ᠪᠥᠬᠦ ᠣᠷᠣᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2024/6/19
        ᠪᠥᠬᠦ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠣᠶ ᠰᠢᠭᠤᠶ ᠨᠤᠲᠤᠭ ᠪᠡᠯᠴᠢᠭᠡᠷ ᠢ ᠡᠪᠳᠡᠵᠦ ᠰᠦᠢᠳᠬᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠴᠡᠭᠴᠡᠯᠡᠨ ᠵᠠᠰᠠᠵᠤ᠂ ᠲᠤᠰᠬᠠᠶ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠂ ᠣᠲᠣ ᠠᠰᠠᠭᠤᠳᠠᠯ ᠤᠨ ᠰᠦᠪᠡᠭᠴᠢ ᠶᠢ ᠨᠡᠶᠢᠲᠡᠯᠡᠵᠦ ᠢᠯᠡᠴᠢᠯᠡᠨ ᠵᠠᠭᠠᠯᠳᠤᠬᠤ ᠤᠲᠠᠰᠤ ᠪᠠ ᠢᠮᠧᠯ ᠢ ᠨᠡᠶᠢᠲᠡᠯᠡᠶ᠎ᠡ᠄     ᠨᠢᠭᠡ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ     ︵ᠨᠢᠭᠡ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠨᠡᠭᠡᠭᠡᠯᠲᠡ ᠶᠢᠨ ᠲᠣᠭᠤᠷᠢᠭ︶᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠡᠯ᠎ᠡ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠨᠢ ᠬᠠᠤᠯᠢ ᠲᠣᠭᠲᠠᠭᠠᠯ ᠠᠴᠠ ᠵᠥᠷᠢᠴᠡᠨ ᠣᠶᠢᠲᠤ ᠭᠠᠵᠠᠷ ᠨᠤᠲᠤᠭ ᠪᠡᠯᠴᠢᠭᠡᠷ ᠢ ᠡᠵᠡᠯᠡᠨ ᠬᠡᠷᠡᠭᠯᠡᠵᠦ᠂ ᠳᠤᠲᠠᠭᠤ ᠵᠥᠪᠰᠢᠶᠡᠷᠡᠭᠦᠯᠦᠭᠡᠳ ᠢᠯᠡᠭᠦᠦ ᠡᠵᠡᠯᠡᠵᠦ᠂ ᠵᠥᠪᠰᠢᠶᠡᠷᠡᠭᠰᠡᠨ ᠬᠦᠷᠢᠶ᠎ᠡ ᠬᠡᠪᠴᠢᠶ᠎ᠡ ᠶᠣᠰᠣᠭᠠᠷ ᠣᠶᠢᠲᠤ ᠭᠠᠵᠠᠷ ᠨᠤᠲᠤᠭ ᠪᠡᠯᠴᠢᠭᠡᠷ ᠢ ᠬᠡᠷᠡᠭᠯᠡᠭᠰᠡᠨ ᠥᠬᠡᠶ᠃    ︵ᠬᠤᠶᠠᠷ︶ ᠬᠠᠦᠯᠢ ᠲᠣᠭᠲᠠᠭᠠᠯ ᠢ ᠵᠥᠷᠢᠴᠡᠨ ᠣᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠤᠷᠢᠯᠠᠵᠤ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠣᠰᠣᠭᠠᠷ ᠤᠷᠭᠤᠮᠠᠯ ᠤᠨ ᠬᠤᠴᠢᠯᠭ᠎ᠠ ᠪᠠ ᠣᠶ ᠰᠢᠭᠤᠶ ᠨᠤᠲᠤᠭ ᠪᠡᠯᠴᠢᠭᠡᠷ ᠢ ᠴᠠᠭ ᠲᠤᠬᠠᠶ ᠳᠤᠨᠢ ᠰᠡᠷᠭᠦᠭᠡᠭᠰᠡᠨ ᠥᠬᠡᠶ᠃     ︵ᠭᠤᠷᠪᠠ︶ ᠲᠦᠷ ᠴᠠᠭ ᠡᠵᠡᠯᠡᠨ ᠬᠡᠷᠡᠭᠯᠡᠬᠦ ᠨᠡᠷ᠎ᠡ ᠪᠠᠷ ᠣᠶᠢᠲᠤ ᠭᠠᠵᠠᠷ ᠨᠤᠲᠤᠭ ᠪᠡᠯᠴᠢᠭᠡᠷ ᠢ ᠬᠡᠷᠡᠭᠯᠡᠬᠦ  ᠭᠦᠢᠴᠡᠳᠬᠡᠯ ᠢ ᠭᠦᠢᠴᠡᠳᠬᠡᠵᠦ᠂ ᠬᠤᠭᠤᠴᠠᠭ᠎ᠠ ᠨᠢ ᠬᠡᠲᠤᠷᠡᠭᠰᠡᠨ ᠴᠤ ᠪᠤᠴᠠᠭᠠᠭᠰᠠᠨ ᠦᠭᠡᠢ᠃    ︵ᠲᠦᠷᠪᠡ︶ ᠮᠣᠳᠣ ᠣᠭᠲᠣᠯᠬᠤ ᠭᠠᠷ ᠭᠦᠢᠴᠡᠳᠬᠡᠯ ᠬᠢᠭᠰᠡᠨ ᠦᠭᠡᠢ ᠪᠠᠷ ᠣᠶᠢᠲᠤ ᠭᠠᠵᠠᠷ ᠳᠡᠭᠡᠷᠡᠬᠢ ᠤᠢ ᠮᠣᠳᠣ ᠶᠢ ᠳᠤᠷ᠎ᠠ ᠪᠠᠷ ᠢᠶᠠᠨ ᠬᠤᠯᠠᠭᠠᠶᠢᠯᠠᠨ ᠣᠭᠲᠣᠯᠤᠭᠰᠠᠨ᠂ ᠳᠤᠷ᠎ᠠ ᠪᠠᠷ ᠢᠶᠠᠨ ᠣᠭᠲᠣᠯᠤᠭᠰᠠᠨ᠂ ᠡᠪᠳᠡᠵᠦ ᠰᠦᠢᠳᠬᠡᠭᠰᠡᠨ᠂ ᠮᠣᠳᠣ ᠣᠭᠲᠣᠯᠤᠭᠰᠠᠨ ᠭᠠᠵᠠᠷ ᠢ ᠴᠠᠭ ᠲᠤᠬᠠᠢ ᠳᠤᠨᠢ  ᠰᠢᠨᠡᠭᠬᠡᠭᠰᠡᠨ ᠦᠭᠡᠢ ᠵᠡᠷᠭᠡ ᠠᠵᠢᠯᠯᠠᠭ᠎ᠠ ᠬᠢᠭᠰᠡᠨ᠃     ︵ᠲᠠᠪᠤ︶ ᠣᠶᠢᠲᠤ ᠭᠠᠵᠠᠷ ᠨᠤᠲᠤᠭ ᠪᠡᠯᠴᠢᠭᠡᠷ ᠲᠤ ᠠᠶᠤᠯᠲᠠᠶ ᠪᠣᠳᠠᠰ ᠭᠠᠳᠠᠭᠰᠢᠯᠠᠭᠤᠯᠤᠭᠰᠠᠨ᠂ ᠬᠤᠭ ᠨᠣᠪᠰᠢ ᠬᠠᠶᠠᠭᠰᠠᠨ᠂ ᠣᠶᠢᠲᠤ ᠭᠠᠵᠠᠷ ᠨᠤᠲᠤᠭ ᠪᠡᠯᠴᠢᠭᠡᠷ ᠢ ᠪᠤᠬᠢᠷᠳᠠᠭᠤᠯᠤᠭᠰᠠᠨ ᠵᠡᠷᠭᠡ᠃     ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠵᠠᠮ     ︵ᠨᠢᠭᠡ︶ ᠢᠯᠡᠴᠢᠯᠡᠨ ᠵᠠᠭᠠᠯᠳᠤᠬᠤ ᠤᠲᠠᠰᠤ᠄ 0471 - 3380338              0471- 380433 ︵ᠠᠵᠢᠯᠯᠠᠬᠤ ᠡᠳᠦᠷ ᠢᠯᠡᠴᠢᠯᠡᠨ ᠮᠡᠳᠡᠭᠦᠯᠡᠭᠡᠷᠡᠢ︶     ︵ᠬᠤᠶᠠᠷ︶ ᠢᠯᠡᠴᠢᠯᠡᠨ ᠮᠡᠳᠡᠭᠦᠯᠬᠦ ᠢᠮᠧᠯ᠄ lcjzxbgs @ 163 . com᠃     ︵ᠭᠤᠷᠪᠠ︶ ᠢᠯᠡᠴᠢᠯᠡᠨ ᠮᠡᠳᠡᠭᠦᠯᠬᠦ ᠵᠦᠢᠯᠡᠰ ᠢ ᠬᠦᠯᠢᠶᠡᠨ ᠠᠪᠬᠤ ᠭᠠᠵᠠᠷ ︵ᠵᠠᠬᠢᠳᠠᠯ︶᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠢᠨ ᠵᠢᠶᠠᠨ ᠵᠡᠭᠦᠨ ᠵᠡᠭᠡᠯᠢ ᠶᠢᠨ 23 ᠳ᠋ᠤᠭᠠᠷ     ᠥᠷᠭᠡᠨ ᠤᠯᠠᠨ ᠠᠷᠠᠳ ᠲᠦᠮᠡᠨ ᠤ ᠬᠢᠨᠠᠯᠲᠠ ᠲᠠᠯᠪᠢᠬᠤ ᠶᠢᠨ ᠬᠠᠮᠲᠤ ᠠᠰᠠᠭᠤᠳᠠᠯ ᠢ ᠦᠨᠡᠨ ᠮᠥᠨ ᠢᠶᠠᠷ ᠨᠢ ᠲᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠲᠡᠷᠡᠴᠢᠯᠡᠨ ᠬᠤᠯᠪᠣᠭᠳᠠᠯ ᠪᠦᠬᠦᠢ ᠠᠰᠠᠭᠤᠳᠠᠯ ᠤᠨ ᠪᠣᠳᠠᠲᠤ ᠪᠠᠶᠢᠳᠠᠯ ᠪᠠ ᠭᠡᠷᠡᠴᠢ ᠪᠠᠷᠢᠮᠲᠠ ᠶᠢ ᠠᠯᠢ ᠴᠢᠳᠠᠬᠤ ᠪᠠᠷ ᠦᠨᠡᠨ ᠮᠥᠨ ᠢᠶᠠᠷ ᠨᠢ ᠬᠠᠩᠭᠠᠬᠤ ᠬᠡᠷᠡᠭᠲᠡᠢ᠂ ᠵᠢᠱᠢᠶᠡᠯᠡᠪᠡᠯ ᠡᠭᠦᠰᠦᠭᠰᠡᠨ ᠴᠠᠭ᠂ ᠭᠠᠵᠠᠷ᠂ ᠬᠤᠯᠪᠣᠭᠳᠠᠭᠰᠠᠨ ᠨᠢᠭᠡᠴᠢ ᠪᠠ ᠬᠤᠪᠢ ᠬᠥᠮᠦᠨ᠂ ᠪᠠᠶᠢᠳᠠᠯ ᠢ ᠮᠡᠳᠡᠬᠦ ᠬᠥᠮᠦᠨ ᠵᠢᠴᠢ ᠪᠣᠳᠠᠰ ᠤᠨ ᠭᠡᠷᠡᠴᠢ ᠵᠡᠷᠭᠡ ᠪᠣᠯᠤᠨ᠎ᠠ᠃ ᠢᠯᠡᠴᠢᠯᠡᠨ ᠮᠡᠳᠡᠭᠦᠯᠦᠭᠴᠢ ᠲᠤᠰᠬᠠᠭᠰᠠᠨ ᠠᠰᠠᠭᠤᠳᠠᠯ ᠤᠨ ᠢᠶᠠᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠂ ᠪᠣᠳᠠᠲᠤ ᠬᠡᠷᠡᠭ ᠢ ᠬᠡᠲᠦᠷᠡᠭᠦᠯᠬᠦ ᠪᠤᠶᠤ ᠭᠠᠵᠢᠭᠤᠳᠠᠭᠤᠯᠵᠤ ᠪᠣᠯᠬᠤ ᠥᠬᠡᠶ᠂ ᠪᠤᠰᠤᠳ ᠢ ᠭᠦᠳᠬᠡᠨ ᠵᠠᠭᠠᠯᠳᠤᠵᠤ ᠪᠣᠯᠬᠤ ᠥᠬᠡᠶ᠃ ᠵᠣᠷᠢᠭᠤᠳᠠ ᠬᠡᠷᠡᠭ ᠤᠴᠢᠷ ᠵᠣᠬᠢᠶᠠᠵᠤ ᠪᠤᠰᠤᠳ ᠢ ᠭᠦᠳᠬᠡᠨ ᠭᠦᠵᠢᠷᠯᠡᠭᠰᠡᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ                     2024 ᠣᠨ ᠤ 6 ᠳ᠋ᠤᠭᠠᠷ ᠰᠠᠷ᠎ᠠ ᠶᠢᠨ 18᠎ ᠤ ᠡᠳᠦᠷ
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号