠴᠢᠬᠢ ᠰᠠᠭᠤᠯᠭᠠᠬᠤ᠂ ᠡᠭᠡᠭᠦᠯᠦᠨ ᠪᠥᠭᠯᠡᠬᠦ᠂ ᠭᠢᠰᠬᠢᠬᠦ ᠵᠡᠷᠭᠡ | ᠠᠵᠢᠯ ᠢ ᠡᠮᠬᠢ ᠴᠡᠭᠴᠡ ᠲᠠᠢ ᠬᠢᠵᠦ᠂ ᠵᠥᠪᠬᠡᠨ 3 ᠡᠳᠦᠷ ᠤᠨ ᠬᠤᠭᠤᠴᠠᠭᠠᠨ ᠳᠤ ᠨᠢᠭᠡᠨᠲᠡ 177 ᠮᠦ ᠨᠠᠷᠠᠰᠤᠨ | ᠮᠣᠳᠣ ᠲᠠᠷᠢᠵᠠᠢ᠃ ᠵᠢᠯᠣᠭᠤᠴᠢ ᠦᠭᠡᠢ ᠨᠢᠰᠬᠡᠯ ᠢᠶᠠᠷ ᠡᠯᠡᠰᠦᠷᠬᠡᠭ ᠭᠠᠵᠠᠷ ᠤᠨ ᠥᠨᠳᠥᠷ ᠠᠴᠠ ᠳᠣᠷᠣᠭᠰᠢ ᠬᠠᠷᠠᠵᠤ᠂ | ᠢᠯᠡ ᠲᠣᠳᠣ ᠲᠣᠣᠷᠯᠢᠭ ᠡᠯᠡᠰᠦᠨ ᠬᠠᠯᠬᠠᠪᠴᠢ ᠬᠢᠭᠡᠳ ᠲᠠᠰᠤᠷᠠᠯᠲᠠ ᠦᠭᠡᠢ ᠡᠯᠡᠰᠦᠨ ᠳᠣᠪᠣᠴᠠᠭ ᠳᠡᠭᠡᠷ᠎ᠡ | ᠰᠢᠭᠢᠳᠬᠡᠵᠦ᠂ ᠶᠠᠭ ᠯᠠ ᠡᠯᠡᠰᠦᠷᠬᠡᠭ ᠭᠠᠵᠠᠷ ᠲᠤ ᠯᠤᠲᠤ ᠶᠡᠭᠡ ᠬᠡᠪᠢᠰ ᠪᠦᠷᠬᠦᠵᠦ᠂ ᠮᠠᠩᠬᠠᠨ ᠰᠢᠷ᠎ᠠ ᠡᠯᠡᠰᠦ ᠶᠢ | ᠪᠠᠲᠤ ᠣᠨᠢᠰᠤᠯᠠᠭᠰᠠᠨ ᠰᠢᠭ᠋ ᠰᠠᠨᠠᠭᠳᠠᠨ᠎ᠠ᠃ ᠴᠡᠯ ᠨᠣᠭᠤᠭᠠᠨ ᠨᠠᠷᠠᠰᠤᠨ ᠤ ᠵᠤᠯᠵᠠᠭ᠎ᠠ ᠮᠣᠳᠣᠨ ᠤ ᠨᠢᠯᠬ᠎ᠠ ᠴᠢᠬᠢ ᠨᠢ | ᠶᠠᠭ ᠯᠠ ᠨᠣᠭᠤᠭᠠᠨ ᠠᠯᠴᠢᠭᠤᠷ ᠰᠢᠭ ᠢᠶᠠᠷ ᠡᠯᠡᠰᠦᠷᠬᠡᠭ ᠭᠠᠵᠠᠷ ᠲᠤ ᠨᠣᠭᠤᠭᠠᠨ ᠥᠩᠭᠡ ᠨᠡᠮᠡᠵᠦ᠃ ᠡᠨᠡ ᠬᠦ | ᠠᠭᠤᠯᠠᠨ ᠬᠤᠷᠮᠣᠢ ᠳᠤ ᠰᠠᠶ᠋ᠢᠬᠠᠨ ᠲᠠᠷᠢᠭᠰᠠᠨ ᠬᠠᠷᠭᠠᠨ᠎ᠠ ᠬᠠᠷᠭᠠᠨ᠎ᠠ ᠶᠢᠨ ᠰᠢᠨ᠎ᠡ ᠨᠠᠬᠢᠶ᠎ᠠ ᠭᠠᠷᠴᠤ ᠡᠨᠡ ᠬᠦ ᠰᠢᠷ᠎ᠠ | ᠡᠯᠡᠰᠦᠨ ᠳᠣᠪᠣᠷᠬᠠᠭ ᠢ ᠳᠠᠬᠢᠨ ᠠᠮᠢᠯᠠᠭᠤᠯᠤᠨ ᠠᠮᠢᠯᠠᠭᠤᠯᠤᠨ᠎ᠠ᠃ ᠳᠥᠷᠥᠯᠵᠢ ᠪᠠᠯᠭᠠᠰᠤᠨ ᠤ ᠳᠡᠳ᠋ ᠳᠠᠷᠤᠭ᠎ᠠ | ᠰᠠᠶᠢᠨᠳᠡᠯᠭᠡᠷ ᠬᠡᠯᠡᠬᠦ ᠳᠡᠭᠡᠨ᠄ ︽ᠣᠳᠣᠬᠠᠨ ᠳᠤ᠂ ᠪᠦᠬᠦ ᠪᠠᠯᠭᠠᠰᠤᠨ ᠤ ᠲᠠᠷᠢᠬᠤ ᠲᠠᠯᠠᠪᠠᠢ 9814 ᠮᠦ ᠳᠤ ᠬᠦᠷᠴᠡᠢ᠂ | ᠡᠭᠦᠨ ᠳᠤ ᠣᠯᠠᠩᠬᠢ ᠨᠢ ᠨᠠᠷᠢᠨ ᠨᠠᠪᠴᠢᠲᠤ ᠬᠠᠷᠭᠠᠨ ᠢᠶᠠᠷ ᠭᠤᠣᠯ ᠪᠣᠯᠭᠠᠵᠤ ᠪᠠᠶᠢᠨ᠎ᠠ᠃ ᠨᠠᠷᠠᠰᠤᠨ ᠮᠣᠳᠣ᠂ | ᠡᠯᠡᠰᠦᠨ ᠬᠠᠯᠬᠠᠪᠴᠢ ᠵᠡᠷᠭᠡ ᠲᠠᠷᠢᠮᠠᠯ ᠤᠨ ᠡᠭᠦᠷᠭᠡ ᠴᠦ ᠶᠠᠭ ᠴᠠᠭ ᠨᠡᠮᠡᠵᠦ ᠠᠵᠢᠯᠯᠠᠨ ᠶᠠᠪᠤᠭᠳᠠᠵᠤ᠂ ᠰᠢᠨ᠎ᠡ | ᠴᠢᠬᠢ ᠶᠢᠨ ᠭᠦᠢᠴᠡᠳ ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠶᠢ ᠪᠠᠲᠤᠯᠠᠵᠤ ᠪᠠᠶᠢᠨ᠎ᠠ︾ ᠭᠡᠵᠦ ᠬᠡᠯᠡᠪᠡ᠃ | |