ᠡᠯᠡᠰᠦ ᠶᠢ ᠰᠡᠷᠭᠡᠶᠢᠯᠡᠨ ᠵᠠᠰᠠᠬᠤ ᠮᠠᠰᠢᠨᠴᠢᠯᠠᠭᠰᠠᠨ ᠠᠵᠢᠯᠯᠠᠬᠤ ᠠᠩᠭᠢ ᠶᠢᠨ ᠠᠩᠬ᠎ᠠ ᠤᠳᠠᠭᠠᠨ ᠤ ᠮᠠᠰᠢᠨᠴᠢᠯᠠᠭᠰᠠᠨ ᠠᠵᠢᠯᠯᠠᠭ᠎ᠠ ᠵᠢᠴᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ︽ᠰᠢᠷᠭᠤᠯᠵᠢ ᠶᠢᠨ ᠣᠶ︾᠎ ᠶᠢᠨ ᠰᠢᠨᠵᠢᠯᠡᠭᠡ ᠮᠡᠷᠭᠡᠵᠢᠯ ᠢᠶᠠᠷ ᠨᠤᠭᠤᠭᠠᠷᠠᠭᠤᠯᠤᠯᠳᠠ ᠶᠢ ᠥᠷᠭᠡᠳᠬᠡᠬᠦ ᠠᠵᠢᠯᠯᠠᠭ᠎ᠠ ᠰᠢᠯᠤᠭᠤᠨ ᠬᠥᠬᠡ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/5
     ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠣᠷᠣᠨ ᠨᠤᠲᠤᠭ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠣᠯᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠵᠢᠯᠣᠭᠤᠴᠢ ᠥᠬᠡᠶ ᠮᠠᠰᠢᠨ ᠢᠶᠠᠷ ᠡᠯᠡᠰᠦ ᠶᠢ ᠵᠠᠰᠠᠬᠤ ᠲᠥᠷᠥᠯ ᠵᠦᠢᠯ ᠵᠢᠴᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ︽ᠰᠢᠷᠭᠤᠯᠵᠢ ᠶᠢᠨ ᠣᠶ︾᠎ ᠶᠢᠨ ᠰᠢᠨᠵᠢᠯᠡᠭᠡ ᠮᠡᠷᠭᠡᠵᠢᠯ ᠢᠶᠠᠷ ᠨᠤᠭᠤᠭᠠᠷᠠᠭᠤᠯᠤᠯᠳᠠ ᠶᠢ ᠥᠷᠭᠡᠳᠬᠡᠬᠦ ᠠᠵᠢᠯᠯᠠᠭ᠎ᠠ ᠰᠢᠯᠤᠭᠤᠨ ᠬᠥᠬᠡ ᠬᠤᠰᠢᠭᠤᠨ ᠳᠤ ᠡᠬᠢᠯᠡᠪᠡ᠃ ᠥᠪᠥᠷ ᠮᠣᠩᠭᠤᠯ ᠤᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠮᠠᠰᠢᠨᠴᠢᠯᠠᠭᠰᠠᠨ ᠠᠵᠢᠯᠯᠠᠬᠤ ᠠᠩᠭᠢ ᠨᠢ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠲᠤᠭ ᠣᠯᠭᠤᠭᠰᠠᠨ ᠲᠦᠷᠦᠭᠦᠦ ᠪᠦᠯᠦᠭ ᠤᠨ ᠠᠵᠢᠯᠯᠠᠬᠤ ᠠᠩᠭᠢ ᠪᠣᠯᠤᠭᠰᠠᠨ ᠤ ᠬᠤᠪᠢ ᠳᠤ᠂ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠭᠦᠷᠭᠡᠯᠡᠯ ᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠵᠢᠭᠦᠯᠦᠭᠰᠡᠨ ᠣᠶ ᠰᠢᠭᠤᠶ ᠶᠢᠨ ᠲᠠᠯᠠᠪᠠᠶ᠂ ᠰᠢᠷᠭᠤᠯᠵᠢ ᠶᠢᠨ ᠣᠶ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠦᠴᠦᠲᠡᠶ ᠳᠡᠮᠵᠢᠯᠭᠡ ᠳᠤᠤᠷ᠎ᠠ᠂ ᠰᠢᠨᠵᠢᠯᠡᠭᠡ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ  ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠲᠤ ᠪᠥᠬᠦ ᠣᠷᠣᠨ ᠤ ᠬᠡᠪᠴᠢᠶᠡᠵᠢᠭᠦᠯᠦᠭᠰᠡᠨ᠂ ᠪᠣᠳᠠᠲᠤ ᠪᠠᠶᠢᠯᠳᠤᠭᠠᠨᠲᠤ ᠵᠢᠯᠣᠭᠤᠴᠢ ᠥᠬᠡᠶ ᠮᠠᠰᠢᠨ ᠢᠶᠠᠷ ᠡᠯᠡᠰᠦᠷᠬᠡᠭᠵᠢᠯ ᠢ ᠵᠠᠰᠠᠬᠤ ᠲᠥᠷᠥᠯ ᠵᠦᠢᠯ ᠢ ᠲᠦᠷᠦᠭᠦᠯᠡᠨ ᠡᠬᠢᠯᠡᠭᠦᠯᠵᠦ᠂ 2000 ᠮᠥ ᠡᠯᠡᠰᠦᠷᠬᠡᠭᠵᠢᠯ ᠢ ᠵᠠᠰᠠᠬᠤ ᠡᠭᠦᠷᠭᠡ ᠶᠢ ᠪᠡᠶᠡᠯᠡᠭᠦᠯᠪᠡ᠃    
W020240601384066731078_ORIGIN.jpg W020240601384067154465_ORIGIN.jpg
W020240601384067116737_ORIGIN.jpg W020240601384067196587_ORIGIN.jpg
    ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ᠮᠠᠰᠢᠨ ᠬᠥᠮᠦᠨ ᠤ ᠠᠵᠢᠯᠯᠠᠭ᠎ᠠ ᠵᠢᠴᠢ ᠬᠢᠨᠠᠨ ᠵᠢᠯᠣᠭᠤᠳᠬᠤ ᠲᠡᠷᠭᠡᠨ ᠤ ᠡᠵᠡᠮᠰᠢᠯ ᠤᠨ ᠵᠢᠷᠤᠭ᠃     ᠲᠤᠬᠠᠶ ᠶᠢᠨ ᠲᠠᠯᠠᠪᠠᠶ ᠳᠤ᠂ ᠪᠦᠷᠢᠨ ᠠᠦ᠋ᠲ᠋ᠣᠴᠢᠯᠠᠭᠰᠠᠨ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠮᠠᠰᠢᠨ ᠬᠥᠮᠦᠨ᠂ ᠬᠠᠭᠠᠰ ᠠᠦ᠋ᠲ᠋ᠣᠴᠢᠯᠠᠭᠰᠠᠨ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠮᠠᠰᠢᠨ ᠬᠥᠮᠦᠨ ᠵᠡᠷᠭᠡ 13 ᠮᠠᠰᠢᠨ ᠲᠣᠨᠣᠭᠯᠠᠯ ᠢ ᠣᠷᠣᠭᠤᠯᠵᠤ ᠵᠡᠷᠭᠡᠪᠡᠷ ᠡᠯᠡᠰᠦ ᠶᠢ ᠵᠠᠰᠠᠵᠤ ᠣᠶᠢᠵᠢᠭᠤᠯᠬᠤ ᠠᠵᠢᠯᠯᠠᠭ᠎ᠠ ᠶᠠᠪᠤᠭᠳᠠᠭᠤᠯᠪᠠ᠃ ᠪᠦᠷᠢᠨ ᠠᠦ᠋ᠲ᠋ᠣᠴᠢᠯᠠᠭᠰᠠᠨ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠮᠠᠰᠢᠨ ᠬᠥᠮᠦᠨ ᠨᠢ ᠬᠤᠯᠪᠣᠭᠠᠯᠠᠨ ᠡᠵᠡᠮᠳᠡᠬᠦ ᠮᠡᠷᠭᠡᠵᠢᠯ ᠢ ᠬᠡᠷᠡᠭᠯᠡᠨ᠂ ᠮᠠᠰᠢᠨ ᠬᠥᠮᠦᠨ ᠨᠢᠭᠡᠪᠦᠷᠢ ᠨᠢ ᠣᠶ ᠰᠢᠭᠤᠶ ᠶᠢᠨ ᠲᠠᠷᠢᠮᠠᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠴᠢᠬᠢ ᠮᠤᠳᠤ ᠠᠴᠢᠶᠠᠯᠠᠬᠤ᠂ ᠨᠦᠬᠡ ᠥᠷᠥᠮᠳᠡᠬᠦ᠂ ᠤᠰᠤᠯᠠᠬᠤ᠂ ᠵᠠᠶᠢᠯᠠᠬᠤ ᠵᠡᠷᠭᠡ ᠠᠦ᠋ᠲ᠋ᠣᠴᠢᠯᠠᠭᠰᠠᠨ ᠠᠵᠢᠯ ᠢ ᠪᠡᠶᠡᠯᠡᠭᠦᠯᠵᠦ᠂ ᠮᠥ ᠪᠦᠷᠢ ᠳᠤ 167 ᠨᠦᠬᠡ ᠮᠠᠯᠳᠠᠵᠤ᠂ ᠨᠦᠬᠡ ᠪᠦᠷᠢ ᠳᠤ 1 ᠰᠠᠭᠤᠷᠢ ᠳᠠᠷᠢᠵᠤ᠂ ᠮᠠᠰᠢᠨ ᠨᠢᠭᠡᠪᠦᠷᠢ ᠨᠢ ᠡᠳᠦᠷ ᠪᠦᠷᠢ 60 ᠮᠥ ᠳᠠᠷᠢᠵᠤ᠂ ᠭᠠᠵᠠᠷ ᠤᠨ ᠪᠠᠶᠢᠴᠠ ᠳᠤ ᠳᠣᠭᠢᠷᠠᠬᠤ ᠨᠥᠬᠦᠴᠡᠯ ᠳᠤᠤᠷ᠎ᠠ᠂ ᠪᠦᠬᠦᠯᠢ ᠡᠳᠦᠷ ᠢᠶᠠᠷ ᠠᠵᠢᠯᠯᠠᠬᠤ ᠶᠢ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠂ ᠠᠵᠢᠯᠯᠠᠬᠤ ᠴᠠᠭ ᠢ ᠤᠷᠲᠤᠳᠬᠠᠵᠤ᠂ ᠬᠥᠮᠦᠨ ᠤ ᠬᠦᠴᠦᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃    ᠲᠠᠷᠠᠭᠠᠴᠢ ᠶᠢᠨ ᠠᠯᠬᠤᠮ ᠳᠤ᠂ ᠡᠯᠡᠰᠦ ᠶᠢ ᠰᠡᠷᠭᠡᠶᠢᠯᠡᠨ ᠵᠠᠰᠠᠬᠤ ᠮᠠᠰᠢᠨᠴᠢᠯᠠᠭᠰᠠᠨ ᠠᠵᠢᠯᠯᠠᠬᠤ ᠠᠩᠭᠢ  ᠵᠠᠬ᠎ᠠ ᠳᠡᠯᠭᠡᠭᠦᠷᠴᠢᠯᠡᠭᠰᠡᠨ ᠠᠵᠢᠯᠯᠠᠭ᠎ᠠ ᠪᠠᠷ ᠳᠡᠮᠵᠢᠨ ᠪᠥᠬᠦ ᠣᠷᠣᠨ ᠳᠤ  ᠡᠯᠡᠰᠦ ᠶᠢ ᠰᠡᠷᠭᠡᠶᠢᠯᠡᠨ ᠵᠠᠰᠠᠬᠤ ᠮᠠᠰᠢᠨᠴᠢᠯᠠᠭᠰᠠᠨ ᠠᠵᠢᠯᠯᠠᠭᠠᠨ ᠤ ᠲᠤᠰᠬᠠᠶᠢᠵᠢᠭᠰᠠᠨ ᠦᠢᠯᠡᠴᠢᠯᠡᠭᠡ ᠬᠠᠩᠭᠠᠵᠤ᠂ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠤᠯᠬᠤ ᠶᠢ ᠠᠬᠢᠭᠤᠯᠬᠤ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号