ᠬᠠᠩᠬᠢᠨ ᠬᠤᠰᠢᠭᠤᠨ ᠤ ᠤᠯᠠᠷᠢᠯ ᠤᠨ ᠴᠢᠨᠠᠷᠲᠠᠢ ᠰᠡᠯᠭᠦᠨ ᠮᠠᠯᠵᠢᠬᠤ ᠠᠵᠢᠯ ᠳᠠᠭᠤᠰᠪᠠ
ᠨᠡᠶᠢᠲᠡᠯᠡᠭᠰᠡᠨ ᠴᠠᠭ᠄
2024/7/16
     ᠡᠨᠡ ᠵᠢᠯ᠂ ᠬᠠᠩᠭᠢᠨ ᠬᠤᠰᠢᠭᠤ 1219.69 ᠲᠦᠮᠡᠨ ᠮᠦ ᠨᠤᠲᠤᠭ ᠪᠡᠯᠴᠢᠭᠡᠷ ᠲᠤ ᠤᠯᠠᠷᠢᠯ ᠤᠨ ᠴᠢᠨᠠᠷᠲᠠᠢ ᠰᠡᠯᠭᠦᠨ ᠮᠠᠯᠵᠢᠵᠤ᠂ 47 ᠮᠠᠯᠵᠢᠬᠤ ᠭᠠᠴᠠᠭ᠎ᠠ ᠶᠢᠨ 25900 ᠭᠠᠷᠤᠢ ᠡᠷᠦᠬᠡ ᠳᠤ ᠠᠰᠢᠭ ᠬᠦᠷᠲᠡᠭᠡᠪᠡ᠃ ᠰᠡᠯᠭᠦᠨ ᠮᠠᠯᠵᠢᠵᠤ ᠪᠡᠯᠴᠢᠭᠡᠷ ᠢ ᠰᠡᠷᠭᠦᠭᠡᠬᠦ ᠠᠵᠢᠯ ᠤᠨ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ ᠬᠠᠩᠬᠢᠨ ᠬᠤᠰᠢᠭᠤ᠂ ᠬᠠᠩᠬᠢᠨ ᠬᠤᠰᠢᠭᠤ ᠤᠬᠠᠭᠤᠯᠤᠨ ᠳᠠᠶᠢᠴᠢᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠵᠠᠷᠯᠠᠯ ᠨᠡᠶᠢᠲᠡᠯᠡᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠠᠰᠠᠭᠤᠨ ᠯᠠᠪᠯᠠᠬᠤ ᠳᠠᠪᠴᠠᠩ ᠭᠠᠷᠭᠠᠬᠤ ᠵᠡᠷᠭᠡ ᠠᠷᠭ᠎ᠠ ᠬᠡᠯᠪᠡᠷᠢ ᠪᠠᠷ ᠰᠡᠯᠭᠦᠨ ᠮᠠᠯᠵᠢᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠤᠬᠠᠢ ᠤᠬᠠᠭᠤᠯᠭ᠎ᠠ ᠬᠦᠮᠦᠵᠢᠯ ᠬᠢᠪᠡ᠃ ᠡᠭᠦᠨ ᠤ ᠬᠠᠮᠲᠤ᠂ ᠣᠢ ᠰᠢᠭᠤᠢ ᠶᠢᠨ ᠳᠠᠷᠤᠭ᠎ᠠ ᠶᠢᠨ ᠳᠥᠷᠢᠮ ᠢᠶᠠᠷ ᠭᠠᠷᠳᠠᠴᠠ ᠪᠣᠯᠭᠠᠵᠤ᠂ ᠪᠦᠬᠦ ᠬᠤᠰᠢᠭᠤᠨ ᠤ 480 ᠨᠡᠷ᠎ᠡ ᠠᠮᠢ ᠠᠬᠤᠢ ᠶᠢᠨ ᠤᠢ ᠬᠠᠮᠠᠭᠠᠯᠠᠭᠴᠢ᠂ 65 ᠨᠡᠷ᠎ᠡ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠭᠴᠢ ᠲᠣᠣᠷᠴᠢᠯᠠᠭᠰᠠᠨ ᠲᠣᠭᠤᠷᠢᠨ ᠬᠠᠮᠠᠭᠠᠯᠠᠬᠤ ᠬᠠᠮᠢᠶᠠᠷᠤᠯᠲᠠ ᠶᠢᠨ ᠲᠤᠭᠲᠠᠴᠠ ᠳᠤ ᠤᠷᠤᠭᠤᠯᠵᠤ᠂ ᠬᠡᠰᠡᠭ ᠬᠤᠪᠢᠶᠠᠨ ᠳᠠᠭᠠᠭᠠᠴᠢᠯᠠᠨ ᠬᠠᠮᠢᠶᠠᠷᠴᠦ᠂ ᠲᠤᠭᠤᠷᠢᠨ ᠪᠠᠶᠢᠴᠠᠭᠠᠯᠲᠠ ᠬᠢᠬᠦ᠂ ᠮᠠᠯ ᠪᠡᠯᠴᠢᠭᠡᠷ ᠤᠨ ᠲᠡᠩᠴᠡᠭᠦᠷᠢᠰᠢᠯ ᠤᠨ ᠪᠠᠶᠢᠳᠠᠯ ᠳᠤ ᠬᠢᠨᠠᠯᠲᠠ ᠲᠠᠯᠪᠢᠬᠤ ᠵᠡᠷᠭᠡ ᠠᠵᠢᠯ ᠢ ᠪᠠᠶᠢᠩᠭᠤᠵᠢᠭᠤᠯᠵᠤ᠂ ᠪᠦᠬᠦ ᠬᠤᠰᠢᠭᠤᠨ ᠤ ᠤᠯᠠᠷᠢᠯ ᠤᠨ ᠴᠢᠨᠠᠷᠲᠠᠢ ᠰᠡᠯᠭᠦᠨ ᠮᠠᠯᠵᠢᠬᠤ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠪᠠ᠃    
 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号