ᠬᠤᠶᠠᠳᠤᠭᠠᠷ ᠬᠤᠭᠤᠴᠠᠭᠠᠨ ᠤ ︵2024︶ ᠥᠪᠥᠷ ᠮᠣᠩᠭᠤᠯ ᠤᠨ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠠᠵᠢᠯ ᠤᠨ ᠬᠤᠷᠠᠯ ᠤᠷᠤᠭᠰᠢᠲᠠᠶ ᠬᠤᠷᠠᠯᠳᠤᠪᠠ
ᠨᠡᠶᠢᠲᠡᠯᠡᠭᠰᠡᠨ ᠴᠠᠭ᠄
2024/7/8
     ︽ᠤᠮᠠᠷᠠᠲᠤ ᠶᠢᠨ  ᠭᠤᠷᠪᠠᠨ ᠤᠷᠤᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠦᠢᠯᠡᠳᠪᠦᠷᠢᠯᠡᠯ ᠬᠠᠩᠭᠠᠯᠭ᠎ᠠ ᠶᠢ ᠪᠠᠲᠤᠯᠠᠵᠤ᠂ ᠳᠡᠭᠡᠷ᠎ᠡ ᠬᠠᠭᠠᠰ ᠵᠢᠯ ᠤᠨ ᠠᠵᠢᠯ ᠤᠨ ᠲᠤᠷᠰᠢᠯᠭ᠎ᠠ ᠪᠠ ᠲᠤᠳᠠᠭᠤᠳᠠᠯ ᠢ ᠳ᠋ᠦᠩᠨᠡᠵᠦ᠂ ᠳᠤᠤᠷ᠎ᠠ ᠬᠠᠭᠠᠰ ᠵᠢᠯ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠪᠠ ᠠᠷᠭᠠᠴᠠᠬᠤ ᠠᠷᠭ᠎ᠠ ᠬᠡᠮᠵᠢᠶ᠎ᠡ ᠶᠢ ᠵᠠᠳᠠᠯᠵᠤ᠂ ᠦᠷ᠎ᠡ ᠴᠢᠬᠢ ᠶᠢᠨ ᠬᠠᠩᠭᠠᠯᠭ᠎ᠠ ᠬᠡᠷᠡᠭᠴᠡᠭᠡ ᠶᠢᠨ ᠠᠵᠢᠯ ᠢ ᠪᠡᠶᠡᠯᠡᠬᠦᠯᠬᠦᠤ᠋ ᠶᠢᠨ ᠲᠥᠯᠥᠭᠡ᠂ 6 ᠰᠠᠷ᠎ᠠ ᠶᠢᠨ 29᠎ ᠤ ᠡᠳᠦᠷ᠂ ︽ᠬᠠᠩᠭᠠᠯᠭ᠎ᠠ ᠬᠡᠷᠡᠭᠴᠡᠭᠡ ᠶᠢ ᠵᠣᠯᠭᠠᠭᠤᠯᠵᠤ ᠬᠥᠭᠵᠢᠯᠲᠡ ᠶᠢ ᠠᠬᠢᠭᠤᠯᠬᠤ   ᠠᠮᠢ ᠠᠬᠤᠶ ᠶᠢᠨ ᠵᠠᠰᠠᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ︾᠎ ᠪᠠᠷ ᠭᠤᠤᠯ ᠰᠡᠳᠦᠪ ᠪᠣᠯᠭᠠᠭᠰᠠᠨ ᠬᠤᠶᠠᠳᠤᠭᠠᠷ ᠬᠤᠭᠤᠴᠠᠭᠠᠨ ᠤ ︵2024︶ ᠥᠪᠥᠷ ᠮᠣᠩᠭᠤᠯ ᠤᠨ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ᠃
W020240705441259586572_ORIGIN.png
    ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠡᠭᠦᠷᠭᠡ ᠶᠢ ᠵᠠᠷᠯᠠᠨ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠵᠡᠷᠭᠡ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠡᠳ᠋ ᠪᠣᠳᠠᠰ ᠤᠨ ᠬᠠᠩᠭᠠᠯᠭ᠎ᠠ ᠨᠥᠭᠡᠴᠡᠯᠡᠯᠲᠡ ᠶᠢ ᠠᠬᠢᠭᠤᠯᠬᠤ ᠲᠠᠯ᠎ᠠ ᠪᠠᠷ ᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠠᠷᠯᠠᠨ ᠮᠡᠳᠡᠭᠳᠡᠵᠦ᠂ ᠪᠥᠬᠦ ᠣᠷᠣᠨ ᠤ ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠣᠶ ᠰᠢᠭᠤᠶ ᠨᠤᠲᠤᠭ ᠪᠡᠯᠴᠢᠭᠡᠷ ᠤᠨ ᠴᠢᠬᠢ ᠮᠣᠳᠣ ᠵᠡᠷᠭᠡ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠡᠳ᠋ ᠪᠣᠳᠠᠰ ᠤᠨ ᠬᠠᠩᠭᠠᠯᠭ᠎ᠠ ᠨᠥᠭᠡᠴᠡᠯᠡᠯᠲᠡ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠢ ᠪᠣᠳᠠᠲᠠᠶ ᠠᠷᠭ᠎ᠠ ᠬᠡᠮᠵᠢᠶ᠎ᠡ ᠶᠢ ᠵᠠᠷᠯᠠᠨ ᠮᠡᠳᠡᠭᠳᠡᠵᠦ᠂ ᠲᠤᠷᠰᠢᠯᠭ᠎ᠠ ᠠᠷᠭ᠎ᠠ ᠬᠢᠳᠡᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠳ᠋ᠦᠩᠨᠡᠵᠦ᠂ ᠬᠤᠶᠢᠰᠢᠳᠠ ᠶᠢᠨ ᠨᠢᠭᠡ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
W020240705441266647699.jpg
    ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠶᠡᠷᠦᠩᠬᠡᠶ ᠥᠷᠲᠡᠭᠡ ᠶᠢᠨ ᠦᠷᠲᠡᠭᠡᠨ ᠳᠠᠷᠤᠭ᠎ᠠ ᠶᠠᠨ ᠵᠢᠶᠧ ᠳᠡᠭᠡᠷ᠎ᠡ ᠬᠠᠭᠠᠰ ᠵᠢᠯ ᠤᠨ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠬᠠᠩᠭᠠᠯᠭ᠎ᠠ ᠪᠠ ᠬᠡᠷᠡᠭᠯᠡᠯᠲᠡ ᠶᠢᠨ ᠪᠠᠶᠢᠳᠠᠯ ᠢ ᠨᠡᠪᠲᠡᠷᠡᠭᠦᠯᠵᠦ᠂ ᠬᠠᠷᠭᠠᠨ᠎ᠠ᠂ ᠵᠠᠭ ᠵᠡᠷᠭᠡ ᠦᠷ᠎ᠡ ᠴᠢᠬᠢ ᠶᠢᠨ ᠪᠦᠲᠦᠴᠡ ᠶᠢᠨ ᠴᠢᠨᠠᠷᠲᠠᠶ ᠬᠤᠮᠰᠠᠳᠠᠯ ᠪᠠ ᠦᠨ᠎ᠡ ᠬᠠᠩᠰᠢ ᠶᠢᠨ ᠬᠡᠯᠪᠡᠯᠵᠡᠯ ᠤᠨ ᠪᠣᠳᠠᠲᠠᠶ ᠰᠢᠯᠲᠠᠭᠠᠨ ᠢ ᠵᠠᠳᠠᠯᠵᠤ᠂ ᠳᠤᠤᠷ᠎ᠠ ᠬᠠᠭᠠᠰ ᠵᠢᠯ ᠤᠨ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠬᠠᠩᠭᠠᠯᠭ᠎ᠠ ᠪᠠ ᠬᠡᠷᠡᠭᠴᠡᠭᠡ ᠶᠢᠨ ᠬᠠᠨᠳᠤᠰᠢ ᠶᠢ ᠲᠥᠰᠦᠭᠡᠯᠡᠪᠡ᠃ ᠶᠡᠷᠦᠩᠬᠡᠶ ᠳᠤᠨᠢ ᠠᠪᠴᠤ ᠦᠵᠡᠪᠡᠯ᠂ ᠬᠠᠪᠤᠷ ᠤᠨ ᠤᠯᠠᠷᠢᠯ ᠤᠨ ᠣᠶᠢᠵᠢᠭᠤᠯᠵᠤ ᠡᠪᠡᠰᠦ ᠲᠠᠷᠢᠬᠤ ᠤᠯᠠᠷᠢᠯ ᠳᠤ ᠪᠦᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠦᠢᠯᠡᠳᠪᠦᠷᠢᠯᠡᠯ ᠬᠠᠩᠭᠠᠯᠭ᠎ᠠ ᠦᠨᠳᠦᠰᠦᠨ ᠳᠡᠭᠡᠨ ᠭᠦᠢᠴᠡᠳ ᠪᠠᠶᠢᠵᠤ᠂ ᠣᠨᠴᠠ ᠵᠠᠷᠢᠮ ᠭᠠᠵᠠᠷ ᠣᠷᠣᠨ ᠤ ᠦᠷ᠎ᠡ ᠴᠢᠬᠢ ᠶᠢᠨ ᠪᠦᠲᠦᠴᠡ ᠶᠢᠨ ᠴᠢᠨᠠᠷᠲᠠᠶ ᠳᠤᠲᠠᠭᠳᠠᠬᠤ ᠪᠠ ᠦᠨ᠎ᠡ ᠬᠠᠩᠰᠢ ᠥᠰᠬᠦ ᠦᠵᠡᠭᠳᠡᠯ ᠢ ᠪᠦᠲᠦᠮᠵᠢᠲᠡᠶ ᠰᠢᠢᠳᠪᠦᠷᠢᠯᠡᠭᠰᠡᠨ ᠪᠦᠭᠡᠳ ᠴᠠᠭ ᠲᠤᠬᠠᠶ ᠳᠤᠨᠢ ᠬᠤᠷᠢᠭᠯᠠᠵᠤ᠂ ᠳᠣᠣᠷ᠎ᠠ ᠬᠠᠭᠠᠰ ᠵᠢᠯ ᠳᠤ ᠪᠦᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠬᠠᠩᠭᠠᠯᠭ᠎ᠠ ᠭᠦᠢᠴᠡᠳ ᠪᠠᠶᠢᠪᠠᠯ᠂ ᠡᠨᠡ ᠡᠪᠦᠯ ᠢᠷᠡᠬᠦ ᠬᠠᠪᠤᠷ ᠤᠨ ᠣᠶᠢᠵᠢᠭᠤᠯᠵᠤ ᠡᠪᠡᠰᠦ ᠲᠠᠷᠢᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠣᠯᠤᠨ᠎ᠠ᠃      ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦᠨ ᠤ ᠦᠷ᠎ᠡ ᠶᠢᠨ ᠦᠢᠯᠡᠰ ᠤᠨ ᠬᠤᠯᠪᠣᠭᠠᠲᠤ ᠴᠣᠭᠴᠠ ᠪᠠᠶᠢᠭᠤᠯᠤᠭᠳᠠᠵᠤ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠣᠷᠣᠨ ᠤ ᠳᠣᠲᠣᠨ᠎ᠠ ᠭᠠᠳᠠᠨᠠᠬᠢ 38 ᠠᠵᠤ ᠠᠬᠤᠶᠢᠯᠠᠯ ᠤᠷᠢᠯᠭ᠎ᠠ ᠪᠠᠷ ᠦᠵᠡᠰᠬᠦᠯᠡᠩ ᠳᠤ ᠣᠷᠣᠯᠴᠠᠭᠰᠠᠨ ᠪᠥᠭᠡᠳ ᠳᠡᠯᠭᠡᠨ ᠦᠵᠡᠭᠦᠯᠵᠦ᠂ 8 ᠬᠠᠩᠭᠠᠯᠭ᠎ᠠ ᠶᠢᠨ ᠲᠠᠯ᠎ᠠ ᠪᠣᠯᠤᠨ 8 ᠭᠡᠷᠡᠭᠴᠡᠭᠡᠨ ᠤ ᠲᠠᠯ᠎ᠠ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠳᠤᠬᠢᠷᠠᠯᠴᠠᠵᠤ᠂ ᠪᠦᠬᠦ ᠣᠷᠣᠨ ᠤ ᠡᠯ᠎ᠡ ᠠᠶᠢᠮᠠᠭ ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ᠂ ᠰᠠᠯᠠᠭ᠎ᠠ ︵ᠦᠷᠳᠡᠭᠡ︶᠎ ᠶᠢᠨ ᠳᠠᠷᠤᠭ᠎ᠠ ᠵᠢᠴᠢ ᠤᠢ ᠰᠢᠭᠤᠢ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠬᠠᠩᠭᠠᠯᠭ᠎ᠠ ᠬᠡᠷᠡᠭᠴᠡᠭᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠨᠡᠶᠢᠳᠡ 150 ᠭᠠᠷᠤᠢ ᠬᠥᠮᠦᠨ ᠵᠣᠯᠭᠠᠯᠴᠠᠭᠠᠨ ᠤ ᠬᠤᠷᠠᠯ ᠳᠤ ᠣᠷᠣᠯᠴᠠᠪᠠ᠃
W020240705441266696159_ORIGIN.jpg
    ᠲᠠᠷᠠᠭᠠᠴᠢ ᠶᠢᠨ ᠠᠯᠬᠤᠮ ᠳᠤ᠂ ᠳᠤᠤᠷᠠᠬᠢ ᠬᠡᠳᠦᠨ ᠵᠦᠢᠯ ᠤᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ ᠨᠢᠭᠡ ᠳᠤ ᠮᠡᠷᠭᠡᠵᠢᠯ ᠤᠨ ᠵᠢᠯᠣᠭᠤᠳᠣᠯᠭ᠎ᠠ ᠶᠢ ᠰᠠᠶᠢᠲᠤᠷ ᠬᠢᠵᠦ᠂ ᠡᠯ᠎ᠡ ᠭᠠᠵᠠᠷ ᠤᠨ ︽ᠤᠮᠠᠷᠠᠲᠤ ᠶᠢᠨ ᠭᠤᠷᠪᠠᠨ ᠤᠷᠤᠨ︾᠎ ᠎ ᠤ ᠢᠨᠵᠧᠨᠧᠷᠢᠩ ᠤᠨ ᠡᠭᠦᠷᠭᠡ ᠶᠢᠨ ᠬᠡᠮᠵᠢᠶ᠎ᠡ ᠶᠢ ᠦᠨᠳᠦᠰᠦᠯᠡᠨ᠂ ᠴᠠᠭ ᠲᠤᠬᠠᠶ ᠳᠤᠨᠢ ᠬᠤᠷᠢᠶᠠᠨ ᠠᠪᠴᠤ ᠨᠥᠭᠡᠴᠡᠯᠡᠨ᠂ ᠡᠯ᠎ᠡ ᠲᠥᠷᠥᠯ ᠤᠨ ᠦᠷ᠎ᠡ ᠴᠢᠬᠢ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠤᠶᠢᠵᠢᠭᠤᠯᠵᠤ᠂ ᠦᠢᠯᠡᠳᠪᠦᠷᠢᠯᠡᠬᠦ᠂ ᠬᠠᠩᠭᠠᠬᠤ ᠶᠢ ᠪᠠᠲᠤᠯᠠᠬᠤ ᠮᠥᠷᠲᠡᠭᠡᠨ ᠪᠠᠰᠠ ᠰᠣᠬᠤᠷ ᠪᠠᠯᠠᠶ ᠪᠠᠷ ᠳᠠᠭᠠᠵᠤ ᠳᠡᠷᠪᠡᠬᠦ ᠪᠠ ᠪᠦᠷᠢᠯᠭᠡᠬᠦ ᠠᠴᠠ ᠵᠠᠶᠢᠯᠠᠰᠬᠢᠬᠦ ᠬᠡᠷᠡᠭᠲᠡᠶ︔ ᠬᠤᠶᠠᠷ ᠲᠤ ᠮᠡᠷᠭᠡᠵᠢᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠠᠵᠢᠯ ᠲᠥᠷᠥᠯ ᠤᠨ ᠨᠡᠶᠢᠭᠡᠮᠯᠢᠭ ᠢ ᠵᠢᠯᠣᠭᠤᠳᠤᠨ ᠪᠠᠶᠢᠭᠤᠯᠵᠤ᠂ ᠪᠥᠬᠦ ᠣᠷᠣᠨ ᠤ ᠣᠶ ᠰᠢᠭᠤᠶ  ᠨᠤᠲᠤᠭ ᠪᠡᠯᠴᠢᠭᠡᠷ ᠤᠨ ᠦᠷ᠎ᠡ ᠴᠢᠬᠢ ᠶᠢᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠰᠣᠯᠢᠯᠴᠠᠬᠤ ᠨᠡᠶᠢᠲᠡᠯᠡᠬᠦ ᠲᠠᠪᠴᠠᠩ ᠢ ᠲᠥᠯᠥᠪᠯᠡᠨ ᠪᠠᠶᠢᠭᠤᠯᠵᠤ᠂ 2024 ᠣᠨ ᠤ ᠥᠪᠥᠷ ᠮᠣᠩᠭᠤᠯ ᠤᠨ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠬᠤᠷᠠᠯ ᠢ ᠪᠡᠯᠡᠳᠬᠡᠨ ᠬᠤᠷᠠᠯᠳᠤᠭᠤᠯᠵᠤ᠂ ︽ᠤᠮᠠᠷᠠᠲᠤ ᠶᠢᠨ ᠭᠤᠷᠪᠠᠨ ᠤᠷᠤᠨ︾᠎ ᠎ ᠤ ᠭᠠᠵᠠᠷ ᠣᠷᠣᠨ ᠤ ᠦᠷ᠎ᠡ ᠴᠢᠬᠢ ᠵᠡᠷᠭᠡ ᠡᠯᠡᠰᠦ ᠶᠢ ᠵᠠᠰᠠᠬᠤ ᠡᠳ᠋ ᠪᠣᠳᠠᠰ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠬᠤᠷᠠᠯ ᠢ ᠰᠠᠶᠢᠲᠤᠷ ᠡᠷᠭᠢᠯᠡᠨ᠎ᠡ︔ ᠭᠤᠷᠪᠠ ᠳᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠨᠢᠭᠡᠴᠡ ᠶᠢᠨ ᠦᠷ᠎ᠡ ᠴᠢᠬᠢ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠪᠠ ᠬᠤᠶᠠᠷ ᠢ ᠰᠤᠭᠤᠴᠢᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠦᠷ᠎ᠡ ᠴᠢᠬᠢ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ ᠴᠢᠬᠢ ᠶᠢᠨ ᠦᠨ᠎ᠡ ᠬᠠᠩᠰᠢ ᠶᠢ ᠲᠣᠭᠲᠠᠭᠤᠨ ᠪᠠᠶᠢᠯᠭᠠᠵᠤ᠂ ︽ᠤᠮᠠᠷᠠᠲᠤ ᠶᠢᠨ ᠭᠤᠷᠪᠠᠨ ᠤᠷᠤᠨ︾ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠦᠷ᠎ᠡ ᠴᠢᠬᠢ ᠶᠢᠨ ᠴᠢᠨᠠᠷ ᠰᠠᠶᠢᠲᠠᠶ᠂ ᠲᠣᠭᠲᠠᠭᠤᠨ ᠬᠠᠩᠭᠠᠯᠭ᠎ᠠ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号