| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠳᠠ ᠶᠢ | ᠠᠬᠢᠭᠤᠯᠬᠤ ᠲᠦᠷᠢᠮ | | ︵2023 ᠣᠨ ᠤ 7 ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠠᠪᠤᠳᠤᠭᠠᠷ ᠬᠤᠷᠠᠯ ᠠᠴᠠ ᠪᠠᠲᠤᠯᠠᠪᠠ︶ | | ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠢᠨᠠᠷ ᠰᠠᠶᠢᠲᠠᠶ ᠪᠦᠲᠦᠭᠡᠨ ᠪᠠᠶᠢᠭᠤᠯᠵᠤ᠂ ᠠᠮᠤ ᠪᠤᠳᠠᠭ᠎ᠠ ᠪᠣᠯᠤᠨ | ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠲᠣᠭᠲᠠᠭᠤᠨ ᠪᠥᠭᠡᠳ ᠠᠶᠤᠯ ᠦᠭᠡᠶ ᠬᠠᠩᠭᠠᠯᠭ᠎ᠠ ᠶᠢ | ᠠᠬᠢᠭᠤᠯᠬᠤ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠳᠦᠷᠢᠮ ᠢ | ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠤᠯᠤᠰ ᠤᠨ | ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠬᠤ ᠠᠵᠢᠯ ᠵᠢᠴᠢ ᠬᠠᠮᠢᠶ᠎ᠠ ᠪᠦᠬᠦᠢ ᠠᠵᠢᠯᠯᠠᠭ᠎ᠠ ᠳᠤ ᠲᠤᠰ | ᠳᠦᠷᠢᠮ ᠲᠣᠬᠢᠷᠠᠨ᠎ᠠ᠃ | ᠭᠤᠷᠪᠠᠳᠤᠭᠠᠷ ᠵᠦᠢᠯ ᠤᠯᠤᠰ ᠠᠴᠠ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ | ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ | ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ | ᠲᠤᠤᠱᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠪᠠᠷ ᠭᠤᠤᠯ ᠰᠢᠵᠢᠮ ᠪᠣᠯᠭᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ | ᠬᠦᠭᠵᠢᠯᠲᠡ ᠪᠠᠷ ᠤᠳᠤᠷᠢᠳᠤᠮᠵᠢ ᠪᠣᠯᠭᠠᠨ᠂ ᠲᠠᠷᠢᠶᠠᠯᠠᠩ ᠮᠠᠯ ᠠᠵᠤ ᠠᠬᠤᠶ᠂ ᠮᠠᠯᠵᠢᠬᠤ ᠲᠠᠷᠢᠶᠠᠯᠠᠬᠤ ᠣᠷᠣᠨ ᠢ | ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ | ᠲᠦᠷᠭᠡᠳᠬᠡᠨ ᠪᠦᠲᠦᠭᠡᠨ ᠪᠠᠶᠢᠭᠤᠯᠵᠤ᠂ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ | ᠬᠦᠴᠦᠨ ᠨᠡᠮᠡᠷᠢᠯᠡᠬᠦ ᠬᠡᠷᠡᠭᠲᠡᠶ᠃ | ᠳᠥᠷᠪᠡᠳᠦᠭᠡᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ᠂ ᠲᠠᠷᠢᠶᠠᠨ ᠭᠠᠵᠠᠷ ᠤᠨ | ᠠᠮᠤ ᠪᠤᠳᠠᠭᠠᠨ ᠤ ᠤᠨᠠᠯᠲᠠ ᠶᠢ ᠪᠠᠲᠤᠯᠠᠬᠤ᠂ ᠰᠢᠨᠵᠢᠯᠡᠬᠦ ᠤᠬᠠᠭᠠᠨᠴᠢ ᠪᠠᠷ ᠲᠠᠷᠢᠶᠠᠨ ᠭᠠᠵᠠᠷ ᠤᠨ ᠡᠬᠢ ᠪᠠᠶᠠᠯᠢᠭ ᠢ | ᠠᠰᠢᠭᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠶᠢ ᠠᠬᠢᠭᠤᠯᠤᠨ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠡᠬᠢ ᠪᠠᠶᠠᠯᠢᠭ ᠢ ᠠᠰᠢᠭᠯᠠᠬᠤ | ᠠᠷᠭ᠎ᠠ ᠮᠠᠶ᠋ᠢᠭ᠂ ᠡᠵᠡᠩᠨᠡᠯᠲᠡ ᠶᠢᠨ ᠠᠷᠭ᠎ᠠ ᠮᠠᠶ᠋ᠢᠭ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠶ ᠶᠢᠨ | ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ | ᠡᠬᠢ ᠪᠠᠶᠠᠯᠢᠭ ᠤᠨ ᠲᠤᠭ᠎ᠠ ᠬᠡᠮᠵᠢᠶ᠎ᠡ ᠶᠢ ᠨᠡᠮᠡᠭᠳᠡᠬᠦᠯᠵᠦ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢ ᠨᠡᠮᠡᠭᠳᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠶ᠃ | ᠲᠠᠪᠤᠳᠤᠭᠠᠷ ᠵᠦᠢᠯ ᠤᠯᠤᠰ ᠠᠴᠠ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ | ᠲᠠᠷᠢᠬᠤ ᠳᠤ ᠲᠣᠬᠢᠷᠠᠬᠤ ᠶᠢ ᠨᠢ ᠲᠠᠷᠢᠵᠤ᠂ ᠲᠡᠵᠢᠭᠡᠬᠦ ᠳᠤ ᠲᠣᠬᠢᠷᠠᠬᠤ ᠶᠢ ᠨᠢ ᠲᠡᠵᠢᠭᠡᠵᠦ᠂ ᠲᠤᠰ ᠭᠠᠵᠠᠷ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠪᠠᠶᠢᠷᠢᠰᠢᠭᠤᠯᠤᠯᠲᠠ ᠪᠠ | ᠦᠢᠯᠡᠳᠪᠦᠷᠢᠯᠡᠯ ᠤᠨ ᠪᠦᠲᠦᠴᠡ ᠪᠠᠨ ᠰᠢᠯᠢᠳᠡᠭᠵᠢᠭᠦᠯᠬᠦ ᠬᠡᠷᠡᠭᠲᠡᠶ᠃ | ᠵᠢᠷᠭᠤᠳᠤᠭᠠᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠠᠮᠤ ᠪᠤᠳᠠᠭᠠᠨ ᠤ ᠠᠮᠤᠷ | ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠨᠠᠮ ᠤᠨ ᠬᠤᠷᠢᠶ᠎ᠠ | ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠢᠶᠠᠷ ᠢᠶᠠᠨ | ᠣᠷᠣᠯᠴᠠᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠬᠦ ᠬᠡᠷᠡᠭᠲᠡᠶ᠃ | | ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ | ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠵᠣᠬᠢᠴᠠᠭᠤᠯᠬᠤ ᠪᠠᠶᠢᠭᠤᠯᠤᠮᠵᠢ ᠶᠢ | ᠪᠠᠶᠢᠭᠤᠯᠤᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠵᠢᠯᠣᠭᠤᠳᠤᠨ ᠠᠬᠢᠭᠤᠯᠬᠤ᠂ ᠰᠢᠮᠳᠠᠭᠤᠯᠤᠨ | ᠨᠠᠶᠢᠳᠠᠪᠤᠷᠢᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠬᠠᠷᠢᠭᠤᠴᠠᠵᠤ᠂ ᠠᠵᠢᠯ ᠤᠨ ᠳᠤᠮᠳᠠᠬᠢ ᠴᠢᠬᠤᠯᠠ ᠶᠡᠭᠡ | ᠠᠰᠠᠭᠤᠳᠠᠯ ᠪᠠ ᠭᠤᠣᠯᠳᠠᠯᠭ᠎ᠠ ᠲᠠᠢ ᠵᠦᠢᠯᠡᠰ ᠢ ᠰᠤᠳᠤᠯᠤᠨ ᠰᠢᠢᠳᠪᠦᠷᠢᠯᠡᠨ᠎ᠡ᠃ | ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠠᠵᠢᠯ ᠢ ᠬᠠᠷᠢᠭᠤᠴᠠᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ | ᠠᠬᠤᠶ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠯᠤᠰ ᠤᠨ ᠴᠢᠬᠤᠯᠠ ᠪᠦᠬᠦᠢ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ | ᠵᠢᠯᠣᠭᠤᠳᠬᠤ ᠦᠢᠯᠡᠴᠢᠯᠡᠭᠡ ᠪᠣᠯᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ | ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠡᠳ᠋ ᠤᠨ | ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠤᠰᠤᠨ ᠤ ᠵᠠᠰᠠᠭ ᠵᠠᠬᠢᠷᠭᠠᠨ᠂ | ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠣᠶ ᠰᠢᠭᠤᠶ ᠪᠠ ᠨᠤᠲᠤᠭ ᠪᠡᠯᠴᠢᠭᠡᠷ᠂ ᠮᠥᠩᠭᠦᠨ ᠭᠦᠢᠯᠭᠡᠭᠡᠨ ᠤ ᠬᠠᠮᠢᠶᠠᠷᠤᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠪᠣᠯᠤᠨ | ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠤᠯᠤᠰ ᠤᠨ ᠴᠢᠬᠤᠯᠠ ᠪᠦᠬᠦᠢ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ | ᠪᠠᠶᠢᠭᠤᠯᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ | ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠤᠯᠤᠰ ᠤᠨ ᠴᠢᠬᠤᠯᠠ | ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠥᠲᠥᠭᠡᠨ ᠪᠠᠶᠢᠭᠤᠯᠬᠤ ᠬᠠᠮᠢᠶ᠎ᠠ ᠪᠥᠬᠦᠶ ᠠᠵᠢᠯ ᠢ ᠬᠠᠤᠯᠢ ᠶᠣᠰᠣᠭᠠᠷ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ᠶᠢᠰᠦᠳᠦᠭᠡᠷ ᠵᠦᠢᠯ ᠤᠯᠤᠰ ᠠᠴᠠ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠮᠠᠯᠴᠢᠨ ᠲᠠᠷᠢᠶᠠᠴᠢᠨ ᠤ | ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠬᠦᠨᠳᠦᠳᠬᠡᠨ᠂ | ᠮᠠᠯᠴᠢᠨ ᠲᠠᠷᠢᠶᠠᠴᠢᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ | ᠮᠠᠯᠴᠢᠨ ᠲᠠᠷᠢᠶᠠᠴᠢᠨ ᠤ ᠦᠷᠭᠦᠯᠵᠢᠯᠡᠨ ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠂ ᠮᠠᠯᠴᠢᠨ | ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ | ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠵᠡᠷᠭᠡ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠵᠣᠷᠢᠭᠵᠢᠭᠤᠯᠤᠨ ᠳᠡᠮᠵᠢᠵᠦ ᠪᠠᠶᠢᠭᠠᠳ | ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠶ᠃ | | ᠬᠤᠶᠠᠳᠤᠭᠠᠷ ᠪᠦᠯᠦᠭ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ | ᠠᠷᠪᠠᠳᠤᠭᠠᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠲᠠᠷᠢᠶᠠᠯᠠᠩ ᠮᠠᠯ ᠠᠵᠤ | ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠳᠠ ᠠᠰᠢᠭᠯᠠᠯᠲᠠ ᠶᠢ ᠴᠢᠩᠭᠠᠷᠠᠭᠤᠯᠵᠤ᠂ ᠲᠠᠷᠢᠶᠠᠯᠠᠩ ᠮᠠᠯ ᠠᠵᠤ | ᠠᠬᠤᠢ ᠶᠢᠨ ᠰᠠᠭᠤᠷᠢ ᠲᠦᠬᠦᠭᠡᠷᠤᠮᠵᠢ ᠶᠢ ᠪᠠᠬᠢᠵᠢᠭᠦᠯᠦᠨ ᠰᠠᠶᠢᠵᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮᠵᠢ ᠶᠢ ᠪᠦᠷᠢᠨ ᠪᠣᠯᠭᠠᠨ᠂ ᠦᠷᠭᠦᠯᠵᠢᠯᠡᠨ ᠬᠥᠭᠵᠢᠬᠦ ᠶᠢ | ᠠᠬᠢᠭᠤᠯᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠭᠠᠵᠠᠷ ᠰᠢᠷᠣᠢ ᠶᠢᠨ | ᠬᠡᠷᠡᠭᠯᠡᠯᠲᠡ ᠶᠢᠨ ᠬᠠᠮᠢᠶᠠᠷᠤᠯᠳᠠ ᠶᠢᠨ ᠳᠦᠷᠢᠮ ᠪᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠲᠦᠯᠦᠪᠦᠷᠢ ᠥᠭᠬᠦ | ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ | ᠰᠠᠬᠢᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ | ᠬᠤᠪᠢᠷᠠᠭᠤᠯᠬᠤ ᠶᠢ ᠴᠢᠩᠭ᠎ᠠ ᠬᠢᠵᠠᠭᠠᠷᠯᠠᠵᠤ᠂ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ᠂ | ᠴᠡᠴᠡᠷᠯᠢᠭ ᠵᠡᠷᠭᠡ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠬᠤ | ᠬᠡᠷᠡᠭᠲᠡᠢ᠃ | ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ᠂ | ᠭᠠᠵᠠᠷ ᠣᠷᠣᠨ ᠤ ᠪᠠᠶᠢᠳᠠᠯ ᠳᠠᠭᠠᠨ ᠲᠤᠬᠢᠷᠡᠭᠤᠯᠦᠠ ᠡᠭᠡᠯᠵᠢᠯᠡᠨ ᠲᠡᠷᠢᠵᠦ ᠥᠨᠵᠢᠭᠦᠯᠦᠨ ᠲᠠᠷᠢᠬᠤ ᠶᠢ ᠬᠦᠳᠦᠯᠦᠠ | ᠵᠢᠯᠣᠭᠤᠳᠴᠤ᠂ ᠬᠥᠷᠥᠰᠥ ᠰᠢᠷᠣᠢ ᠶᠢ ᠰᠠᠶᠢᠵᠢᠷᠠᠭᠤᠯᠤᠨ᠂ ᠲᠠᠷᠢᠶᠠᠨ ᠭᠠᠵᠠᠷ ᠤᠨ ᠬᠦᠴᠦ ᠰᠢᠮ᠎ᠡ ᠶᠢ | ᠳᠡᠭᠡᠭᠰᠢᠯᠡᠭᠦᠯᠵᠦ᠂ ᠤᠰᠤ ᠵᠠᠯᠠᠬᠤ ᠪᠠᠷᠢᠯᠭ᠎ᠠ ᠶᠢᠨ ᠲᠥᠬᠦᠭᠡᠷᠦᠮᠵᠢ ᠶᠢ ᠬᠠᠮᠠᠭᠠᠯᠠᠨ᠂ ᠭᠠᠵᠠᠷ ᠰᠢᠷᠣᠢ ᠶᠢᠨ ᠡᠯᠡᠰᠦᠵᠢᠬᠦ᠂ | ᠬᠤᠵᠢᠷᠰᠢᠬᠤ᠂ ᠬᠥᠷᠥᠰᠥ ᠰᠢᠷᠣᠢ ᠢᠳᠡᠭᠳᠡᠬᠦ ᠪᠠ ᠬᠥᠷᠥᠰᠥ ᠰᠢᠷᠣᠢ ᠶᠢᠨ ᠪᠣᠬᠢᠷᠲᠤᠬᠤ ᠶᠢ ᠰᠡᠷᠭᠡᠶᠢᠯᠡᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠠᠳᠠᠯᠢ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠣᠰ ᠵᠠᠰᠠᠭ ᠵᠠᠬᠢᠷᠭᠠᠨ ᠤ | ᠣᠷᠣᠨ ᠤ ᠪᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ | ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠵᠤ᠂ ᠣᠷᠣᠨ ᠪᠦᠰᠡ᠂ ᠲᠥᠷᠥᠯ ᠬᠡᠯᠪᠡᠷᠢ ᠬᠤᠪᠢᠶᠠᠭᠰᠠᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠵᠢᠴᠢ ᠲᠣᠭᠲᠠᠭᠰᠠᠨ ᠨᠣᠷᠮ᠎ᠠ ᠶᠢ | ᠲᠣᠭᠲᠠᠭᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ | ᠲᠡᠭᠦᠯᠳᠡᠷᠵᠢᠭᠦᠯᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠪᠣᠯᠤᠨ ᠪᠠᠶᠢᠭᠤᠯᠤᠭᠰᠠᠨ ᠤ ᠳᠠᠷᠠᠭᠠᠬᠢ | ᠬᠠᠮᠢᠶᠠᠷᠤᠯᠲᠠ ᠬᠠᠮᠠᠭᠠᠯᠠᠯᠲᠠ ᠶᠢ ᠨᠢᠭᠡᠳᠦᠯᠲᠡᠶ ᠵᠢᠷᠤᠮᠵᠢᠭᠤᠯᠤᠨ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ | ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠠᠯᠬᠤᠮ ᠠᠯᠬᠤᠮ ᠢᠶᠠᠷ ᠪᠥᠲᠥᠭᠡᠨ ᠪᠠᠶᠢᠭᠤᠯᠬᠤ | ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠰᠠᠭᠤᠷᠢ ᠲᠦᠬᠦᠭᠡᠷᠤᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ᠂ ᠬᠠᠷ᠎ᠠ ᠬᠥᠷᠥᠰᠥᠲᠦ ᠲᠠᠷᠢᠶᠠᠨ | ᠭᠠᠵᠠᠷ ᠤᠨ ᠬᠠᠭᠠᠯᠪᠤᠷᠢᠯᠠᠬᠤ ᠳᠠᠪᠬᠤᠷᠭ᠎ᠠ ᠶᠢᠨ ᠵᠤᠵᠠᠭᠠᠨ ᠤ ᠬᠡᠮᠵᠢᠶ᠎ᠡ ᠪᠠ ᠣᠷᠭᠠᠨᠢᠭ ᠪᠣᠳᠠᠰ ᠤᠨ | ᠠᠭᠤᠯᠤᠭᠳᠠᠴᠠ ᠶᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ᠂ ᠬᠠᠷ᠎ᠠ ᠬᠥᠷᠥᠰᠥᠲᠦ ᠲᠠᠷᠢᠶᠠᠨ ᠭᠠᠵᠠᠷ ᠤᠨ | ᠦᠢᠯᠡᠳᠪᠦᠷᠢᠯᠡᠬᠦ ᠴᠢᠳᠠᠪᠤᠷᠢ ᠶᠢ ᠬᠠᠮᠠᠭᠠᠯᠠᠨ᠂ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ | ᠪᠠᠭᠠᠰᠬᠠᠬᠤ ᠦᠭᠡᠶ ᠪᠠᠶᠢᠬᠤ᠂ ᠴᠢᠳᠠᠮᠵᠢ ᠶᠢ ᠮᠠᠭᠤᠳᠠᠭᠤᠯᠬᠤ ᠦᠭᠡᠶ ᠪᠠᠶᠢᠬᠤ᠂ ᠶᠠᠰᠤ ᠴᠢᠨᠠᠷ ᠢ ᠳᠡᠭᠡᠭᠰᠢᠯᠡᠭᠦᠯᠬᠦ᠂ | ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠭᠦᠯᠬᠦ ᠶᠢ ᠦᠨᠡᠨᠬᠦ ᠪᠠᠲᠤᠯᠠᠨ᠎ᠠ᠃ | ᠠᠷᠪᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠬᠤᠵᠢᠷᠯᠢᠭ ᠭᠠᠵᠠᠷ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠵᠦ᠂ ᠬᠤᠵᠢᠷᠯᠢᠭ ᠭᠠᠵᠠᠷ ᠢ | ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠶᠢ ᠵᠦᠶ ᠵᠣᠬᠢᠰᠲᠠᠶ ᠨᠠᠶᠢᠷᠠᠭᠤᠯᠤᠨ ᠵᠣᠬᠢᠶᠠᠵᠤ᠂ ᠬᠤᠵᠢᠷᠯᠢᠭ | ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠤᠵᠢᠷᠯᠢᠭ ᠭᠠᠵᠠᠷ ᠤᠨ ᠲᠠᠷᠢᠮᠠᠯ ᠤᠨ | ᠲᠥᠷᠥᠯ ᠵᠦᠢᠯ ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠪᠠᠨ ᠴᠢᠩᠭᠠᠳᠬᠠᠵᠤ᠂ ᠬᠤᠵᠢᠷᠯᠢᠭ ᠭᠠᠵᠠᠷ ᠢ | ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠦᠨᠳᠦᠰᠦᠨ ᠨᠤᠲᠤᠭ | ᠪᠡᠯᠴᠢᠭᠡᠷ ᠤᠨ ᠬᠠᠮᠠᠭᠠᠯᠠᠯᠲᠠ᠂ ᠮᠠᠯ ᠪᠡᠯᠴᠢᠭᠡᠷ ᠤᠨ ᠲᠡᠩᠴᠡᠭᠦᠷᠢ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ | ᠮᠠᠯᠵᠢᠬᠤ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠨᠤᠲᠤᠭ ᠪᠡᠯᠴᠢᠭᠡᠷ ᠢ ᠲᠣᠭᠤᠷᠢᠭ ᠬᠤᠪᠢᠶᠠᠨ ᠬᠡᠷᠡᠭᠯᠡᠬᠦ ᠶᠢ | ᠬᠠᠮᠢᠶᠠᠷᠤᠨ ᠡᠵᠡᠮᠳᠡᠬᠦ ᠶᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ | ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠵᠡᠷᠭᠡ ᠲᠦᠷᠢᠮ ᠢ ᠨᠠᠶᠢᠳᠠᠪᠤᠷᠢᠵᠢᠭᠤᠯᠤᠨ᠎ᠠ᠃ | ᠠᠷᠪᠠᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠣᠯᠠᠨ ᠲᠠᠯᠠᠲᠤ᠂ ᠥᠨᠳᠥᠷ ᠦᠷ᠎ᠡ ᠠᠰᠢᠭᠲᠤ ᠪᠡᠯᠡᠳᠬᠡᠮᠵᠢ ᠲᠦᠭᠦᠭᠡᠷᠤᠮᠵᠢ ᠲᠠᠢ ᠲᠠᠷᠢᠶᠠᠯᠠᠩ | ᠮᠠᠯ ᠠᠵᠤ ᠠᠬᠤᠶ ᠶᠢᠨ ᠬᠥᠭᠵᠢᠯᠲᠡ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠳᠣᠭᠢᠷᠠᠭᠤᠯᠤᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ᠂ ᠤᠶᠤᠨᠴᠢᠯᠠᠭᠰᠠᠨ | ᠪᠡᠯᠡᠳᠬᠡᠮᠵᠢ ᠲᠦᠬᠦᠭᠡᠷᠤᠮᠵᠢ ᠲᠠᠢ ᠲᠠᠷᠢᠶᠠᠯᠠᠩ ᠪᠠ ᠣᠲᠣ ᠦᠶ᠎ᠡ ᠶᠢᠨ ᠪᠡᠯᠡᠳᠬᠡᠮᠵᠢ ᠲᠦᠬᠦᠭᠡᠷᠤᠮᠵᠢ ᠲᠠᠢ ᠮᠠᠯ ᠠᠵᠤ | ᠠᠬᠤᠶ ᠶᠢ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠰᠠᠭᠤᠷᠢ ᠲᠦᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠬᠠᠮᠠᠭᠠᠯᠠᠯᠲᠠ ᠪᠠ ᠥᠨᠳᠥᠷ ᠦᠷ᠎ᠡ ᠪᠦᠲᠦᠮᠵᠢᠲᠡᠶ ᠤᠰᠤ | ᠠᠷᠪᠢᠯᠠᠬᠤ ᠤᠰᠤᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠨᠡᠪᠴᠢᠵᠦ | ᠭᠤᠭᠤᠵᠢᠬᠤ ᠶᠢ ᠪᠠᠭᠠᠰᠬᠠᠵᠤ᠂ ᠤᠰᠤ ᠠᠷᠪᠢᠯᠠᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠡᠯᠭᠡᠷᠡᠭᠦᠯᠦᠨ᠂ | ᠲᠠᠷᠢᠶᠠᠯᠠᠩ ᠮᠠᠯ ᠠᠵᠤ ᠠᠬᠤᠶ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ | ᠠᠷᠪᠠ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠤᠬᠠᠶ ᠶᠢᠨ ᠭᠠᠵᠠᠷ ᠤᠨ ᠳᠠᠪᠠᠭᠤᠯᠢᠭ ᠣᠨᠴᠠᠯᠢᠠᠠᠳᠣ ᠠᠵᠤ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠪᠠᠨ ᠦᠨᠳᠦᠰᠦᠯᠡᠨ᠂ ᠰᠢᠨ᠎ᠡ ᠰᠤᠷᠭᠤᠭ ᠪᠠᠶᠢᠯᠭᠠᠬᠤ ᠦᠢᠯᠡᠳᠪᠦᠷᠢᠯᠡᠯ ᠤᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠰᠠᠭᠤᠷᠢᠨ ᠭᠠᠵᠠᠷ ᠪᠠ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠰᠢᠨ᠎ᠡ ᠰᠤᠷᠭᠤᠭ ᠪᠠᠶᠢᠯᠭᠠᠬᠤ | ᠦᠢᠯᠡᠳᠪᠦᠷᠢᠯᠡᠯ ᠤᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢ ᠲᠦᠭᠦᠭᠡᠷᠤᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠢᠨ᠎ᠡ ᠰᠤᠷᠭᠤᠭ | ᠪᠠᠶᠢᠯᠭᠠᠬᠤ ᠦᠢᠯᠡᠳᠪᠦᠷᠢᠯᠡᠯ ᠤᠨ ᠬᠡᠯᠬᠢᠶᠡᠲᠦ ᠰᠠᠭᠤᠷᠢ ᠲᠥᠬᠦᠭᠡᠷᠦᠮᠵᠢ ᠶᠢ ᠬᠡᠷᠡᠭᠯᠡᠬᠦ ᠪᠠ ᠥᠭᠡᠷᠡᠴᠢᠯᠡᠨ | ᠰᠠᠶᠢᠵᠢᠷᠠᠭᠤᠯᠬᠤ ᠶᠢ ᠳᠡᠮᠵᠢᠵᠦ᠂ ᠰᠢᠨ᠎ᠡ ᠰᠤᠷᠭᠤᠭ ᠪᠠᠶᠢᠯᠭᠠᠬᠤ ᠦᠢᠯᠡᠳᠪᠦᠷᠢᠯᠡᠯ ᠤᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠦᠢᠯᠡᠴᠢᠯᠡᠭᠡᠨ ᠤ ᠲᠤᠤᠷ ᠰᠦᠯᠵᠢᠶ᠎ᠡ ᠶᠢ ᠳᠤᠮᠳᠠ ᠵᠢᠵᠢᠭ ᠬᠤᠲᠠ ᠪᠠᠯᠭᠠᠰᠤ ᠪᠠ ᠨᠥᠬᠦᠴᠡᠯ | ᠪᠦᠷᠢᠯᠳᠦᠭᠦᠯᠦᠭᠰᠡᠨ ᠮᠠᠯᠵᠢᠬᠤ ᠲᠠᠷᠢᠶᠠᠯᠠᠬᠤ ᠣᠷᠣᠨ ᠳᠠᠰᠢ ᠦᠷᠭᠡᠳᠬᠡᠬᠦ ᠶᠢ ᠠᠬᠢᠭᠤᠯᠬᠤ ᠬᠡᠷᠡᠭᠲᠡᠶ᠃ | ᠬᠤᠷᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠷᠢᠶᠠᠯᠠᠩ ᠮᠠᠯ ᠠᠵᠤ ᠠᠬᠤᠢ ᠶᠢᠨ ᠭᠠᠢ ᠭᠠᠮᠰᠢᠭ ᠢ ᠰᠡᠷᠭᠡᠶᠢᠯᠡᠬᠦ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠪᠦᠰᠡ ᠬᠤᠪᠢᠶᠠᠭᠰᠠᠨ᠂ ᠲᠠᠷᠢᠮᠠᠯ ᠤᠨ ᠲᠦᠷᠦᠯ | ᠠᠩᠭᠢᠯᠠᠯ ᠬᠤᠪᠢᠶᠠᠭᠰᠠᠨ᠂ ᠭᠠᠮᠰᠢᠭ ᠤᠨ ᠲᠦᠷᠦᠯ ᠬᠤᠪᠢᠶᠠᠭᠰᠠᠨ ᠲᠠᠷᠢᠶᠠᠯᠠᠩ ᠮᠠᠯ ᠠᠵᠤ ᠠᠬᠤᠢ ᠶᠢᠨ ᠴᠠᠭ | ᠠᠭᠤᠷ ᠤᠨ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠲᠡᠵᠢᠭᠡᠯ | ᠡᠪᠡᠰᠦ ᠪᠣᠷᠳᠤᠭ᠎ᠠ ᠨᠥᠭᠡᠴᠡᠯᠡᠬᠦ ᠶᠢ ᠴᠢᠩᠭᠠᠳᠬᠠᠨ᠂ ᠠᠮᠢᠳᠤ ᠪᠣᠳᠠᠰ ᠤᠨ ᠭᠠᠢ ᠭᠠᠮᠰᠢᠭ ᠢ ᠬᠢᠨᠠᠨ ᠬᠡᠮᠵᠢᠵᠦ | ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠮᠢᠲᠠᠨ ᠤ ᠬᠢᠵᠢᠭ ᠡᠪᠡᠳᠴᠢᠨ ᠢ ᠪᠠᠶᠢᠩᠭᠤᠵᠢᠭᠤᠯᠤᠨ | ᠰᠡᠷᠭᠡᠶᠢᠯᠡᠨ ᠡᠵᠡᠮᠳᠡᠬᠦ ᠪᠠ ᠬᠥᠮᠦᠨ ᠮᠠᠯ ᠳᠤ ᠪᠦᠷ ᠲᠤᠰᠳᠠᠭ ᠭᠤᠣᠯᠳᠠᠯᠭ᠎ᠠ ᠲᠠᠢ ᠡᠪᠡᠳᠴᠢᠨ ᠤ ᠡᠬᠢ ᠡᠭᠦᠰᠦᠯ ᠢ | ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ᠭᠤᠷᠪᠠᠳᠤᠭᠠᠷ ᠪᠦᠯᠦᠭ ᠦᠢᠯᠡᠳᠪᠦᠷᠢᠯᠡᠯ ᠤᠨ ᠴᠢᠳᠠᠪᠤᠷᠢ ᠶᠢᠨ ᠪᠠᠶᠢᠭᠤᠯᠤᠯᠲᠠ | ᠬᠤᠷᠢᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠮᠢᠬᠠᠨ ᠤ ᠲᠥᠷᠥᠯ ᠤᠨ ᠪᠠᠲᠤᠯᠠᠭᠠᠲᠤ | ᠬᠠᠩᠭᠠᠯᠭ᠎ᠠ ᠶᠢ ᠳᠡᠭᠡᠭᠰᠢᠯᠡᠭᠦᠯᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠡᠵᠢᠭᠡᠯ | ᠡᠪᠡᠰᠦᠨ ᠤ ᠰᠠᠭᠤᠷᠢᠨ ᠤ ᠪᠦᠲᠦᠭᠡᠨ ᠪᠠᠢᠭᠤᠯᠤᠯᠲᠠ ᠶᠢ ᠴᠢᠩᠭᠠᠳᠬᠠᠵᠤ᠂ ᠴᠢᠬᠤᠯᠠ ᠪᠦᠬᠦᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠪᠠᠲᠤᠯᠠᠭ᠎ᠠ ᠶᠢᠨ ᠰᠢᠰᠲ᠋ᠧᠮ ᠢ ᠴᠢᠨᠠᠷ ᠰᠠᠶᠢᠲᠠᠢ ᠪᠠᠶᠢᠭᠤᠯᠬᠤ | ᠬᠡᠷᠡᠭᠲᠡᠢ᠃ | ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠤᠮᠳᠠ ᠣᠷᠳᠣ | ᠬᠤᠭᠤᠴᠠᠭᠠᠨ ᠤ ᠲᠥᠯᠥᠪᠵᠢᠭᠦᠯᠭᠡ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ | ᠵᠡᠷᠭᠡ ᠶᠢ ᠦᠨᠳᠦᠰᠦᠯᠡᠨ᠂ ᠣᠷᠣᠨ ᠪᠦᠰᠡ ᠶᠢᠨ ᠳᠠᠪᠠᠭᠤᠯᠢᠭ ᠲᠠᠢ ᠤᠶᠠᠯᠳᠤᠭᠤᠯᠵᠤ᠂ ᠠᠵᠤ ᠠᠬᠤᠶ ᠶᠢᠨ | ᠪᠦᠲᠦᠴᠡ ᠶᠢ ᠳᠣᠭᠢᠷᠠᠭᠤᠯᠤᠨ᠂ ᠣᠷᠣᠨ ᠪᠦᠰᠡ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠵᠦ᠂ ᠲᠠᠷᠢᠶᠠᠯᠠᠩ ᠮᠠᠯ | ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠪᠦᠲᠦᠴᠡ ᠨᠢ ᠵᠦᠶ ᠵᠣᠬᠢᠰᠲᠠᠶ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠲᠤ | ᠰᠢᠰᠲ᠋ᠧᠮᠵᠢ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠪᠣᠬᠢᠷᠲᠤᠯ ᠥᠬᠡᠶ ᠥᠨᠳᠥᠷ ᠦᠷ᠎ᠡ | ᠪᠦᠲᠦᠮᠵᠢᠲᠡᠶ ᠦᠢᠯᠡᠳᠪᠦᠷᠢᠯᠡᠯ ᠤᠨ ᠮᠡᠷᠭᠡᠵᠢᠯ ᠤᠨ ᠪᠠᠷᠢᠮᠵᠢᠶ᠎ᠠ ᠶᠢ ᠳᠡᠯᠭᠡᠷᠡᠭᠦᠯᠵᠦ᠂ ᠳᠠᠪᠠᠭᠤᠯᠢᠭ ᠣᠨᠴᠠᠯᠢᠠᠠᠳᠦ ᠠᠵᠤ | ᠦᠢᠯᠡᠰ ᠤᠨ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠠᠬᠢᠭᠤᠯᠤᠨ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠪᠣᠯᠤᠨ ᠳᠠᠷᠢᠵᠤ ᠲᠡᠵᠢᠭᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ | | ᠬᠤᠷᠢᠨ ᠳᠥᠷᠪᠡᠳᠦᠭᠡᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠤᠯᠠᠨ ᠡᠰᠢᠵᠢᠭᠰᠡᠨ ᠢᠳᠡᠭᠡᠨ ᠤ | ᠦᠵᠡᠯᠲᠡ ᠶᠢ ᠪᠣᠶ ᠪᠣᠯᠭᠠᠵᠤ᠂ ᠠᠮᠤ ᠪᠤᠳᠠᠭ᠎ᠠ ᠠᠵᠤ ᠠᠬᠤᠶ ᠶᠢᠨ ᠲᠠᠷᠢᠮᠠᠯ ᠲᠡᠵᠢᠭᠡᠯ ᠪᠣᠷᠳᠤᠭ᠎ᠠ ᠶᠢ ᠨᠢᠭᠡᠳᠦᠯᠲᠡᠶ | ᠲᠥᠯᠥᠪᠯᠡᠬᠦ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠶᠢ ᠤᠶᠠᠯᠳᠤᠭᠤᠯᠬᠤ᠂ ᠠᠮᠢᠲᠠᠨ ᠤᠷᠭᠤᠮᠠᠯ ᠤᠨ | ᠮᠢᠺᠷᠣᠪ ᠢ ᠵᠡᠷᠭᠡ ᠳᠤᠨᠢ ᠬᠥᠭᠵᠢᠭᠦᠯᠬᠦ ᠠᠮᠤ ᠪᠤᠳᠠᠭ᠎ᠠ ᠲᠣᠰᠣ ᠰᠢᠬᠢᠷ᠂ ᠮᠢᠬ᠎ᠠ ᠥᠨᠳᠡᠭᠡ ᠰᠦ᠂ ᠵᠢᠮᠢᠰ ᠨᠣᠭᠤᠭ᠎ᠠ | ᠵᠢᠭᠠᠰᠤ᠂ ᠮᠥᠭᠦ ᠶᠢᠨ ᠰᠦᠶ᠎ᠡ ᠵᠡᠷᠭᠡ ᠣᠯᠠᠨ ᠡᠰᠢᠵᠢᠭᠰᠡᠨ ᠢᠳᠡᠭᠡᠨ ᠬᠠᠩᠭᠠᠬᠤ ᠰᠢᠰᠲ᠋ᠧᠮᠵᠢ ᠶᠢ ᠪᠠᠶᠢᠭᠤᠯᠬᠤ | ᠬᠡᠷᠡᠭᠲᠡᠶ᠃ | ᠬᠤᠷᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠲᠠᠷᠢᠶᠠᠴᠢᠳ ᠤᠨ ᠲᠠᠷᠢᠶᠠᠯᠠᠩ ᠤᠨ ᠠᠰᠢᠭ | ᠣᠯᠵᠠᠪᠤᠷᠢ ᠶᠢ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ᠂ ᠡᠯ᠎ᠡ ᠲᠥᠷᠥᠯ ᠤᠨ ᠱᠠᠩᠨᠠᠬᠤ᠂ ᠨᠥᠬᠦᠪᠥᠷᠢ ᠥᠭᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠣᠷᠣᠨ ᠨᠤᠲᠤᠭ ᠤᠨ ᠲᠠᠷᠢᠶᠠᠯᠠᠩ ᠢ ᠴᠢᠬᠤᠯᠠᠴᠢᠯᠠᠵᠤ᠂ | ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠶ︔ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠤ | ᠪᠤᠳᠠᠭ᠎ᠠ ᠲᠠᠷᠢᠬᠤ ᠲᠠᠯᠠᠪᠠᠢ ᠶᠢ ᠪᠠᠲᠤᠯᠠᠵᠤ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠰᠢᠷ᠎ᠠ ᠪᠤᠷᠴᠠᠭ ᠵᠡᠷᠭᠡ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠨ᠂ ᠣᠷᠣᠨ | ᠪᠦᠰᠡ ᠶᠢᠨ ᠡᠬᠢ ᠪᠠᠶᠠᠯᠢᠭ ᠯᠤᠭ᠎ᠠ ᠬᠠᠷᠢᠯᠴᠠᠨ ᠵᠣᠬᠢᠴᠠᠯᠳᠤᠭᠰᠠᠨ ᠮᠠᠯ ᠠᠵᠤ ᠠᠬᠤᠶ ᠶᠢᠨ ᠠᠵᠤ ᠦᠢᠯᠡᠰ ᠤᠨ | ᠪᠦᠲᠦᠴᠡ ᠶᠢ ᠵᠢᠯᠣᠭᠤᠳᠤᠨ ᠪᠠᠶᠢᠭᠤᠯᠵᠤ᠂ ᠮᠠᠯ ᠤᠨᠤᠭ᠎ᠠ ᠲᠡᠵᠢᠭᠡᠪᠦᠷᠢ ᠵᠢᠭᠦᠷᠲᠡᠨ ᠢ ᠲᠡᠵᠢᠭᠡᠨ ᠦᠷᠡᠵᠢᠭᠦᠯᠬᠦ | ᠲᠥᠷᠥᠯ ᠵᠦᠢᠯ᠂ ᠬᠦᠷᠢᠶ᠎ᠡ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠬᠠᠰᠢᠶᠠᠯᠠᠨ ᠠᠷᠠᠴᠢᠯᠠᠵᠤ | ᠲᠡᠵᠢᠭᠡᠬᠦ ᠶᠢ ᠶᠡᠬᠡᠪᠡᠷ ᠬᠥᠭᠵᠢᠭᠦᠯᠵᠦ᠂ ᠬᠡᠪᠴᠢᠶᠡᠵᠢᠭᠦᠯᠦᠨ ᠬᠠᠰᠢᠶᠠᠯᠠᠨ ᠲᠡᠵᠢᠭᠡᠬᠦ᠂ ᠲᠡᠵᠢᠭᠡᠯ ᠡᠪᠡᠰᠦ ᠪᠣᠷᠳᠤᠭ᠎ᠠ | ᠬᠤᠷᠢᠶᠠᠨ ᠬᠠᠳᠠᠭᠠᠯᠠᠵᠤ ᠡᠳ᠋ᠰᠢᠭᠦᠯᠬᠦ᠂ ᠪᠠᠷᠢᠮᠵᠢᠶᠠᠵᠢᠭᠤᠯᠤᠨ ᠲᠡᠵᠢᠭᠡᠬᠦ ᠵᠡᠷᠭᠡ ᠮᠧᠬᠠᠨᠢᠭᠵᠢᠭᠰᠠᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠮᠠᠯ ᠤᠨᠤᠭ᠎ᠠ ᠲᠡᠵᠢᠭᠡᠪᠦᠷᠢ ᠵᠢᠭᠦᠷᠲᠡᠨ ᠤ ᠪᠦᠲᠦᠭᠡᠭᠳᠡᠬᠦᠨ ᠤ ᠪᠠᠲᠤᠯᠠᠭ᠎ᠠ ᠬᠠᠩᠭᠠᠯᠭ᠎ᠠ ᠶᠢᠨ | ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃ | ᠬᠤᠷᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠠᠯᠠᠰᠢᠨ ᠦᠬᠡᠷ᠂ ᠠᠯᠠᠰᠢᠨ ᠬᠤᠨᠢ ᠶᠢ | ᠪᠤᠷᠤᠯᠠᠭᠤᠯᠬᠤ ᠲᠣᠮᠣ ᠰᠢᠶᠠᠨ ᠢ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠯᠠᠰᠢᠨ | ᠦᠬᠡᠷ ᠤᠨ ᠰᠦᠷᠦᠭ ᠢ ᠥᠷᠭᠡᠳᠬᠡᠨ ᠬᠡᠮᠵᠢᠶ᠎ᠡ ᠶᠢ ᠨᠡᠮᠡᠭᠳᠡᠭᠦᠯᠬᠦ ᠶᠢ ᠠᠬᠢᠭᠤᠯᠤᠨ᠂ ᠰᠠᠭᠤᠷᠢ ᠡᠬᠡ ᠮᠠᠯ ᠢ ᠠᠷᠠᠴᠢᠯᠠᠨ | ᠲᠡᠵᠢᠭᠡᠬᠦ ᠬᠡᠪᠴᠢᠶ᠎ᠡ ᠶᠢ ᠥᠷᠭᠡᠳᠬᠡᠵᠦ᠂ ᠰᠠᠶᠢᠨ ᠡᠭᠦᠯᠳᠡᠷ ᠤᠨ ᠢᠴᠡᠭᠡᠯ ᠦᠷ᠎ᠡ ᠪᠠᠷ ᠬᠡᠭᠡᠯᠲᠦᠭᠦᠯᠬᠦ᠂ ᠬᠦᠪᠦᠷᠡᠯ ᠢ | ᠰᠢᠯᠵᠢᠭᠦᠯᠦᠨ ᠰᠠᠭᠤᠯᠭᠠᠬᠤ ᠳᠤ ᠬᠡᠷᠡᠭᠯᠡᠬᠦ ᠶᠢ ᠳᠡᠯᠭᠡᠷᠡᠭᠦᠯᠦᠨ᠎ᠡ︔ ᠠᠯᠠᠰᠢᠨ ᠬᠤᠨᠢᠨ ᠤ ᠬᠡᠪᠴᠢᠶ᠎ᠡ ᠶᠢ ᠲᠣᠭᠲᠠᠭᠤᠨ | ᠪᠠᠶᠢᠯᠭᠠᠵᠤ᠂ ᠡᠭᠦᠯᠳᠡᠷ ᠰᠣᠩᠭᠤᠨ ᠪᠤᠶᠢᠵᠢᠭᠤᠯᠬᠤ ᠶᠢ ᠴᠢᠩᠭᠠᠳᠬᠠᠨ᠂ ᠪᠣᠳᠠᠭᠠᠯᠢ ᠪᠡᠶ᠎ᠡ ᠶᠢᠨ ᠭᠠᠷᠤᠯᠲᠠ ᠪᠠ | ᠦᠷᠡᠵᠢᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠠᠯᠠᠰᠢᠨ ᠦᠬᠡᠷ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠶᠢ | ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠣᠳᠣᠬᠢᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠷᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠭᠠᠭ᠋ᠠᠶ ᠮᠢᠬᠠᠨ ᠤ ᠦᠢᠯᠡᠳᠪᠦᠷᠢᠯᠡᠯ ᠤᠨ ᠤᠷᠲᠤ ᠬᠤᠭᠤᠴᠠᠭᠠᠨ ᠤ ᠳᠡᠮᠵᠢᠯᠭᠡ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠠᠭ᠋ᠠᠶ ᠮᠢᠬᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ | ᠡᠵᠡᠮᠳᠡᠵᠦ ᠳᠠᠶᠢᠴᠢᠯᠠᠬᠤ ᠲᠣᠭᠲᠠᠴᠠ ᠶᠢ ᠪᠠᠶᠢᠭᠤᠯᠤᠨ᠂ ᠦᠷᠡᠵᠢᠯ ᠤᠨ ᠭᠠᠭ᠋ᠠᠢ ᠶᠢᠨ ᠬᠡᠮᠵᠢᠶ᠎ᠡ᠂ ᠬᠡᠪᠴᠢᠶᠡᠲᠦ | ᠲᠡᠵᠢᠭᠡᠨ ᠦᠷᠡᠵᠢᠭᠦᠯᠬᠦ ᠲᠠᠯᠠᠪᠠᠶ ᠶᠢᠨ ᠲᠤᠭ᠎ᠠ ᠬᠡᠮᠵᠢᠶ᠎ᠡ ᠶᠢ ᠲᠣᠭᠲᠠᠭᠤᠨ ᠪᠠᠶᠢᠯᠭᠠᠵᠤ᠂ ᠭᠠᠭ᠋ᠠᠶ ᠶᠢᠨ ᠮᠢᠬᠠᠨ ᠤ | ᠬᠠᠩᠭᠠᠯᠭ᠎ᠠ ᠶᠢ ᠪᠠᠲᠤᠯᠠᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠡᠬᠢ ᠪᠠᠶᠠᠯᠢᠭ ᠤᠨ ᠨᠥᠬᠦᠴᠡᠯ ᠪᠣᠯᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠨ | ᠦᠨᠳᠦᠰᠦᠯᠡᠨ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠰᠦ ᠶᠢᠨ ᠠᠵᠤ ᠦᠢᠯᠡᠰ ᠢ ᠬᠥᠭᠵᠢᠭᠦᠯᠵᠦ᠂ ᠣᠷᠣᠨ ᠨᠤᠲᠤᠭ ᠤᠨ ᠣᠨᠴᠠᠯᠢᠭ ᠪᠦᠬᠦᠢ ᠴᠠᠭᠠᠨ | ᠢᠳᠡᠭᠡᠨ ᠤ ᠬᠥᠭᠵᠢᠯᠲᠡ ᠶᠢ ᠲᠦᠯᠬᠢᠨ ᠠᠬᠢᠭᠤᠯᠵᠤ᠂ ᠰᠦ ᠶᠢᠨ ᠢᠷᠡᠯᠲᠡ᠂ ᠡᠭᠦᠯᠳᠡᠷ ᠤᠨ ᠢᠷᠡᠯᠲᠡ᠂ ᠡᠪᠡᠰᠦᠨ ᠤ | ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠡᠪᠴᠢᠶᠡᠵᠢᠭᠰᠡᠨ᠂ | ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠶᠢ ᠳᠡᠮᠵᠢᠵᠦ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ | ᠴᠢᠩᠭᠠᠷᠠᠭᠤᠯᠤᠨ᠂ ᠲᠡᠵᠢᠭᠡᠯ ᠡᠪᠡᠰᠦ ᠶᠢᠨ ᠬᠠᠩᠭᠠᠯᠭ᠎ᠠ ᠶᠢ ᠪᠠᠲᠤᠯᠠᠵᠤ᠂ ᠲᠡᠵᠢᠭᠡᠨ ᠦᠷᠡᠵᠢᠭᠦᠯᠬᠦ ᠥᠪᠡᠷ ᠤᠨ | ᠥᠷᠲᠡᠭ ᠢ ᠪᠠᠭᠤᠷᠠᠭᠤᠯᠤᠨ᠂ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ᠲᠦᠭᠦᠬᠡᠶ ᠰᠦ ᠶᠢᠨ ᠦᠨ᠎ᠡ ᠬᠠᠩᠰᠢ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠰᠠᠭᠠᠯᠢᠴᠢᠳ ᠵᠡᠷᠭᠡ | ᠡᠯ᠎ᠡ ᠭᠤᠤᠯ ᠴᠣᠭᠴᠠ ᠶᠢᠨ ᠠᠰᠢᠭ ᠲᠤᠰᠠ ᠶᠢ ᠪᠠᠲᠤᠯᠠᠨ᠂ ᠰᠦ ᠶᠢᠨ ᠢᠷᠡᠯᠲᠡ ᠶᠢᠨ ᠰᠠᠭᠤᠷᠢ ᠶᠢ | ᠲᠣᠭᠲᠠᠪᠤᠷᠢᠵᠢᠭᠤᠯᠵᠤ᠂ ᠰᠦ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠤᠨ᠎ᠠ᠃ | ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠨᠣᠯᠤᠤᠷ ᠤᠨ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠨᠣᠯᠤᠤᠷ ᠤᠨ | ᠢᠮᠠᠭᠠᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠴᠢᠨᠠᠷ ᠰᠠᠶᠢᠲᠠᠶ ᠪᠥᠭᠡᠳ ᠰᠢᠯᠢᠳᠡᠭ | ᠦᠨ᠎ᠡ ᠶᠢᠨ ᠲᠣᠭᠲᠠᠴᠠ ᠶᠢ ᠪᠦᠷᠢᠨᠰᠢᠭᠦᠯᠵᠦ᠂ ᠮᠡᠷᠭᠡᠵᠢᠯ ᠤᠨ ᠥᠭᠡᠷᠡᠴᠢᠯᠡᠯᠲᠡ ᠬᠢᠬᠦ ᠪᠠ ᠰᠢᠨ᠎ᠡ ᠶᠢ ᠡᠭᠦᠳᠬᠦ ᠶᠢ | ᠵᠣᠷᠢᠭᠵᠢᠭᠤᠯᠤᠨ᠂ ᠨᠣᠯᠤᠤᠷ ᠤᠨ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠪᠠ ᠨᠡᠷᠡᠲᠦ ᠲᠥᠷᠥᠯ | ᠲᠡᠮᠳᠡᠭᠲᠦ ᠶᠢᠨ ᠳᠡᠯᠡᠬᠡᠶ ᠳᠠᠬᠢ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | ᠭᠤᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠡᠯ᠎ᠡ ᠲᠥᠷᠥᠯ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠲᠠᠷᠢᠮᠠᠯ | ᠲᠡᠵᠢᠭᠡᠯ ᠡᠪᠡᠰᠦᠨ ᠤ ᠰᠠᠭᠤᠷᠢᠨ ᠭᠠᠵᠠᠷ᠂ ᠡᠪᠡᠰᠦᠨ ᠦᠷ᠎ᠡ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ | ᠪᠥᠳᠥᠭᠡᠨ ᠪᠠᠶᠢᠭᠤᠯᠤᠯᠲᠠ ᠶᠢ ᠥᠷᠨᠢᠭᠦᠯᠵᠦ᠂ ᠬᠥᠬᠡ ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠲᠡᠵᠢᠭᠡᠯ | ᠪᠣᠷᠳᠣᠭᠠᠨ ᠳᠤ ᠬᠡᠷᠡᠭᠯᠡᠬᠦ ᠨᠣᠬᠠᠢ ᠶᠢᠨ ᠬᠤᠰᠢᠭᠤ᠂ ᠬᠢᠶᠠᠭ ᠵᠡᠷᠭᠡ ᠲᠡᠵᠢᠭᠡᠯ ᠡᠪᠡᠰᠦ ᠵᠢᠴᠢ ᠡᠪᠡᠰᠦᠨ ᠦᠷ᠎ᠡ ᠶᠢᠨ | ᠦᠢᠯᠡᠳᠪᠦᠷᠢᠯᠡᠯ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠬᠥᠭᠵᠢᠭᠦᠯᠵᠦ᠂ ᠲᠡᠵᠢᠭᠡᠯ | ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ | | |