ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ 2024 ᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠰᠢᠯᠭᠠᠨ ᠬᠢᠨᠠᠬᠤ ᠠᠵᠢᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/24
     7 ᠰᠠᠷ᠎ᠠ ᠶᠢᠨ 22᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ 2024 ᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠰᠢᠯᠭᠠᠨ ᠬᠢᠨᠠᠬᠤ ᠠᠵᠢᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ 2024 ᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠰᠢᠯᠭᠠᠨ ᠬᠢᠨᠠᠬᠤ ᠠᠵᠢᠯ ᠢ ᠰᠤᠳᠤᠯᠪᠠ᠃ ᠬᠤᠷᠠᠯ ᠠᠴᠠ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠰᠢᠯᠭᠠᠨ ᠬᠢᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠪᠠ ︽2024 ᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠬᠤᠪᠢ ᠲᠣᠭᠲᠠᠭᠠᠬᠤ ᠲᠣᠳᠣᠷᠬᠠᠶᠢᠯᠠᠯᠲᠠ︾᠎ ᠳᠤ ᠲᠠᠶᠢᠯᠤᠮᠵᠢ ᠬᠢᠭᠰᠡᠨ ᠪᠥᠭᠡᠳ 2024 ᠣᠨ ᠤ ᠤᠯᠤᠰ ᠤᠨ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠰᠢᠯᠭᠠᠨ ᠬᠢᠨᠠᠬᠤ ᠡᠭᠦᠷᠭᠡ ᠶᠢ ᠬᠤᠪᠢᠶᠠᠷᠢᠯᠠᠨ ᠨᠠᠶᠢᠳᠠᠪᠤᠷᠢᠵᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠳᠤ ᠰᠢᠯᠭᠠᠨ ᠬᠢᠨᠠᠬᠤ ᠠᠷᠭ᠎ᠠ ᠳᠤ ᠵᠠᠰᠠᠪᠤᠷᠢ ᠣᠷᠣᠭᠤᠯᠬᠤ ᠵᠡᠷᠭᠡ ᠠᠵᠢᠯ ᠤᠨ ᠲᠤᠬᠠᠶ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠲᠢᠶᠧ ᠨᠢᠤ ᠬᠤᠷᠠᠯ ᠢ ᠡᠷᠬᠢᠯᠡᠭᠰᠡᠨ ᠪᠥᠭᠡᠳ ᠠᠵᠢᠯ ᠢᠶᠠᠨ ᠪᠠᠶᠢᠷᠢᠯᠠᠭᠤᠯᠵᠤ᠂ ᠲᠣᠪᠴᠢᠶ᠎ᠠ ᠶᠢᠨ ᠬᠤᠯᠪᠣᠭᠳᠠᠯ ᠪᠦᠬᠦᠢ ᠭᠠᠵᠠᠷ ᠭᠡᠷ ᠪᠣᠯᠤᠨ ᠰᠢᠭᠤᠳ ᠬᠠᠷᠢᠶ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠳᠡᠳ᠋ ᠲᠣᠪᠴᠢᠶᠠᠨ ᠳᠠᠷᠤᠭ᠎ᠠ ᠲᠢᠶᠧ ᠨᠢᠤ ᠴᠢᠬᠤᠯᠠᠴᠢᠯᠠᠭᠰᠠᠨ ᠨᠢ᠂ ᠤᠯᠤᠰ ᠤᠨ ︽ᠣᠶ ᠰᠢᠭᠤᠢ ᠶᠢᠨ ᠳᠠᠷᠤᠭ᠎ᠠ ᠶᠢᠨ ᠲᠦᠷᠢᠮ ᠢ ᠰᠢᠯᠭᠠᠨ ᠬᠢᠨᠠᠬᠤ ᠠᠷᠭ᠎ᠠ︾ ᠪᠠ ︽2024 ᠣᠨ ᠤ ᠣᠶ ᠰᠢᠭᠤᠢ ᠶᠢᠨ ᠳᠠᠷᠤᠭ᠎ᠠ ᠶᠢᠨ ᠲᠦᠷᠢᠮ ᠢ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠬᠤᠪᠢ ᠣᠯᠭᠤᠬᠤ ᠲᠣᠳᠣᠷᠬᠠᠶᠢᠯᠠᠯᠲᠠ︾ ᠪᠣᠯ ᠡᠨᠡ ᠵᠢᠯ ᠤᠨ ᠣᠶ ᠰᠢᠭᠤᠢ ᠶᠢᠨ ᠳᠠᠷᠤᠭ᠎ᠠ ᠶᠢᠨ ᠲᠦᠷᠢᠮ ᠢ ᠰᠢᠯᠭᠠᠨ ᠬᠢᠨᠠᠬᠤ ᠴᠢᠬᠤᠯᠠ ᠦᠨᠳᠦᠰᠦᠯᠡᠯ ᠪᠣᠯᠤᠨ᠎ᠠ᠂ ᠡᠯ᠎ᠡ ᠬᠤᠯᠪᠣᠭᠳᠠᠯ ᠪᠥᠬᠦᠶ ᠭᠠᠵᠠᠷ ᠬᠡᠷ᠂ ᠰᠢᠭᠤᠳ ᠬᠠᠷᠢᠶ᠎ᠠ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠯᠭᠠᠨ ᠬᠢᠨᠠᠬᠤ ᠠᠭᠤᠯᠭ᠎ᠠ ᠶᠢ ᠬᠢᠨᠠᠮᠠᠭᠠᠶ ᠰᠤᠳᠤᠯᠤᠨ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠳᠠᠷᠦ᠋ᠢᠬᠠᠨ ᠵᠣᠯᠭᠠᠭᠤᠯᠵᠤ᠂ ᠤᠯᠤᠰ ᠤᠨ ᠣᠶ ᠰᠢᠭᠤᠢ ᠶᠢᠨ ᠳᠠᠷᠤᠭ᠎ᠠ ᠶᠢᠨ ᠲᠦᠷᠢᠮ ᠢ ᠰᠢᠯᠭᠠᠨ ᠬᠢᠨᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ ᠤᠯᠤᠰ ᠤᠨ ᠰᠢᠯᠭᠠᠨ ᠬᠢᠨᠠᠬᠤ ᠠᠭᠤᠯᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠠᠷᠭ᠎ᠠ ᠰᠦᠪᠡᠭᠴᠢᠯᠡᠨ ᠪᠡᠯᠡᠳᠬᠡᠵᠦ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠠᠶᠢᠮᠠᠭ ᠬᠤᠲᠠ ᠶᠢᠨ ᠣᠶ ᠰᠢᠭᠤᠢ ᠶᠢᠨ ᠳᠠᠷᠤᠭ᠎ᠠ ᠶᠢᠨ ᠲᠦᠷᠢᠮ ᠤᠨ ᠰᠢᠯᠭᠠᠨ ᠬᠢᠨᠠᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠬᠤ ᠶᠢ ᠦᠨᠡᠨᠬᠦ ᠪᠠᠲᠤᠯᠠᠨ᠎ᠠ᠃
W020240723602005727107.png
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号