ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︽ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ︾ ᠲᠤᠰᠬᠠᠶ ᠰᠡᠳᠦᠪᠲᠦ ᠲᠠᠶᠢᠯᠤᠮᠵᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/6/18
    ᠰᠢᠨᠵᠢᠯᠡᠬᠦ ᠤᠬᠠᠭᠠᠨᠲᠠᠳ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠣᠶ ᠰᠢᠭᠤᠶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠯᠭᠡᠷᠡᠭᠦᠯᠦᠯᠲᠡ ᠶᠢ ᠠᠬᠢᠭᠤᠯᠬᠤ ᠶᠢᠨ ᠲᠥᠯᠥᠭᠡ᠂ ᠮᠠᠨ ᠤ ᠲᠣᠪᠴᠢᠶ᠎ᠠ 5 ᠰᠠᠷ᠎ᠠ ᠶᠢᠨ 29᠎ ᠤ ᠡᠳᠦᠷ ᠥᠪᠥᠷ ᠮᠣᠩᠭᠤᠯ ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ︽ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ︾ ᠲᠤᠰᠬᠠᠶ ᠰᠡᠳᠦᠪᠲᠦ ᠲᠠᠶᠢᠯᠤᠮᠵᠢ ᠶᠠᠪᠤᠭᠳᠠᠭᠤᠯᠵᠤ᠂ ᠲᠣᠰ ᠤᠳᠠᠭᠠᠨ ᠤ ᠪᠣᠯᠪᠠᠰᠤᠷᠠᠭᠤᠯᠤᠯ ᠳᠤ ᠨᠡᠶᠢᠲᠡ 100 ᠭᠠᠷᠤᠶ ᠬᠥᠮᠦᠨ ᠣᠷᠣᠯᠴᠠᠪᠠ᠃ ᠲᠠᠶᠢᠯᠤᠮᠵᠢ ᠶᠢᠨ ᠠᠭᠤᠯᠭ᠎ᠠ ᠨᠢ ᠪᠠᠷᠢᠮᠵᠢᠶ᠎ᠠ ᠶᠢᠨ ᠲᠦᠢᠮᠣ ᠪᠠᠶᠢᠳᠠᠯ᠂ ᠪᠠᠷᠢᠮᠵᠢᠶ᠎ᠠ ᠲᠣᠭᠲᠠᠭᠠᠬᠤ ᠴᠤᠪᠤᠷᠠᠯ᠂ ᠮᠡᠷᠭᠡᠵᠢᠯ ᠤᠨ ᠪᠠᠷᠢᠮᠵᠢᠶ᠎ᠠ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ ᠪᠠᠷᠢᠮᠵᠢᠶ᠎ᠠ ᠨᠡᠶᠢᠲᠡᠯᠡᠬᠦ ᠵᠢᠴᠢ ᠬᠡᠷᠡᠭ ᠤᠨ ᠵᠢᠱᠢᠶ᠎ᠡ ᠶᠢᠨ ᠵᠠᠳᠠᠯᠤᠯᠲᠠ ᠵᠡᠷᠭᠡ ᠲᠠᠯ᠎ᠠ ᠶᠢᠨ ᠲᠣᠭᠤᠷᠢᠨ ᠳᠤ᠂ ᠣᠶ ᠰᠢᠭᠤᠶ ᠨᠤᠲᠤᠭ ᠪᠡᠯᠴᠢᠭᠡᠷ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠬᠠᠮᠢᠶ᠎ᠠ ᠪᠥᠬᠦᠶ ᠠᠩᠬᠠᠷᠬᠤ ᠵᠦᠢᠯ ᠪᠠ ᠮᠡᠷᠭᠡᠵᠢᠯ ᠤᠨ ᠠᠰᠠᠭᠤᠳᠠᠯ ᠢ ᠨᠠᠷᠢᠨ ᠲᠠᠶᠢᠯᠪᠤᠷᠢᠯᠠᠵᠠᠶ᠃    ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠲᠠᠶᠢᠯᠤᠮᠵᠢ ᠶᠢᠨ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ᠣᠨᠣᠯ ᠢ ᠪᠣᠳᠠᠲᠠᠶ ᠲᠠᠢ ᠨᠢᠭᠲᠠ ᠤᠶᠠᠯᠳᠤᠭᠤᠯᠤᠨ᠂ ᠲᠥᠬᠦᠮ ᠣᠶᠢᠯᠠᠭᠠᠮᠵᠢᠲᠠᠶ ᠪᠠᠶᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠰᠡᠩᠬᠡᠷᠡᠭᠦᠯᠦᠯ ᠤᠨ ᠴᠢᠨᠠᠷ ᠲᠠᠢ ᠪᠠᠶᠢᠳᠠᠭ᠃ ᠲᠣᠰ ᠤᠳᠠᠭᠠᠨ ᠤ ᠪᠣᠯᠪᠠᠰᠤᠷᠠᠭᠤᠯᠤᠯ ᠨᠢ ᠲᠤᠰᠬᠠᠶ ᠮᠡᠷᠭᠡᠵᠢᠯ ᠤᠨ ᠠᠵᠢᠯᠲᠠᠨ ᠤ ᠬᠠᠷᠠᠭ᠎ᠠ ᠶᠢ ᠥᠷᠭᠡᠳᠬᠡᠵᠦ᠂ ᠰᠡᠳᠬᠢᠬᠦᠶ ᠶᠢ ᠬᠥᠭᠵᠢᠭᠡᠬᠦ ᠶᠢᠨ ᠬᠠᠮᠲᠤ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠮᠠᠨ ᠤ ᠣᠷᠣᠨ ᠤ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃
W020240617417907595122.jpg
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号