| | ᠣᠶᠢᠷ᠎ᠠ ᠳᠤ᠂ ᠡᠳ᠋ ᠤᠨ ᠵᠠᠰᠠᠭ ᠤᠨ ᠶᠠᠮᠤᠨ ᠤ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠶ ᠣᠷᠴᠢᠨ | ᠲᠣᠭᠤᠷᠢᠨ ᠤ ᠵᠤᠷᠭᠠᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠠᠮᠢ ᠠᠬᠤᠶ ᠶᠢ ᠰᠡᠷᠭᠦᠭᠡᠬᠦ ᠵᠤᠷᠭᠠᠨ ᠤ ᠲᠥᠷᠥᠯ ᠵᠦᠢᠯ ᠤᠨ ᠨᠡᠷᠡᠰ ᠢ ᠨᠡᠶᠢᠲᠡᠯᠡᠵᠦ᠂ ᠪᠠᠶᠠᠨᠨᠠᠭᠤᠷ | ᠬᠤᠲᠠ ᠶᠢᠨ ᠵᠣᠬᠢᠶᠠᠨ ᠪᠠᠶᠢᠭᠤᠯᠵᠤ ᠮᠡᠳᠡᠭᠦᠯᠦᠭᠰᠡᠨ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ︵ᠪᠠᠶᠠᠨᠨᠠᠭᠤᠷ | ᠬᠤᠲᠠ︶ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ | ᠵᠢᠱᠢᠶ᠎ᠡ ᠦᠵᠡᠭᠦᠯᠬᠦ ᠢᠨᠵᠧᠨᠧᠷᠢᠩ ᠤᠨ ᠨᠡᠷᠡᠰ ᠲᠤ ᠣᠷᠣᠵᠤ᠂ ᠲᠥᠪ ᠤᠨ ᠡᠳ᠋ ᠤᠨ ᠵᠠᠰᠠᠭ ᠤᠨ 3 ᠳ᠋ᠦᠩᠰᠢᠭᠤᠷ | ᠲᠥᠭᠦᠷᠢᠭ ᠤᠨ ᠪᠠᠯᠠ ᠮᠥᠩᠭᠦ ᠶᠢ ᠤᠯᠬᠤ ᠪᠠᠷ ᠴᠢᠷᠮᠠᠶᠢᠪᠠ᠃ | ᠣᠶᠢᠯᠠᠭᠠᠭᠰᠠᠨ ᠢᠶᠠᠷ᠂ ᠲᠣᠰ ᠵᠢᠱᠢᠶ᠎ᠡ ᠦᠵᠡᠭᠦᠯᠬᠦ ᠢᠨᠵᠧᠨᠧᠷᠢᠩ ᠨᠢ ᠤᠮᠠᠷᠠᠲᠤ ᠶᠢᠨ ᠡᠯᠡᠰᠦ ᠶᠢ ᠰᠡᠷᠭᠡᠶᠢᠯᠡᠬᠦ | ᠪᠦᠰᠡ ᠶᠢᠨ ᠭᠤᠤᠯ ᠣᠷᠣᠨ ᠳᠤ ᠪᠠᠶᠢᠷᠢᠯᠠᠵᠤ᠂ ᠪᠥᠬᠦ ᠤᠯᠤᠰ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ | ᠵᠠᠰᠠᠬᠤ ᠬᠠᠲᠤᠨ ᠭᠤᠤᠯ ᠤᠨ ︽ᠤᠭᠠᠯᠵᠠ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠤᠯ | ᠲᠡᠶᠢᠨ ᠤ ᠲᠠᠯᠠᠪᠤᠷ ᠮᠥᠨ᠂ ᠤᠷᠠᠳ ᠤᠨ ᠡᠮᠦᠨᠡᠲᠦ ᠬᠤᠰᠢᠭᠤ᠂ ᠤᠷᠠᠳ ᠤᠨ ᠳᠤᠮᠳᠠᠳᠤ ᠬᠤᠰᠢᠭᠤᠨ ᠤ 79 | ᠵᠢᠷᠤᠭ ᠲᠣᠯᠪᠤ ᠲᠠᠢ ᠬᠤᠯᠪᠣᠭᠳᠠᠵᠤ᠂ ᠵᠢᠷᠤᠭ ᠤᠨ ᠲᠣᠯᠪᠤ ᠶᠢᠨ ᠲᠠᠯᠠᠪᠠᠶ ᠨᠢ ᠨᠡᠶᠢᠲᠡ 14.56 ᠲᠡᠭᠰᠢ ᠳᠥᠷᠪᠡᠯᠵᠢᠨ | ᠺᠢᠯᠣᠮᠧᠳ᠋ᠷ ︵ᠡᠭᠦᠨ ᠳᠤ ᠲᠥᠪ ᠤᠨ ᠡᠳ᠋ ᠤᠨ ᠵᠠᠰᠠᠭ ᠤᠨ ᠪᠠᠯᠠ ᠮᠥᠩᠭᠦ 3 ᠳ᠋ᠦᠩᠰᠢᠭᠤᠷ ᠲᠥᠭᠦᠷᠢᠭ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠢᠵᠢ ᠪᠥᠷᠢᠳᠦᠭᠦᠯᠬᠦ ᠪᠠᠯᠠ ᠮᠥᠩᠭᠦ 0.5 ᠳ᠋ᠦᠩᠰᠢᠭᠤᠷ | ᠲᠥᠭᠦᠷᠢᠭ᠂ ᠣᠷᠣᠨ ᠨᠤᠲᠤᠭ ᠤᠨ ᠡᠳ᠋ ᠤᠨ ᠵᠠᠰᠠᠭ ᠤᠨ ᠢᠵᠢ ᠪᠥᠷᠢᠳᠦᠭᠦᠯᠬᠦ ᠪᠠᠯᠠ ᠮᠥᠩᠭᠦ 1. 92 | ᠳ᠋ᠦᠩᠰᠢᠭᠤᠷ ᠲᠥᠭᠦᠷᠢᠭ︶ ᠪᠣᠯᠤᠨ᠎ᠠ᠃ ᠮᠠᠨ ᠤ ᠬᠤᠲᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠦᠨ᠂ ᠮᠡᠷᠭᠡᠵᠢᠯ ᠤᠨ ᠪᠠᠲᠤᠯᠠᠭ᠎ᠠ ᠪᠠᠨ | ᠴᠢᠩᠭᠠᠳᠬᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠡᠭᠦᠷᠭᠡ ᠪᠠᠨ | ᠨᠠᠷᠢᠯᠢᠬᠵᠢᠭᠤᠯᠤᠨ ᠵᠠᠳᠠᠯᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ | ᠠᠵᠢᠯᠯᠠᠵᠤ᠂ ᠵᠢᠱᠢᠶ᠎ᠡ ᠦᠵᠡᠭᠦᠯᠬᠦ ᠢᠨᠵᠧᠨᠧᠷᠢᠩ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠠᠬᠢᠭᠤᠯᠬᠤ ᠶᠢ | ᠦᠨᠡᠨ ᠬᠦ ᠪᠠᠲᠤᠯᠠᠨ᠎ᠠ ᠭᠡᠵᠡᠢ᠃ | |