ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠵᠤᠷᠭᠠᠨ ᠤ ᠳᠠᠷᠤᠭ᠎ᠠ ᠯᠢ ᠶᠦᠩ ᠵᠢᠶᠦ᠋ᠨ ᠨᠡᠷ ᠮᠠᠨ ᠤ ᠣᠷᠣᠨ ᠳᠤ ᠢᠷᠡᠵᠦ ︽ᠤᠮᠠᠷᠠᠲᠤ ᠶᠢᠨ ᠭᠤᠷᠪᠠᠨ ᠤᠷᠤᠨ︾᠎ ᠎ ᠤ ᠢᠨᠵᠧᠨᠧᠷᠢᠩ ᠤᠨ ᠭᠤᠤᠯᠳᠠᠯᠭ᠎ᠠ ᠲᠠᠢ ᠲᠥᠷᠥᠯ ᠵᠦᠢᠯ ᠢ ᠲᠠᠭᠠᠭᠠᠴᠢᠯᠠᠭᠰᠠᠨ  ᠴᠢᠭ ᠲᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/6/19
         ᠶᠡᠷᠦᠩᠬᠡᠶ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠵᠤᠷᠭᠠᠨ ᠤ ᠳᠠᠷᠤᠭ᠎ᠠ ᠯᠢ ᠶᠦᠩ ᠵᠢᠶᠦ᠋ᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠰᠢᠯᠢ ᠶᠢᠨ ᠭᠤᠤᠯ ᠠᠶᠢᠮᠠᠭ ᠲᠤ ᠬᠦᠷᠴᠦ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠭᠤᠤᠯᠳᠠᠯᠭ᠎ᠠ ᠲᠠᠢ ᠲᠥᠷᠥᠯ ᠵᠦᠢᠯ ᠢ ᠳᠠᠭᠠᠭᠠᠴᠢᠯᠠᠭᠰᠠᠨ ᠴᠢᠭ ᠲᠤ ᠪᠠᠶᠢᠴᠠᠭᠠᠨ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠶᠣᠣ ᠮᠧᠩ ᠣᠷᠣᠯᠴᠠᠪᠠ᠃     ᠪᠠᠶᠢᠴᠠᠭᠠᠨ ᠰᠤᠳᠤᠯᠬᠤ ᠳᠤᠭᠤᠶᠢᠯᠠᠩ ᠰᠢᠯᠢᠩᠬᠤᠲᠠ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠤᠯᠤᠰ ᠤᠨ ︽ᠤᠮᠠᠷᠠᠲᠤ ᠶᠢᠨ ᠭᠤᠷᠪᠠᠨ ᠤᠷᠤᠨ︾᠎ ᠎ ᠤ ᠢᠨᠵᠧᠨᠧᠷᠢᠩ ᠤᠨ ᠪᠠᠯᠠ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠪᠢᠴᠢᠭ ᠮᠠᠲ᠋ᠧᠷᠢᠶᠠᠯ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠰᠢᠯᠢ ᠶᠢᠨ ᠭᠤᠤᠯ ᠠᠶᠢᠮᠠᠭ᠂ ᠰᠢᠯᠢᠩᠬᠤᠲᠠ᠂ ᠠᠪᠠᠭ᠎ᠠ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠰᠢᠯᠤᠭᠤᠨ ᠬᠥᠬᠡ ᠬᠤᠰᠢᠭᠤ᠂ ᠬᠥᠪᠡᠭᠡᠲᠦ ᠴᠠᠭᠠᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ︽ᠤᠮᠠᠷᠠᠲᠤ ᠶᠢᠨ ᠭᠤᠷᠪᠠᠨ ᠤᠷᠤᠨ︾᠎ ᠤ ᠢᠨᠵᠧᠨᠧᠷᠢᠩ ᠢ ᠥᠷᠨᠢᠭᠦᠯᠦᠭᠰᠡᠨ ᠪᠠᠶᠢᠳᠠᠯ᠂ ᠬᠦᠴᠢᠷᠳᠡᠯ ᠢ ᠶᠠᠷᠢᠯᠴᠠᠭᠰᠠᠨ ᠪᠦᠭᠡᠳ ᠠᠵᠢᠯ ᠤᠨ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠳᠡᠳ᠋ ᠠᠶᠢᠮᠠᠭ ᠤᠨ ᠳᠠᠷᠤᠭ᠎ᠠ ᠰᠦᠨ ᠵᠧᠨ ᠵᠢᠶᠠᠩ ᠪᠥᠬᠦ ᠠᠶᠢᠮᠠᠭ ᠤᠨ ︽ᠤᠮᠠᠷᠠᠲᠤ ᠶᠢᠨ ᠭᠤᠷᠪᠠᠨ ᠤᠷᠤᠨ ︾᠎ ᠤ ᠢᠨᠵᠧᠨᠧᠷᠢᠩ ᠢ ᠥᠷᠨᠢᠭᠦᠯᠦᠭᠰᠡᠨ ᠪᠠᠶᠢᠳᠠᠯ᠂ ᠪᠠᠯᠠ ᠮᠥᠩᠭᠦ ᠶᠢᠨ ᠣᠷᠣᠭᠤᠯᠤᠯᠲᠠ ᠶᠢᠨ ᠪᠠᠶᠢᠳᠠᠯ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠲᠠᠨᠢᠯᠴᠠᠭᠤᠯᠪᠠ᠃ ᠯᠢ ᠶᠦᠩ ᠵᠢᠶᠦ᠋ᠨ ᠵᠤᠷᠭᠠᠨ ᠤ ᠳᠠᠷᠤᠭ᠎ᠠ ᠤᠯᠠᠨ ᠤ ᠳᠤᠷᠠᠳᠤᠭᠰᠠᠨ ᠬᠦᠴᠢᠷᠳᠡᠯ ᠵᠢᠴᠢ ᠰᠠᠨᠠᠭᠤᠯᠭ᠎ᠠ ᠳᠤ ᠨᠠᠷᠢᠨ ᠬᠠᠷᠢᠭᠤᠯᠲᠠ ᠥᠭᠴᠦ᠂ ᠸᠠᠩ ᠭᠤᠸᠠᠨ ᠼᠦᠩ ᠭᠠᠵᠠᠷ ᠤᠨ ᠳᠠᠷᠤᠭ᠎ᠠ᠂ ᠶᠣᠣ ᠮᠧᠩ ᠭᠠᠵᠠᠷ ᠤᠨ ᠳᠠᠷᠤᠭ᠎ᠠ ᠨᠦᠬᠦᠪᠦᠷᠢᠯᠡᠯᠳᠡ ᠬᠢᠵᠡᠢ᠃     ᠯᠢ ᠶᠦᠩ ᠵᠢᠶᠦ᠋ᠨ ᠵᠤᠷᠭᠠᠨ ᠤ ᠳᠠᠷᠤᠭ᠎ᠠ ᠰᠢᠯᠢᠩᠬᠤᠲᠠ ᠶᠢᠨ ︽ᠤᠮᠠᠷᠠᠲᠤ ᠶᠢᠨ ᠭᠤᠷᠪᠠᠨ ᠤᠷᠤᠨ︾᠎ ᠎ ᠤ ᠢᠨᠵᠧᠨᠧᠷᠢᠩ ᠤᠨ ᠲᠦᠷᠦᠯ ᠵᠦᠢᠯ ᠤᠨ ᠲᠣᠭᠤᠷᠢᠭ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ ᠵᠡᠭᠦᠨ ᠬᠡᠰᠡᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠲᠠᠴᠢᠷᠳᠠᠭᠰᠠᠨ ᠣᠶ ᠶᠢ ᠰᠡᠷᠭᠦᠭᠡᠬᠦ ᠲᠥᠷᠥᠯ ᠵᠦᠢᠯ ᠤᠨ ᠣᠷᠣᠨ᠂ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠲᠥᠷᠥᠯ ᠵᠦᠢᠯ ᠤᠨ ᠣᠷᠣᠨ ᠳᠤ ᠲᠣᠰ ᠲᠣᠰ ᠬᠦᠷᠴᠦ᠂ ᠲᠠᠴᠢᠷᠳᠠᠭᠰᠠᠨ ᠣᠶ ᠶᠢ ᠰᠡᠷᠭᠦᠭᠡᠬᠦ᠂ ᠨᠤᠲᠤᠭ ᠪᠡᠯᠴᠢᠭᠡᠷ ᠢ ᠬᠦᠷᠢᠶᠡᠯᠡᠨ ᠪᠢᠲᠡᠭᠦᠮᠵᠢᠯᠡᠬᠦ ᠲᠥᠷᠥᠯ ᠵᠦᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠣᠶᠢᠯᠠᠭᠠᠪᠠ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠭᠠᠵᠠᠷ ᠲᠤ ᠬᠦᠷᠴᠦ᠂ ᠢᠨᠵᠧᠨᠧᠷᠢᠩ ᠤᠨ ᠠᠵᠢᠯ ᠡᠬᠢᠯᠡᠭᠰᠡᠨ᠂ ᠬᠡᠷᠡᠭᠵᠢᠭᠦᠯᠦᠭᠰᠡᠨ ᠪᠠ ᠬᠠᠮᠢᠶᠠᠷᠴᠤ ᠬᠠᠮᠠᠭᠠᠯᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠣᠶᠢᠯᠠᠭᠠᠪᠠ᠃ ᠡᠮᠦᠨ᠎ᠡ ᠠᠭᠤᠯᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠲᠠᠪᠴᠠᠩ ᠳᠤ ᠬᠦᠷᠴᠦ᠂ ᠰᠢᠯᠢᠩᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠲᠠᠪᠴᠠᠩ ᠤᠨ ᠠᠵᠢᠯᠯᠠᠭᠠᠨ ᠤ ᠪᠠᠶᠢᠳᠠᠯ ᠪᠣᠯᠤᠨ ᠭᠠᠯ ᠢ ᠰᠡᠷᠭᠡᠶᠢᠯᠡᠬᠦ ᠲᠣᠨᠤᠭ ᠲᠥᠬᠦᠭᠡᠷᠦᠮᠵᠢ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠣᠶᠢᠯᠠᠭᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号