ᠣᠶ ᠰᠢᠭᠤᠢ ᠨᠤᠲᠤᠭ ᠪᠡᠯᠴᠢᠭᠡᠷ ᠤᠨ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ  ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠮᠡᠳᠡᠭᠳᠡᠬᠦ ᠪᠢᠴᠢᠭ​
ᠨᠡᠶᠢᠲᠡᠯᠡᠭᠰᠡᠨ ᠴᠠᠭ᠄
2024/6/3
ᠣᠷᠳᠣᠰ ᠬᠤᠲᠠ ᠶᠢᠨ ᠭᠤᠤ ᠶᠤᠸᠠᠨ ᠱᠧᠩ ᠭᠦᠸᠧ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ᠄     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠰᠤᠭᠤᠴᠢᠨ ᠪᠠᠶᠢᠴᠠᠭᠠᠬᠤ ᠮᠡᠳᠡᠭᠳᠡᠯ ᠤᠨ ᠪᠢᠴᠢᠭ︾ ᠶᠣᠰᠣᠭᠠᠷ᠂ ᠮᠠᠨ ᠤ ᠲᠣᠪᠴᠢᠶ᠎ᠠ ᠠᠴᠠ ᠬᠥᠮᠦᠨ ᠲᠣᠮᠢᠯᠠᠨ 2024 ᠣᠨ ᠤ 5 ᠰᠠᠷ᠎ᠠ ᠶᠢᠨ 7᠎ ᠤ ᠡᠳᠦᠷ ᠲᠠᠨ ᠤ ᠺᠣᠮᠫᠠᠨᠢ ᠶᠢᠨ ᠡᠵᠡᠩᠨᠡᠯᠲᠡ ᠶᠢᠨ ᠭᠠᠵᠠᠷ ᠤᠨ ᠪᠡᠯᠡᠳᠬᠡᠮᠵᠢ ᠲᠥᠬᠦᠭᠡᠷᠦᠮᠵᠢ᠂ ᠲᠠᠩᠰᠠ ᠡᠪᠬᠡᠮᠡᠯ ᠤᠨ ᠱᠣᠰᠢᠭ᠎ᠠ᠂ ᠦᠷ᠎ᠡ ᠶᠢᠨ ᠶᠠᠰᠤ ᠴᠢᠨᠠᠷ ᠵᠡᠷᠭᠡ ᠲᠠᠯ᠎ᠠ ᠪᠠᠷ ᠲᠤᠬᠠᠶ ᠶᠢᠨ ᠭᠠᠵᠠᠷ ᠤᠨ ᠬᠢᠨᠠᠨ ᠪᠠᠶᠢᠴᠠᠭᠠᠯᠲᠠ ᠬᠢᠯᠭᠡᠪᠡ᠃ ᠪᠠᠶᠢᠴᠠᠭᠠᠯᠳᠠ ᠳᠤ ᠣᠯᠵᠤ ᠮᠡᠳᠡᠭᠰᠡᠨ ᠨᠢ᠂ ᠲᠠᠨ ᠤ ᠺᠣᠮᠫᠠᠨᠢ ᠳᠤ ᠦᠢᠯᠡᠳᠪᠦᠷᠢᠯᠡᠯ ᠡᠵᠡᠩᠨᠡᠯᠲᠡ ᠶᠢᠨ ᠳᠠᠩᠰᠠ ᠡᠪᠬᠡᠮᠡᠯ ᠪᠦᠷᠢᠨ ᠪᠤᠰᠤ᠂ ᠣᠶᠢᠷ᠎ᠠ ᠶᠢᠨ ᠭᠤᠷᠪᠠᠨ ᠵᠢᠯ ᠤᠨ ᠲᠤᠷᠰᠢᠬᠢ ᠦᠢᠯᠡᠳᠪᠦᠷᠢᠯᠡᠯ ᠤᠨ ᠠᠩᠬᠠᠨ ᠤ ᠲᠡᠮᠳᠡᠭᠯᠡᠯ᠂ ᠰᠢᠯᠭᠠᠨ ᠪᠠᠶᠢᠴᠠᠭᠠᠭᠰᠠᠨ ᠲᠡᠮᠳᠡᠭᠯᠡᠯ ᠳᠤᠲᠠᠭᠤ᠂ ᠴᠢᠬᠢ ᠮᠣᠳᠣᠨ ᠤ ᠱᠣᠰᠢᠭ᠎ᠠ ᠶᠢ ᠲᠠᠭᠯᠠᠨ ᠪᠢᠴᠢᠭᠰᠡᠨ ᠨᠢ ᠵᠢᠷᠤᠮᠵᠢᠯ ᠦᠭᠡᠶ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨᠠᠨ ᠵᠣᠬᠢᠶᠠᠭᠰᠠᠨ ᠱᠣᠰᠢᠭ᠎ᠠ ᠶᠢᠨ ᠶᠠᠩᠵᠤ ᠬᠡᠯᠪᠡᠷᠢ ᠶᠢ ᠬᠡᠷᠡᠭᠯᠡᠭᠰᠡᠨ ᠦᠭᠡᠶ᠂ ᠢᠵᠢ ᠪᠦᠷᠢᠳᠦᠭᠦᠯᠦᠨ ᠬᠡᠷᠡᠭᠯᠡᠭᠰᠡᠨ ᠲᠣᠳᠣᠷᠬᠠᠶᠢᠯᠠᠯᠲᠠ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃     ᠲᠠᠨ ᠤ ᠺᠣᠮᠫᠠᠨᠢ ᠳᠤᠤᠷᠠᠬᠢ ᠱᠠᠭᠠᠷᠳᠠᠯᠭ᠎ᠠ ᠶᠣᠰᠣᠭᠠᠷ ᠠᠯᠢ ᠲᠦᠷᠭᠡᠨ ᠢᠶᠠᠷ ᠥᠭᠡᠷᠡᠴᠢᠯᠡᠭᠡᠷᠡᠶ᠃ ᠨᠢᠭᠡ ᠳᠤ ︽ᠣᠶ ᠮᠣᠳᠣᠨ ᠤ ᠦᠷ᠎ᠡ ᠦᠢᠯᠡᠳᠪᠦᠷᠢᠯᠡᠵᠦ ᠡᠵᠡᠩᠨᠡᠬᠦ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠦᠢᠯᠡᠳᠪᠦᠷᠢᠯᠡᠵᠦ ᠡᠵᠡᠩᠨᠡᠬᠦ ᠳᠠᠩᠰᠠ ᠡᠪᠬᠡᠮᠡᠯ ᠤᠨ ᠬᠠᠮᠢᠶᠠᠷᠤᠯᠲᠠ ᠪᠠᠨ ᠴᠢᠩᠭᠠᠳᠬᠠᠨ᠂ ᠦᠷ᠎ᠡ᠂ ᠴᠢᠬᠢ ᠮᠣᠳᠣ ᠪᠠᠨ ᠥᠪᠡᠷ ᠲᠡᠭᠡᠨ ᠪᠠᠶᠢᠴᠠᠭᠠᠵᠦ᠂ ᠤᠭ ᠲᠡᠮᠳᠡᠭᠯᠡᠯ ᠤᠨ ᠬᠦᠰᠦᠨᠦᠭᠲᠦ ᠶᠢ ᠲᠠᠭᠯᠠᠨ ᠪᠢᠴᠢᠬᠦ ᠶᠢᠨ ᠬᠠᠮᠲᠤ ᠳᠠᠩᠰᠠ ᠡᠪᠬᠡᠮᠡᠯ ᠳᠤ ᠦᠯᠡᠳᠡᠭᠡᠨ ᠬᠠᠳᠠᠭᠠᠯᠠᠵᠤ᠂ ᠦᠷ᠎ᠡ᠂ ᠴᠢᠬᠢ ᠮᠣᠳᠣ ᠶᠢᠨ ᠥᠪᠡᠷ ᠲᠡᠭᠡᠨ ᠪᠠᠶᠢᠴᠠᠭᠠᠭᠰᠠᠨ ᠦᠷ᠎ᠡ ᠳ᠋ᠦᠩ ᠵᠢᠴᠢ ᠦᠷ᠎ᠡ᠂ ᠴᠢᠬᠢ ᠮᠣᠳᠣᠨ ᠤ ᠱᠣᠰᠢᠭ᠎ᠠ ᠶᠢᠨ ᠦᠨᠳᠦᠰᠦᠯᠡᠯ ᠪᠣᠯᠭᠠᠬᠤ ᠬᠡᠷᠡᠭᠲᠡᠶ᠃ ᠬᠤᠶᠠᠷ ᠲᠤ ︽ᠣᠶ ᠮᠣᠳᠣᠨ ᠤ ᠦᠷ᠎ᠡ ᠶᠢ ᠪᠣᠭᠤᠳᠠᠯᠯᠠᠬᠤ ᠪᠠ ᠱᠣᠰᠢᠭ᠎ᠠ ᠲᠡᠮᠳᠡᠭ ᠤᠨ ᠬᠠᠮᠢᠶᠠᠷᠤᠯᠲᠠ ᠶᠢᠨ ᠠᠷᠭ᠎ᠠ ︾᠎ ᠶᠢᠨ ᠶᠣᠰᠣᠭᠠᠷ᠂ ᠦᠷ᠎ᠡ᠂ ᠴᠢᠬᠢ ᠮᠣᠳᠣᠨ ᠤ ᠱᠣᠰᠢᠭ᠎ᠠ ᠲᠡᠮᠳᠡᠭ ᠤᠨ ᠬᠠᠮᠢᠶᠠᠷᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨᠠᠨ ᠵᠣᠬᠢᠶᠠᠭᠰᠠᠨ ᠱᠣᠰᠢᠭ᠎ᠠ ᠶᠢᠨ ᠶᠠᠩᠵᠤ ᠬᠡᠯᠪᠡᠷᠢ ᠶᠢ ᠬᠡᠷᠡᠭᠯᠡᠨ᠂ ᠱᠣᠰᠢᠭ᠎ᠠ ᠲᠡᠮᠳᠡᠭ ᠤᠨ ᠲᠠᠭᠯᠠᠨ ᠪᠢᠴᠢᠬᠦ ᠠᠭᠤᠯᠭ᠎ᠠ ᠶᠢ ᠵᠢᠷᠤᠮᠵᠢᠭᠤᠯᠵᠤ᠂ ᠦᠷ᠎ᠡ᠂ ᠴᠢᠬᠢ ᠮᠣᠳᠣᠨ ᠤ ᠱᠣᠰᠢᠭ᠎ᠠ ᠲᠡᠮᠳᠡᠭ ᠨᠢᠭᠡᠪᠦᠷᠢ ᠳᠤ ᠡᠷᠬᠡᠪᠰᠢ ᠢᠵᠢ ᠪᠥᠷᠢᠳᠦᠭᠦᠯᠦᠭᠰᠡᠨ ᠬᠡᠷᠡᠭᠯᠡᠬᠦ ᠲᠣᠳᠣᠷᠬᠠᠶᠢᠯᠠᠯᠲᠠ ᠶᠢ ᠳᠠᠭᠠᠯᠳᠤᠭᠤᠯᠵᠤ᠂ ᠬᠤᠳᠠᠯᠳᠤᠨ ᠠᠪᠤᠭᠰᠠᠨ ᠲᠠᠯ᠎ᠠ ᠳᠤ ᠬᠠᠩᠭᠠᠬᠤ ᠶᠢᠨ ᠬᠠᠮᠲᠤ ᠦᠷ᠎ᠡ᠂ ᠴᠢᠬᠢ ᠮᠣᠳᠣᠨ ᠤ ᠱᠣᠰᠢᠭ᠎ᠠ ᠵᠢᠴᠢ ᠬᠡᠷᠡᠭᠯᠡᠬᠦ ᠲᠣᠳᠣᠷᠬᠠᠶᠢᠯᠠᠯᠲᠠ ᠶᠢᠨ ᠣᠭ ᠡᠬᠡ ᠶᠢ ᠦᠯᠡᠳᠡᠭᠡᠨ ᠲᠠᠩᠰᠠ ᠡᠪᠬᠡᠮᠡᠯ ᠳᠤ ᠬᠠᠳᠠᠭᠠᠯᠠᠬᠤ ᠬᠡᠷᠡᠭᠲᠡᠶ᠃     ᠲᠠᠨ ᠤ ᠺᠣᠮᠫᠠᠨᠢ ᠲᠣᠰ ᠮᠡᠳᠡᠭᠳᠡᠯ ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠴᠡᠭᠴᠡᠯᠡᠨ ᠵᠠᠰᠠᠵᠤ ᠳᠠᠭᠤᠰᠬᠠᠬᠤ ᠶᠢᠨ ᠬᠠᠮᠲᠤ ᠮᠠᠨ ᠤ ᠲᠣᠪᠴᠢᠶ᠎ᠠ ᠳᠤ ᠴᠡᠭᠴᠡᠯᠡᠨ ᠵᠠᠰᠠᠭᠰᠠᠨ ᠪᠢᠴᠢᠭ ᠤᠨ ᠮᠡᠳᠡᠭᠦᠯᠦᠯᠲᠡ ᠪᠠᠨ ᠬᠦᠷᠭᠡᠭᠡᠷᠡᠶ᠃ ᠬᠡᠷᠪᠡ ᠤᠨᠳᠤᠤ ᠰᠠᠨᠠᠯ ᠲᠠᠢ ᠪᠣᠯ᠂ ᠲᠣᠰ ᠮᠡᠳᠡᠭᠳᠡᠬᠦ ᠪᠢᠴᠢᠭ ᠢ ᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠮᠠᠨ ᠤ ᠲᠣᠪᠴᠢᠶ᠎ᠠ ᠳᠤ ᠳᠠᠬᠢᠨ ᠪᠠᠶᠢᠴᠠᠭᠠᠯᠭᠠᠬᠤ ᠪᠠᠷ ᠭᠤᠶᠤᠴᠢᠯᠠᠭᠠᠷᠠᠶ᠃                  2024 ᠣᠨ ᠤ 5 ᠰᠠᠷ᠎ᠠ ᠶᠢᠨ 30᠎ ᠤ ᠡᠳᠦᠷ
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号