ᠪᠦᠬᠦ ᠣᠷᠣᠨ ᠤ ᠤᠢ ᠰᠢᠭᠤᠢ ᠶᠢᠨ ᠠᠵᠤ ᠦᠢᠯᠡᠰ ᠤᠨ ᠬᠦᠭᠵᠢᠬᠦᠯᠦᠯᠲᠡ ᠶᠢᠨ ᠪᠤᠯᠪᠠᠰᠤᠷᠠᠭᠤᠯᠤᠯ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/19
      8 ᠰᠠᠷ᠎ᠠ ᠶᠢᠨ 7᠎ ᠠᠴᠠ 9᠎ ᠤ ᠡᠳᠦᠷ ᠪᠣᠯᠲᠠᠯ᠎ᠠ᠂ ᠪᠥᠬᠦ ᠣᠷᠣᠨ ᠤ ᠣᠶ ᠰᠢᠭᠤᠶ ᠶᠢᠨ ᠠᠵᠤ  ᠦᠢᠯᠡᠰ ᠤᠨ ᠬᠦᠭᠵᠢᠬᠦᠯᠦᠯᠲᠡ ᠶᠢᠨ ᠪᠣᠯᠪᠠᠰᠤᠷᠠᠭᠤᠯᠤᠯ ᠤᠨ ᠠᠩᠭᠢ ᠬᠥᠬᠡᠬᠤᠲᠠ ᠳᠤ ᠶᠠᠪᠤᠭᠳᠠᠪᠠ᠃ ᠪᠣᠯᠪᠠᠰᠤᠷᠠᠭᠤᠯᠤᠯ ᠨᠢ ᠦᠢᠯᠡᠳᠦᠯᠭᠡ ᠶᠢᠨ ᠵᠢᠭᠠᠨ ᠰᠤᠷᠭᠠᠯᠲᠠ᠂ ᠣᠨᠣᠯ ᠤᠨ ᠬᠢᠴᠢᠶᠡᠯᠯᠡᠭᠡ᠂ ᠲᠤᠷᠰᠢᠯᠭ᠎ᠠ ᠰᠣᠯᠢᠯᠴᠠᠭ᠎ᠠ᠂ ᠰᠤᠳᠤᠯᠤᠨ ᠶᠠᠷᠢᠯᠴᠠᠯᠭ᠎ᠠ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠯᠧᠦ ᠪᠥᠸᠧ ᠵᠢᠶᠦ᠋ᠨ ᠪᠣᠯᠪᠠᠰᠤᠷᠠᠭᠤᠯᠤᠯ ᠤᠨ ᠠᠩᠭᠢ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃    ᠳᠡᠳ᠋ ᠲᠣᠪᠴᠢᠶᠠᠨ ᠳᠠᠷᠤᠭ᠎ᠠ ᠯᠧᠦ ᠪᠥᠸᠧ ᠵᠢᠶᠦ᠋ᠨ ᠶᠠᠷᠢᠶᠠᠨ ᠳᠠᠭᠠᠨ᠂ ᠲᠣᠰ ᠤᠳᠠᠭᠠᠨ ᠤ ᠪᠤᠯᠪᠠᠰᠤᠷᠠᠭᠤᠯᠤᠯ ᠤᠨ ᠠᠩᠭᠢ ᠪᠣᠯ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠣᠶ ᠰᠢᠭᠤᠶ ᠶᠢᠨ ᠠᠵᠤ ᠦᠢᠯᠡᠰ ᠢ ᠬᠥᠭᠵᠢᠭᠦᠯᠬᠦ ᠶᠡᠷᠦᠩᠬᠡᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠠᠵᠢᠯ ᠤᠨ ᠭᠤᠤᠯᠳᠠᠯᠭ᠎ᠠ ᠪᠠᠨ ᠲᠥᠯᠥᠪᠵᠢᠭᠦᠯᠵᠦ᠂ ᠣᠶ ᠰᠢᠭᠤᠶ ᠶᠢᠨ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠠᠶ ᠦᠢᠯᠡᠳᠦᠯᠭᠡ ᠪᠣᠯᠤᠨ᠎ᠠ᠂ ᠪᠢᠳᠡ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠣᠶ ᠰᠢᠭᠤᠶ ᠶᠢᠨ ᠠᠵᠤ ᠦᠢᠯᠡᠰ ᠤᠨ ᠬᠥᠭᠵᠢᠯᠲᠡ ᠶᠢᠨ ᠡᠯ᠎ᠡ  ᠵᠦᠢᠯ ᠤᠨ ᠠᠵᠢᠯ ᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ 2023 ᠣᠨ ᠳᠤ᠂ ᠪᠥᠬᠦ ᠣᠷᠣᠨ ᠤ ᠣᠶ ᠰᠢᠭᠤᠶ  ᠨᠤᠲᠤᠭ ᠪᠡᠯᠴᠢᠭᠡᠷ ᠤᠨ ᠠᠵᠤ ᠦᠢᠯᠡᠰ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 871.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 44.5 %᠎ ᠪᠠᠷ ᠨᠡᠮᠡᠭᠳᠡᠨ᠂ ᠠᠵᠤ  ᠦᠢᠯᠡᠰ ᠤᠨ ᠬᠥᠭᠵᠢᠯᠲᠡ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠂ ᠪᠢᠳᠡ ᠨᠠᠷᠢᠨ ᠬᠢᠨᠠᠮᠠᠭᠠᠶ ᠳ᠋ᠦᠩᠨᠡᠵᠦ᠂ ᠪᠠᠬᠢᠵᠢᠭᠦᠯᠦᠨ ᠳᠡᠭᠡᠭᠰᠢᠯᠡᠭᠦᠯᠵᠦ᠂ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠨ᠂ 2024 ᠣᠨ ᠤ ᠣᠶ ᠰᠢᠭᠤᠶ ᠨᠤᠲᠤᠭ ᠪᠡᠯᠴᠢᠭᠡᠷ ᠤᠨ ᠠᠵᠤ ᠦᠢᠯᠡᠰ ᠤᠨ ᠶᠡᠷᠦᠩᠬᠡᠶ  ᠦᠢᠯᠡᠳᠪᠦᠷᠢᠯᠡᠯ ᠤᠨ ᠥᠷᠲᠡᠭ 1000 ᠳ᠋ᠦᠩᠰᠢᠭᠤᠷ ᠲᠥᠭᠦᠷᠢᠭ ᠲᠤ ᠬᠥᠷᠬᠦ ᠬᠠᠷᠠᠯᠲᠠ ᠶᠢ ᠴᠢᠩᠭ᠎ᠠ ᠠᠩᠬᠠᠷᠴᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠡᠯ᠎ᠡ ᠵᠦᠢᠯ ᠤᠨ ᠠᠵᠢᠯ ᠢᠶᠠᠨ ᠦᠨᠡᠨ ᠬᠦ ᠰᠠᠶᠢᠲᠤᠷ ᠬᠢᠵᠦ᠂ ᠪᠥᠬᠦ ᠣᠷᠣᠨ ᠤ ᠣᠶ ᠰᠢᠭᠤᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠪᠣᠯᠪᠠᠰᠤᠷᠠᠭᠤᠯᠤᠯ ᠤᠨ ᠠᠩᠭᠢ ᠨᠢ ᠤᠯᠤᠰ ᠤᠨ ᠣᠶ ᠰᠢᠭᠤᠶ ᠶᠢᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠥᠪᠥᠷ ᠮᠣᠩᠭᠤᠯ ᠤᠨ ᠢᠦᠶ ᠬᠠᠩ ᠠᠮᠢᠳᠤ ᠪᠣᠳᠠᠰ ᠤᠨ ᠢᠨᠵᠧᠨᠧᠷᠢᠩ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠴᠢᠴᠠᠷᠭᠠᠨ᠎ᠠ ᠶᠢ ᠨᠠᠷᠢᠯᠢᠭ ᠭᠦᠨᠵᠡᠭᠡᠶ ᠡᠳ᠋ᠰᠢᠭᠦᠯᠬᠦ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ ᠬᠢᠪᠠ︔ ᠳᠤᠮᠳᠠᠳᠤ ᠤᠯᠤᠰ ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠴᠧᠨ ᠰᠢᠩ ᠯᠢᠶᠠᠩ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠶ ᠣᠷᠴᠢᠨ ᠲᠣᠭᠤᠷᠢᠨ ᠤ ᠭᠠᠵᠠᠷ ᠤᠨ ᠳᠡᠳ᠋ ᠳᠠᠷᠤᠭ᠎ᠠ ᠬᠠᠨ ᠵᠢᠩ ᠢ ᠤᠷᠢᠵᠤ᠂ ᠬᠠᠮᠲᠤ ᠶᠢᠨ ᠣᠶ ᠰᠢᠭᠤᠶ ᠶᠢᠨ ᠥᠭᠡᠷᠡᠴᠢᠯᠡᠯᠲᠡ ᠶᠢᠨ ᠠᠬᠤᠶ ᠪᠠᠶᠢᠳᠠᠯ ᠳᠤᠤᠷᠠᠬᠢ ᠣᠶ ᠰᠢᠭᠤᠶ ᠶᠢᠨ ᠠᠵᠤ ᠦᠢᠯᠡᠰ ᠬᠢᠭᠡᠳ ᠣᠶ ᠶᠢᠨ ᠬᠤᠷᠮᠣᠶ ᠶᠢᠨ ᠠᠵᠤ ᠠᠬᠤᠶ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠠᠵᠤ ᠦᠢᠯᠡᠰᠵᠢᠯᠲᠡ ᠶᠢᠨ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠵᠡᠷᠭᠡ ᠶᠢᠨ ᠲᠣᠭᠤᠷᠢᠨ ᠳᠤ ᠬᠢᠴᠢᠶᠡᠯ ᠣᠷᠣᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠥᠭᠡᠷᠡᠴᠢᠯᠡᠯᠲᠡ ᠬᠦᠭᠵᠢᠬᠦᠯᠦᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠭᠠᠵᠠᠷ ᠤᠨ ᠳᠡᠳ᠋ ᠭᠠᠵᠠᠷ ᠤᠨ ᠳᠠᠷᠤᠭ᠎ᠠ ᠬᠠᠨ ᠶᠢᠩ ᠪᠥᠬᠦ ᠣᠷᠣᠨ ᠤ ᠣᠶ ᠰᠢᠭᠤᠶ ᠶᠢᠨ ᠠᠵᠤ ᠦᠢᠯᠡᠰ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠪᠠ ᠭᠤᠤᠯᠳᠠᠯᠭ᠎ᠠ ᠲᠠᠢ ᠠᠵᠢᠯ ᠢ ᠵᠠᠳᠠᠯᠤᠨ ᠲᠠᠶᠢᠯᠪᠤᠷᠢᠯᠠᠪᠠ︔ ᠤᠯᠠᠭᠠᠨᠬᠠᠳᠠ ᠬᠤᠲᠠ᠂ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠨ ᠣᠶ ᠰᠢᠭᠤᠶ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠭᠰᠠᠨ ᠲᠤᠷᠰᠢᠯᠭ᠎ᠠ ᠪᠠᠨ ᠬᠤᠪᠢᠶᠠᠯᠴᠠᠵᠤ᠂ ᠡᠯ᠎ᠡ ᠭᠠᠵᠠᠷ ᠤᠨ ᠬᠢᠨ ᠲᠣᠰ ᠭᠠᠵᠠᠷ ᠣᠷᠣᠨ ᠤ ᠪᠠᠨ ᠣᠶ ᠰᠢᠭᠤᠶ ᠶᠢᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠮᠵᠢ᠂ ᠠᠪᠤᠭᠰᠠᠨ ᠠᠷᠭ᠎ᠠ ᠬᠡᠮᠵᠢᠶ᠎ᠡ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠬᠠᠷᠠᠯᠲᠠ ᠪᠣᠯᠤᠨ ᠠᠵᠢᠯ ᠤᠨ ᠰᠠᠨᠠᠭᠤᠯᠭ᠎ᠠ ᠶᠢᠨ ᠲᠤᠬᠠᠶ ᠣᠯᠣᠯᠴᠠᠭ᠎ᠠ ᠰᠣᠯᠢᠯᠴᠠᠭ᠎ᠠ ᠬᠢᠵᠦ᠂ ᠰᠡᠳᠬᠢᠴᠡ ᠪᠠᠨ ᠥᠷᠭᠡᠳᠬᠡᠵᠦ᠂ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠪᠡ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠬᠠᠷᠢᠯᠴᠠᠨ ᠤᠶᠠᠯᠳᠤᠭᠤᠯᠬᠤ ᠶᠢ ᠴᠢᠩᠭᠠᠳᠬᠠᠬᠤ ᠶᠢᠨ ᠲᠥᠯᠥᠭᠡ᠂ ᠪᠣᠯᠪᠠᠰᠤᠷᠠᠯ ᠤᠨ ᠬᠤᠭᠤᠴᠠᠭᠠᠨ ᠳᠤ ᠪᠠᠰᠠ ᠬᠠᠮᠲᠤ ᠪᠠᠷ ᠵᠣᠬᠢᠶᠠᠨ ᠪᠠᠶᠢᠭᠤᠯᠵᠤ ᠴᠢᠬᠡᠴᠢ ᠵᠠᠰᠠᠭ ᠤᠨ ᠬᠥᠮᠦᠵᠢᠯ ᠤᠨ ᠤᠬᠠᠭᠤᠯᠭ᠎ᠠ ᠶᠢᠨ ᠹᠢᠯᠢᠮ ᠢ ᠦᠵᠡᠵᠦ᠂ ᠪᠦᠬᠦ ᠰᠤᠷᠤᠭᠴᠢᠳ ᠤᠨ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠠᠷᠢᠭᠤᠨ ᠴᠢᠬᠡᠴᠢ ᠶᠢᠨ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠣᠰ ᠤᠳᠠᠭ᠎ᠠ ᠶᠢᠨ ᠪᠤᠯᠪᠠᠰᠤᠷᠠᠭᠤᠯᠤᠯ ᠢᠶᠠᠷ ᠠᠵᠠ ᠲᠣᠬᠢᠶᠠᠯ ᠪᠣᠯᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠰᠢᠰᠲ᠋ᠧᠮ ᠤᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠢ ᠳᠠᠭᠠᠭᠤᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠪᠣᠯᠤᠨ ︽ᠮᠣᠩᠭᠤᠯ ᠮᠣᠷᠢᠨ ᠤ ᠵᠣᠷᠢᠭ ᠰᠠᠨᠠᠭ᠎ᠠ︾᠎ ᠶᠢ ᠶᠡᠭᠡ ᠪᠠᠷ ᠪᠠᠳᠠᠷᠠᠭᠤᠯᠵᠤ᠂ ᠵᠣᠷᠢᠭᠲᠠᠶ ᠰᠡᠳᠬᠢᠵᠦ ᠵᠣᠷᠢᠭᠲᠠᠶ ᠠᠵᠢᠯᠯᠠᠬᠤ᠂ ᠰᠢᠷᠭᠠᠭᠤ ᠠᠵᠢᠯᠯᠠᠵᠤ ᠪᠣᠳᠠᠲᠠᠶ ᠠᠵᠢᠯᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ᠂ ᠨᠢᠭᠡ ᠪᠦᠯᠦᠭ ᠬᠥᠭᠵᠢᠯᠲᠡ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠢᠭᠡ ᠪᠦᠯᠦᠭ ᠳᠤᠲᠠᠭᠤᠳᠠᠯ ᠪᠠ ᠪᠠᠭᠤᠷᠠᠶ ᠲᠠᠯ᠎ᠠ ᠶᠢ ᠨᠥᠬᠦᠪᠥᠷᠢᠯᠡᠵᠦ᠂ ᠨᠢᠭᠡ ᠪᠦᠯᠦᠭ ᠰᠢᠨ᠎ᠡ ᠶᠢ ᠡᠭᠦᠳᠬᠦ ᠬᠢᠯᠠᠰ ᠴᠡᠭ ᠢ ᠪᠣᠶ ᠪᠣᠯᠭᠠᠵᠤ᠂ ᠣᠶ ᠰᠢᠭᠤᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠭᠤᠷᠪᠠᠨ ᠤᠮᠠᠷᠠᠲᠤ ᠶᠢᠨ ᠢᠨᠵᠧᠨᠧᠷᠢᠩ︾᠎ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ︽ᠬᠤᠶᠠᠷ ᠶᠡᠭᠡ ᠶᠠᠪᠤᠳᠠᠯ︾᠎ ᠢ ᠨᠠᠶᠢᠳᠠᠪᠤᠷᠢᠵᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
W020240809536757854365_ORIGIN.jpg
W020240809536757880081_ORIGIN.jpg
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号