| | ᠤᠷᠠᠳ ᠤᠨ ᠬᠤᠶᠢᠲᠤ ᠬᠤᠰᠢᠭᠤᠨ ᠤ ᠬᠤᠩ ᠱᠧᠩ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ | ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠳᠡᠯ ᠤᠨ ᠪᠢᠴᠢᠭ︾ ︵ᠥᠪᠥᠷ ᠣᠶ ᠰᠢᠭᠤᠢ ᠨᠤᠲᠤᠭ | ᠪᠡᠯᠴᠢᠭᠡᠷ ᠵᠠᠬᠢᠳᠠᠯ [2024]1553 ᠳ᠋ᠤᠭᠠᠷ ᠲᠣᠭᠠᠲᠤ︶ ᠤᠨ ᠲᠣᠬᠢᠷᠠᠭᠤᠯᠤᠯᠲᠠ ᠶᠣᠰᠣᠭᠠᠷ᠂ ᠮᠠᠨ ᠤ | ᠲᠣᠪᠴᠢᠶ᠎ᠠ ᠠᠴᠠ ᠰᠣᠩᠭᠤᠨ ᠲᠣᠮᠢᠯᠠᠭᠰᠠᠨ ᠠᠵᠢᠯᠲᠠᠨ 2024 ᠣᠨ ᠤ 7 ᠰᠠᠷ᠎ᠠ ᠶᠢᠨ 29 ᠤ ᠡᠳᠦᠷ ᠲᠠᠨ ᠤ | ᠺᠣᠮᠫᠠᠨᠢ ᠶᠢᠨ ᠡᠵᠡᠩᠨᠡᠯᠲᠡ ᠶᠢᠨ ᠲᠠᠯᠠᠪᠤᠷ᠂ ᠪᠡᠯᠡᠳᠬᠡᠮᠵᠢ ᠲᠥᠬᠦᠭᠡᠷᠦᠮᠵᠢ᠂ ᠲᠠᠩᠰᠠ ᠡᠪᠬᠡᠮᠡᠯ ᠤᠨ ᠱᠣᠰᠢᠭ᠎ᠠ᠂ | ᠦᠷ᠎ᠡ ᠶᠢᠨ ᠶᠠᠰᠤ ᠴᠢᠨᠠᠷ ᠵᠡᠷᠭᠡ ᠲᠠᠯ᠎ᠠ ᠳᠤ ᠲᠤᠬᠠᠶ ᠶᠢᠨ ᠭᠠᠵᠠᠷ ᠤᠨ ᠬᠢᠨᠠᠯᠲᠠ ᠪᠠᠶᠢᠴᠠᠭᠠᠯᠲᠠ ᠬᠢᠵᠦ᠂ ᠲᠠᠨ ᠤ | ᠺᠣᠮᠫᠠᠨᠢ ᠳᠤ ᠳᠤᠤᠷᠠᠬᠢ ᠮᠡᠲᠦ ᠠᠰᠠᠭᠤᠳᠠᠯ ᠣᠷᠣᠰᠢᠵᠤ ᠪᠠᠶᠢᠬᠤ ᠶᠢ ᠲᠤᠰᠬᠠᠶᠠ᠄ | 1 . ᠦᠷ᠎ᠡ ᠰᠢᠯᠭᠠᠨ ᠪᠠᠶᠢᠴᠠᠭᠠᠬᠤ ᠲᠠᠰᠤᠭ ᠤᠨ ᠰᠢᠯᠭᠠᠨ ᠪᠠᠶᠢᠴᠠᠭᠠᠬᠤ ᠣᠷᠴᠢᠨ ᠲᠣᠭᠤᠷᠢᠨ ᠨᠢ | ᠱᠠᠭᠠᠷᠳᠠᠯᠭ᠎ᠠ ᠳᠤ ᠬᠦᠷᠬᠦ ᠦᠭᠡᠶ᠂ ᠲᠣᠭᠲᠠᠮᠠᠯ ᠳᠤᠯᠠᠭᠠᠨ᠂ ᠲᠣᠭᠲᠠᠮᠠᠯ ᠴᠢᠭᠢᠭᠲᠦᠴᠡ ᠶᠢᠨ ᠨᠥᠬᠦᠴᠡᠯ ᠳᠤᠲᠠᠭᠳᠠᠵᠤ᠂ | ᠰᠢᠯᠭᠠᠨ ᠪᠠᠶᠢᠴᠠᠭᠠᠬᠤ ᠲᠥᠬᠦᠭᠡᠷᠦᠮᠵᠢ ᠳᠠᠬᠢ ᠡᠯᠧᠺᠲᠷᠣᠨ ᠲᠡᠩᠨᠡᠭᠦᠷ ᠤᠨ ᠨᠠᠷᠢᠯᠢᠭ ᠤᠨ ᠬᠡᠮᠵᠢᠶ᠎ᠡ ᠨᠢ ᠡᠪᠡᠰᠦᠨ | ᠦᠷ᠎ᠡ ᠶᠢᠨ ᠰᠢᠯᠭᠠᠨ ᠪᠠᠶᠢᠴᠠᠭᠠᠬᠤ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠶ᠂ ᠡᠯᠧᠺᠲᠷᠣᠨ ᠲᠡᠩᠨᠡᠭᠦᠷ ᠤᠨ | ᠠᠵᠢᠯᠯᠠᠬᠤ ᠲᠠᠪᠴᠠᠩ ᠳᠤᠲᠠᠭᠳᠠᠵᠤ᠂ ᠨᠠᠬᠢᠶ᠎ᠠ ᠪᠤᠶᠢᠵᠢᠭᠤᠯᠬᠤ ᠬᠠᠶᠢᠷᠴᠠᠭ ᠨᠢ ᠳᠡᠩᠳᠡᠭᠦᠦ ᠪᠠᠭ᠎ᠠ ᠪᠣᠯᠬᠤᠷ ᠦᠷ᠎ᠡ | ᠰᠢᠯᠭᠠᠨ ᠪᠠᠶᠢᠴᠠᠭᠠᠬᠤ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠶ ᠪᠠᠶᠢᠨ᠎ᠠ︔ | 2 . ᠴᠢᠬᠢ ᠮᠣᠳᠣ ᠪᠠᠶᠢᠴᠠᠭᠠᠨ ᠬᠡᠮᠵᠢᠬᠦ ᠪᠠᠭᠠᠵᠢ ᠳᠤᠲᠠᠭᠳᠠᠵᠤ ᠪᠠᠶᠢᠨ᠎ᠠ︔ | 3 . ᠦᠨᠳᠦᠰᠦᠨ ᠳᠠᠩᠰᠠ ᠡᠪᠬᠡᠮᠡᠯ ᠳᠤ ᠣᠶ ᠮᠣᠳᠣᠨ ᠤ ᠦᠷ᠎ᠡ᠂ ᠴᠢᠬᠢ ᠮᠣᠳᠣ ᠶᠢᠨ ᠬᠠᠮᠢᠶ᠎ᠠ ᠪᠦᠬᠦᠢ ᠶᠠᠰᠤ | ᠴᠢᠨᠠᠷ ᠤᠨ ᠳᠡᠰ ᠲᠤᠭᠲᠠᠭᠠᠯᠳᠠ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠮᠡᠷᠭᠡᠵᠢᠯ ᠤᠨ ᠪᠠᠷᠢᠮᠵᠢᠶ᠎ᠠ | ᠳᠤᠲᠠᠭᠳᠠᠵᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠳᠤᠲᠠᠭᠳᠠᠵᠤ | ᠪᠠᠶᠢᠨ᠎ᠠ︔ | 4 . ᠦᠢᠯᠡᠳᠪᠦᠷᠢᠯᠡᠬᠦ᠂ ᠡᠵᠡᠩᠨᠡᠬᠦ᠂ ᠰᠢᠯᠭᠠᠨ ᠪᠠᠶᠢᠴᠠᠭᠠᠬᠤ ᠳᠠᠭᠠᠨ ᠵᠦᠢᠯ ᠵᠤᠷᠪᠤᠰ ᠤᠨ ᠢᠯᠭᠠᠯ ᠢᠶᠠᠷ | ᠬᠤᠪᠢᠶᠠᠭᠰᠠᠨ ᠦᠭᠡᠢ︔ | 5 . ᠱᠣᠰᠢᠭ᠎ᠠ ᠲᠠᠭᠯᠠᠭᠰᠠᠨ ᠨᠢ ᠪᠤᠷᠤᠭᠤ ᠮᠦᠷᠲᠡᠭᠡᠨ ᠳᠦᠷᠰᠦᠯᠡᠭᠰᠡᠨ ᠨᠢ ᠣᠨᠣᠪᠴᠢ ᠥᠬᠡᠶ᠂ ᠱᠣᠰᠢᠭ᠎ᠠ ᠶᠢᠨ | ᠬᠡᠯᠪᠡᠷᠢ ᠮᠠᠶ᠋ᠢᠭ ᠨᠢ ᠴᠢᠬᠤᠯᠠ ᠪᠥᠬᠦᠶ ᠠᠭᠤᠯᠭ᠎ᠠ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠤᠷᠤᠰᠢᠵᠦ ᠪᠤᠢ᠃ | ᠲᠠᠨ ᠤ ᠺᠣᠮᠫᠠᠨᠢ ᠳᠤᠤᠷᠠᠬᠢ ᠱᠠᠭᠠᠷᠳᠠᠯᠭ᠎ᠠ ᠶᠣᠰᠣᠭᠠᠷ ᠲᠦᠷᠭᠡᠬᠡᠨ ᠦᠭᠡᠷᠡᠴᠢᠯᠡᠨ ᠰᠠᠶᠢᠵᠢᠷᠠᠭᠤᠯᠤᠭᠠᠷᠠᠢ᠃ | ᠨᠢᠭᠡ ᠳᠤ᠂ ᠦᠷ᠎ᠡ ᠰᠢᠯᠭᠠᠨ ᠪᠠᠶᠢᠴᠠᠭᠠᠬᠤ ᠲᠠᠰᠤᠭ ᠤᠨ ᠣᠷᠴᠢᠨ ᠲᠣᠭᠤᠷᠢᠨ ᠨᠢ ᠠᠵᠢᠯᠯᠠᠬᠤ ᠲᠠᠶᠢᠰᠠ᠂ ᠲᠣᠭᠲᠠᠮᠠᠯ | ᠳᠤᠯᠠᠭᠠᠨ᠂ ᠲᠣᠭᠲᠠᠮᠠᠯ ᠴᠢᠭᠢᠭᠲᠦᠴᠡ ᠶᠢᠨ ᠨᠥᠬᠦᠴᠡᠯ ᠢ ᠪᠦᠷᠢᠯᠳᠦᠭᠦᠯᠵᠦ᠂ ᠱᠠᠭᠠᠷᠳᠠᠯᠭ᠎ᠠ ᠳᠤ ᠨᠡᠶᠢᠴᠡᠭᠰᠡᠨ | ᠡᠯᠧᠺᠲᠷᠣᠨ ᠲᠡᠩᠨᠡᠭᠦᠷ᠂ ᠨᠠᠬᠢᠶ᠎ᠠ ᠪᠤᠶᠢᠵᠢᠭᠤᠯᠬᠤ ᠬᠠᠶᠢᠷᠴᠠᠭ᠂ ᠴᠢᠬᠢ ᠮᠣᠳᠣ ᠰᠢᠯᠭᠠᠨ ᠪᠠᠶᠢᠴᠠᠭᠠᠬᠤ ᠪᠠᠭᠠᠵᠢ | ᠬᠡᠷᠡᠭᠰᠡᠯ ᠤᠨ ᠭᠦᠶᠦᠪᠦᠷᠢᠲᠦ ᠺᠠᠷᠲ ᠤᠨ ᠱᠤᠭᠤᠮ ᠵᠢᠴᠢ ᠪᠣᠯᠣᠳ ᠣᠷᠢᠶᠠᠮᠠᠯ ᠱᠤᠭᠤᠮ ᠬᠤᠳᠠᠯᠳᠤᠨ ᠠᠪᠬᠤ ᠶᠢᠨ | ᠬᠠᠮᠲᠤ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠬᠡᠮᠵᠢᠭᠦᠷᠯᠢᠭ ᠲᠥᠬᠦᠭᠡᠷᠦᠮᠵᠢ ᠶᠢ ᠰᠢᠯᠭᠠᠨ ᠲᠣᠭᠲᠠᠭᠠᠬᠤ | ᠬᠡᠷᠡᠭᠲᠡᠶ᠃ ᠬᠤᠶᠠᠷ ᠲᠤ᠂ ︽ᠣᠶ ᠮᠣᠳᠣᠨ ᠤ ᠦᠷ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠲᠠᠩᠰᠠ ᠡᠪᠬᠡᠮᠡᠯ ᠤᠨ | ᠬᠠᠮᠢᠶᠠᠷᠤᠯᠲᠠ ᠶᠢᠨ ᠠᠷᠭ᠎ᠠ︾ ᠪᠠᠷ ᠯᠠᠪᠯᠠᠯᠲᠠ ᠪᠣᠯᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠲᠠᠩᠰᠠ ᠡᠪᠬᠡᠮᠡᠯ ᠤᠨ | ᠬᠠᠮᠢᠶᠠᠷᠤᠯᠲᠠ ᠶᠢ ᠴᠢᠩᠭᠠᠳᠬᠠᠨ᠂ ᠦᠷ᠎ᠡ᠂ ᠴᠢᠬᠢ ᠮᠣᠳᠣ ᠶᠢᠨ ᠪᠠᠶᠢᠴᠠᠭᠠᠯᠳᠠ ᠶᠢ ᠰᠠᠶᠢᠲᠤᠷ ᠬᠢᠵᠦ᠂ ᠠᠩᠬᠠᠨ ᠤ | ᠲᠡᠮᠳᠡᠭᠯᠡᠯ ᠤᠨ ᠬᠦᠰᠦᠨᠦᠭᠲᠦ ᠶᠢ ᠲᠠᠭᠯᠠᠬᠤ ᠶᠢᠨ ᠬᠠᠮᠲᠤ ᠲᠠᠩᠰᠠ ᠡᠪᠬᠡᠮᠡᠯ ᠢ ᠦᠯᠡᠳᠡᠭᠡᠨ ᠬᠠᠳᠠᠭᠠᠯᠠᠵᠤ᠂ ᠦᠷ᠎ᠡ᠂ | ᠴᠢᠬᠢ ᠮᠣᠳᠣ ᠶᠢᠨ ᠪᠠᠶᠢᠴᠠᠭᠠᠯᠳᠠ ᠶᠢᠨ ᠦᠷ᠎ᠡ ᠳ᠋ᠦᠩ ᠵᠢᠴᠢ ᠦᠷ᠎ᠡ᠂ ᠴᠢᠬᠢ ᠮᠣᠳᠣᠨ ᠤ ᠱᠣᠰᠢᠭ᠎ᠠ ᠲᠡᠮᠳᠡᠭ | ᠪᠣᠯᠭᠠᠨ ᠲᠠᠭᠯᠠᠨ᠎ᠠ᠃ ᠭᠤᠷᠪᠠ ᠳᠤ᠂ ᠳᠠᠩᠰᠠ ᠡᠪᠬᠡᠮᠡᠯ ᠳᠤ ᠳᠤᠲᠠᠭᠳᠠᠵᠤ ᠪᠠᠶᠢᠭ᠎ᠠ ᠮᠡᠷᠭᠡᠵᠢᠯ ᠤᠨ ᠪᠠᠷᠢᠮᠵᠢᠶ᠎ᠠ᠂ | ᠬᠠᠤᠯᠢ ᠴᠠᠭᠠᠵᠠ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠢ ᠨᠥᠬᠦᠪᠥᠷᠢᠯᠡᠬᠦ ᠬᠡᠷᠡᠭᠲᠡᠶ᠃ ᠳᠥᠷᠪᠡ ᠳᠤ ︽ᠣᠶ | ᠮᠣᠳᠣᠨ ᠤ ᠦᠷ᠎ᠡ ᠶᠢᠨ ᠪᠣᠭᠤᠳᠠᠯ ᠪᠠᠭᠯᠠᠭ᠎ᠠ ᠪᠣᠯᠤᠨ ᠱᠣᠰᠢᠭ᠎ᠠ ᠲᠡᠮᠳᠡᠭ ᠤᠨ ᠬᠠᠮᠢᠶᠠᠷᠤᠯᠲᠠ ᠶᠢᠨ ᠠᠷᠭ᠎ᠠ︾ ᠪᠠᠷ | ᠯᠠᠪᠯᠠᠯᠲᠠ ᠪᠣᠯᠭᠠᠨ᠂ ᠦᠷ᠎ᠡ ᠴᠢᠬᠢ ᠶᠢᠨ ᠱᠣᠰᠢᠭ᠎ᠠ ᠲᠡᠮᠳᠡᠭ ᠤᠨ ᠬᠠᠮᠢᠶᠠᠷᠤᠯᠲᠠ ᠶᠢ ᠴᠢᠩᠭᠠᠳᠬᠠᠵᠤ᠂ ᠱᠣᠰᠢᠭ᠎ᠠ | ᠲᠡᠮᠳᠡᠭ ᠤᠨ ᠠᠭᠤᠯᠭ᠎ᠠ ᠶᠢ ᠪᠢᠴᠢᠬᠦ ᠠᠵᠢᠯ ᠢ ᠵᠢᠷᠤᠮᠵᠢᠭᠤᠯᠬᠤ ᠬᠡᠷᠡᠭᠲᠡᠶ᠃ | ᠲᠠᠨ ᠤ ᠺᠣᠮᠫᠠᠨᠢ ᠲᠣᠰ ᠮᠡᠳᠡᠭᠳᠡᠯ ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ 30 ᠡᠳᠦᠷ ᠤᠨ | ᠳᠣᠲᠣᠷ᠎ᠠ ᠴᠡᠭᠴᠡᠯᠡᠨ ᠵᠠᠰᠠᠵᠤ ᠳᠠᠭᠤᠰᠬᠠᠬᠤ ᠶᠢᠨ ᠬᠠᠮᠲᠤ ᠮᠠᠨ ᠤ ᠲᠣᠪᠴᠢᠶ᠎ᠠ ᠳᠤ ᠴᠡᠭᠴᠡᠯᠡᠨ ᠵᠠᠰᠠᠭᠰᠠᠨ | ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠬᠡᠷᠪᠡ ᠤᠨᠳᠤᠤ ᠰᠠᠨᠠᠯ ᠲᠠᠢ ᠪᠣᠯ᠂ ᠲᠣᠰ ᠮᠡᠳᠡᠭᠳᠡᠬᠦ | ᠪᠢᠴᠢᠭ ᠢ ᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠮᠠᠨ ᠤ ᠲᠣᠪᠴᠢᠶ᠎ᠠ ᠳᠤ ᠳᠠᠬᠢᠨ | ᠪᠠᠶᠢᠴᠠᠭᠠᠯᠭᠠᠬᠤ ᠪᠠᠷ ᠭᠤᠶᠤᠴᠢᠯᠠᠭᠠᠷᠠᠶ᠃ | | 2024 ᠣᠨ ᠤ 8 ᠰᠠᠷ᠎ᠠ ᠶᠢᠨ 2 ᠤᠨ ᠡᠳᠦᠷ |