ᠬᠥᠯᠥᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠳᠤᠭᠤᠶᠢᠯᠠᠩ ᠳᠠᠭᠠᠭᠤᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠳᠤ ᠬᠦᠷᠴᠦ ᠠᠵᠢᠯ ᠤᠨ ᠵᠤᠯᠭᠠᠯᠴᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/8/28
     8 ᠰᠠᠷ᠎ᠠ ᠶᠢᠨ 21᠎ ᠤ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠨᠡᠷ ᠲᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠥᠯᠥᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠠᠩ ᠮᠧᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ  ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠦᠸᠧ ᠬᠤᠩ ᠸᠧᠨ᠂  ᠰᠦ ᠰᠢ ᠹᠦ᠋᠂ ᠶᠡᠷᠦᠩᠬᠡᠢ ᠢᠨᠵᠧᠨᠧᠷ ᠺᠠᠩ ᠬᠤᠩ ᠨᠠᠷ ᠶᠠᠷᠢᠯᠴᠠᠬᠤ ᠬᠤᠷᠠᠯ ᠳᠤ ᠣᠷᠣᠯᠴᠠᠪᠠ᠃      ᠸᠠᠩ ᠵᠣᠣ ᠱᠧᠩ ᠸᠠᠩ ᠸᠠᠩ ᠱᠧᠩ ᠨᠡᠷ ᠤᠨ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠨᠡ ᠵᠢᠯ ᠥᠷᠨᠢᠭᠦᠯᠦᠭᠰᠡᠨ ᠭᠤᠤᠯᠳᠠᠯᠭ᠎ᠠ ᠲᠠᠢ ᠠᠵᠢᠯ ᠤᠨ ᠲᠤᠬᠠᠶ ᠲᠣᠪᠴᠢ ᠲᠠᠨᠢᠯᠴᠠᠭᠤᠯᠭ᠎ᠠ ᠬᠢᠪᠠ᠃ ᠲᠡᠷᠡ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠣᠶ ᠰᠢᠭᠤᠶ ᠨᠤᠲᠤᠭ ᠪᠡᠯᠴᠢᠭᠡᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠳᠡᠭᠡᠷ᠎ᠡ ᠨᠤᠲᠤᠭ ᠪᠡᠯᠴᠢᠭᠡᠷ ᠤᠨ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠶᠢ ᠥᠭᠡᠷᠡᠴᠢᠯᠡᠯᠲᠡ ᠶᠢᠨ ᠴᠢᠬᠤᠯᠠ ᠡᠭᠦᠷᠭᠡ ᠪᠣᠯᠭᠠᠨ ᠲᠣᠬᠢᠷᠠᠭᠤᠯᠤᠨ ᠪᠠᠶᠢᠷᠢᠯᠠᠭᠤᠯᠵᠤ ᠂ ᠵᠣᠬᠢᠶᠠᠨ ᠪᠠᠶᠢᠭᠤᠯᠤᠯᠲᠠ᠂ ᠲᠥᠷᠥ ᠶᠢᠨ ᠪᠣᠳᠣᠯᠭ᠎ᠠ᠂ ᠦᠵᠡᠯ ᠰᠠᠨᠠᠭ᠎ᠠ᠂ ᠲᠣᠭᠲᠠᠴᠠ ᠵᠡᠷᠭᠡ ᠲᠠᠯ᠎ᠠ ᠠᠴᠠ ᠬᠠᠮᠵᠢᠯᠴᠠᠨ ᠬᠦᠴᠦᠯᠡᠵᠦ᠂ ᠨᠤᠲᠤᠭ ᠪᠡᠯᠴᠢᠭᠡᠷ ᠤᠨ ᠬᠡᠲᠦᠷᠡᠲᠡᠯ᠎ᠡ ᠮᠠᠯᠵᠢᠬᠤ ᠠᠰᠠᠭᠤᠳᠠᠯ ᠢ ᠦᠨᠳᠦᠰᠦ ᠠᠴᠠ ᠨᠢ ᠰᠢᠢᠳᠪᠦᠷᠢᠯᠡᠬᠦ ᠪᠠᠷ ᠴᠢᠷᠮᠠᠶᠢᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠠᠷᠭ᠎ᠠ ᠪᠠᠷ ᠠᠰᠠᠭᠤᠳᠠᠯ ᠢ ᠰᠢᠢᠳᠪᠦᠷᠢᠯᠡᠬᠦ ᠬᠠᠷᠢᠭᠤᠴᠠᠯᠭ᠎ᠠ ᠶᠢ ᠢᠯᠡᠷᠡᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠬᠥᠯᠥᠨ ᠪᠤᠶᠢᠷ ᠤᠨ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠳᠡᠮᠵᠢᠵᠦ᠂ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠣᠳᠣᠬᠢᠴᠢᠯᠠᠭᠰᠠᠨ ᠬᠥᠯᠥᠨ ᠪᠤᠶᠢᠷ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠳᠤ ᠬᠦᠴᠦᠨ ᠨᠡᠮᠡᠷᠢᠯᠡᠨ᠎ᠡ᠃ ᠸᠠᠩ ᠸᠠᠩ ᠱᠧᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠯᠠᠨ ᠵᠢᠯ ᠤᠨ ᠲᠤᠷᠰᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ ᠡᠬᠢ ᠪᠠᠶᠠᠯᠢᠭ ᠤᠨ ᠬᠠᠮᠠᠭᠠᠯᠠᠯᠲᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠡᠷᠭᠡ ᠲᠠᠯ᠎ᠠ ᠪᠠᠷ ᠬᠥᠯᠥᠨ ᠪᠤᠶᠢᠷ ᠬᠤᠲᠠ ᠳᠤ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠬᠤᠶᠠᠷ ᠲᠠᠯ᠎ᠠ ᠪᠠᠷ ᠢᠶᠠᠨ ᠨᠤᠲᠤᠭ ᠪᠡᠯᠴᠢᠭᠡᠷ ᠤᠨ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ᠂ ᠣᠶ ᠰᠢᠭᠤᠶ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠰᠢᠰᠲ᠋ᠧᠮ ᠢ ᠳᠠᠬᠢᠨ ᠪᠠᠶᠢᠭᠤᠯᠬᠤ ᠵᠡᠷᠭᠡ ᠲᠠᠯ᠎ᠠ ᠪᠠᠷ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠳᠤ ᠨᠤᠲᠤᠭ ᠪᠡᠯᠴᠢᠭᠡᠷ ᠤᠨ ᠬᠡᠲᠦᠷᠡᠲᠡᠯ᠎ᠡ ᠮᠠᠯᠵᠢᠬᠤ ᠠᠰᠠᠭᠤᠳᠠᠯ ᠢ  ᠰᠢᠢᠳᠪᠦᠷᠢᠯᠡᠬᠦ ᠪᠦᠲᠦᠮᠵᠢᠲᠡᠶ ᠠᠷᠭ᠎ᠠ ᠵᠠᠮ ᠢ ᠡᠩ ᠲᠡᠷᠢᠭᠦᠨ ᠳᠤ ᠬᠠᠶᠢᠨ ᠰᠦᠪᠡᠭᠴᠢᠯᠡᠬᠦ ᠶᠢ ᠬᠦᠰᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ᠂ ᠬᠥᠯᠥᠨ ᠪᠤᠶᠢᠷ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号