︽ᠮᠣᠩᠭᠤᠯ ᠤᠯᠤᠰ ᠤᠨ ᠭᠠᠩ ᠬᠠᠭᠤᠷᠠᠶ ᠭᠠᠵᠠᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠦᠷᠭᠦᠯᠵᠢᠯᠡᠨ ᠬᠥᠭᠵᠢᠭᠦᠯᠬᠦ︾ ᠣᠯᠠᠨ ᠤᠯᠤᠰ ᠤᠨ ᠪᠤᠯᠪᠠᠰᠤᠷᠠᠭᠤᠯᠤᠯ ᠤᠷᠤᠭᠰᠢᠲᠠᠶ ᠡᠬᠢᠯᠡᠪᠡ
ᠨᠡᠶᠢᠲᠡᠯᠡᠭᠰᠡᠨ ᠴᠠᠭ᠄
2024/8/28
       ᠳᠤᠮᠳᠠᠳᠤ ᠮᠣᠩᠭᠤᠯ ᠬᠤᠶᠠᠷ ᠤᠯᠤᠰ ᠤᠨ ᠲᠡᠷᠢᠭᠦᠨ ᠤ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠮᠣᠩᠭᠤᠯ ᠤᠯᠤᠰ ᠤᠨ ︽ᠠᠷᠪᠠᠨ ᠳ᠋ᠦᠩᠰᠢᠭᠤᠷ ᠮᠣᠳᠣ ᠳᠠᠷᠢᠬᠤ︾ ᠲᠥᠯᠥᠪᠯᠡᠭᠡ ᠶᠢ ᠳᠡᠮᠵᠢᠬᠦ ᠶᠢᠨ ᠲᠥᠯᠥᠭᠡ᠂ 2024 ᠣᠨ ᠤ 8 ᠰᠠᠷ᠎ᠠ ᠶᠢᠨ 25᠎ ᠤ ᠡᠳᠦᠷ᠂ ︽ᠮᠣᠩᠭᠤᠯ ᠤᠯᠤᠰ ᠤᠨ ᠭᠠᠩ ᠬᠠᠭᠤᠷᠠᠶ ᠭᠠᠵᠠᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠦᠷᠭᠦᠯᠵᠢᠯᠡᠨ ᠬᠥᠭᠵᠢᠭᠦᠯᠬᠦ︾ ᠣᠯᠠᠨ ᠤᠯᠤᠰ ᠤᠨ ᠪᠤᠯᠪᠠᠰᠤᠷᠠᠭᠤᠯᠤᠯ ᠮᠠᠨ ᠤ ᠣᠷᠣᠨ ᠤ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠸᠠᠩ ᠶᠧ ᠳ᠋ᠢᠶᠠᠨ ᠤ ᠣᠯᠠᠨ ᠴᠢᠳᠠᠮᠵᠢᠲᠤ ᠣᠶ ᠰᠢᠭᠤᠶ ᠶᠢ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠲᠤ ᠶᠠᠪᠤᠭᠳᠠᠪᠠ᠃     ᠲᠣᠰ ᠤᠳᠠᠭᠠᠨ ᠤ ᠪᠣᠯᠪᠠᠰᠤᠷᠠᠭᠤᠯᠤᠯ ᠢ ᠠᠽᠢᠶ᠎ᠠ ᠨᠣᠮᠣᠬᠠᠨ ᠲᠡᠯᠡᠶ ᠶᠢᠨ ᠣᠷᠣᠨ ᠤ ᠣᠶ ᠰᠢᠭᠤᠶ ᠶᠢᠨ ᠰᠡᠷᠭᠦᠯᠲᠡ ᠬᠢᠭᠡᠳ ᠦᠷᠭᠦᠯᠵᠢᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠮᠲᠤ ᠪᠠᠷ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠳᠠᠭᠠᠭᠠᠴᠢᠯᠠᠨ ᠡᠷᠭᠢᠯᠡᠪᠡ᠃ ᠮᠣᠩᠭᠤᠯ ᠤᠯᠤᠰ ᠤᠨ ᠡᠷᠳᠡᠨᠢᠲᠦ ᠠᠭᠤᠷᠬᠠᠶ ᠶᠢᠨ ᠦᠢᠯᠡᠰ ᠤᠨ ᠺᠣᠮᠫᠠᠨᠢ ᠶᠢᠨ ᠬᠠᠮᠢᠶᠠᠷᠤᠯᠲᠠ ᠶᠢᠨ ᠠᠵᠢᠯᠲᠠᠨ ᠪᠣᠯᠤᠨ ᠣᠶ ᠰᠢᠭᠤᠶ ᠶᠢᠨ ᠢᠨᠵᠧᠨᠧᠷᠢᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠳᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠮᠡᠷᠭᠡᠵᠢᠯ᠂ ᠭᠠᠩ ᠬᠠᠭᠰᠠᠷᠠᠭᠠᠨ ᠲᠠᠢ ᠲᠡᠮᠡᠴᠡᠵᠦ ᠡᠪᠡᠰᠦᠲᠦ ᠭᠠᠵᠠᠷ ᠢ ᠰᠡᠷᠭᠦᠭᠡᠬᠦ ᠮᠡᠷᠭᠡᠵᠢᠯ ᠪᠣᠯᠤᠨ ᠡᠯᠡᠰᠦᠨ ᠤ ᠠᠵᠤ  ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠮᠡᠷᠭᠡᠵᠢᠯ ᠤᠨ ᠪᠣᠯᠪᠠᠰᠤᠷᠠᠭᠤᠯᠤᠯ ᠬᠢᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号