ᠥᠪᠥᠷ ᠮᠣᠩᠭᠤᠯ ᠪᠠᠷᠰ ᠵᠡᠷᠭᠡ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠴᠭᠠᠠᠨ ᠵᠢᠯᠣᠭᠤᠳᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/8/7
    ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠢ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠮᠠᠨ ᠤ ᠣᠷᠣᠨ ᠤ ᠪᠠᠷᠰ ᠵᠡᠷᠭᠡ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 2024 ᠣᠨ ᠤ 7 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠥᠪᠥᠷ ᠮᠣᠩᠭᠤᠯ ᠤᠨ ᠲᠤᠰᠬᠠᠶ ᠲᠤᠰᠢᠶᠠᠯᠲᠠᠨ ᠤ ᠠᠯᠪᠠᠨ ᠬᠡᠷ ᠲᠠᠢ ᠬᠠᠮᠲᠤᠷᠠᠨ ᠲᠤᠰᠬᠠᠶ ᠰᠢᠮᠳᠠᠭᠤᠯᠤᠨ ᠵᠢᠯᠣᠭᠤᠳᠬᠤ ᠳᠤᠭᠤᠶᠢᠯᠠᠩ ᠢ ᠪᠦᠷᠢᠯᠳᠦᠭᠦᠯᠵᠦ᠂ ᠮᠠᠨ ᠤ ᠣᠷᠣᠨ ᠤ ᠡᠯ᠎ᠡ ᠠᠶᠢᠮᠠᠭ ᠬᠤᠲᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ᠂ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠲᠠᠯᠠᠪᠤᠷ ᠵᠡᠷᠭᠡ ᠭᠠᠵᠠᠷ ᠲᠤ ᠭᠦᠨᠵᠡᠭᠡᠶᠢᠷᠡᠨ ᠪᠠᠷᠰ ᠵᠡᠷᠭᠡ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠶᠢ ᠪᠠᠶᠢᠴᠠᠭᠠᠨ ᠵᠢᠯᠤᠭᠤᠳᠬᠤ ᠠᠵᠢᠯ ᠢ ᠥᠷᠨᠢᠭᠦᠯᠪᠡ᠃ ᠪᠠᠶᠢᠴᠠᠭᠠᠨ ᠵᠢᠯᠣᠭᠤᠳᠬᠤ ᠳᠤᠭᠤᠶᠢᠯᠠᠩ ᠭᠤᠤᠯᠳᠠᠭᠤ ᠠᠮᠢᠲᠠᠨ ᠢ ᠲᠡᠵᠢᠭᠡᠨ ᠠᠷᠠᠴᠢᠯᠠᠬᠤ ᠭᠠᠵᠠᠷ ᠤᠨ ᠣᠷᠴᠢᠨ ᠠᠬᠤᠶ᠂ ᠢᠯᠠᠩᠭᠤᠶ᠎ᠠ ᠪᠠᠷᠰ᠂ ᠪᠠᠭᠠᠪᠠᠭᠠᠶ᠂  ᠴᠢᠨ᠋ᠸ᠎ᠠ ᠵᠡᠷᠭᠡ ᠳᠣᠭᠰᠢᠨ ᠠᠷᠢᠶᠠᠲᠠᠨ ᠢ ᠲᠡᠵᠢᠭᠡᠨ ᠠᠷᠠᠴᠢᠯᠠᠬᠤ ᠣᠷᠴᠢᠨ ᠠᠬᠤᠶ ᠨᠢ ᠮᠡᠷᠭᠡᠵᠢᠯ ᠤᠨ ᠵᠢᠷᠤᠮᠵᠢᠯ ᠪᠠ ᠱᠠᠭᠠᠷᠳᠠᠯᠭ᠎ᠠ ᠳᠤ ᠨᠡᠶᠢᠴᠡᠬᠦ ᠡᠰᠡᠬᠦ︔ ᠠᠮᠢᠲᠠᠨ ᠤ ᠰᠢᠩᠭᠡᠯᠢᠭ ᠵᠢᠴᠢ ᠣᠶᠢᠷ᠎ᠠ ᠬᠠᠪᠢ ᠶᠢᠨ ᠬᠢᠨᠠᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠮᠵᠢ ᠨᠢ ᠪᠦᠷᠢᠨ ᠲᠡᠭᠦᠯᠳᠡᠷ ᠪᠠᠶᠢᠬᠤ ᠡᠰᠡᠬᠦ︔ ᠲᠠᠯᠠᠪᠤᠷ ᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠡᠰᠡᠬᠦ ᠵᠡᠷᠭᠡ ᠶᠢ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠭᠰᠠᠨ ᠤ ᠬᠠᠮᠲᠤ᠂ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠵᠥᠪᠰᠢᠶᠡᠷᠡᠯ ᠤᠨ ᠦᠨᠡᠮᠯᠡᠯ᠂ ᠠᠷᠠᠴᠢᠯᠠᠨ ᠲᠡᠵᠢᠭᠡᠭᠰᠡᠨ ᠲᠡᠮᠳᠡᠭᠯᠡᠯ᠂ ᠲᠦᠷᠢᠮ ᠲᠣᠭᠲᠠᠭᠠᠯ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠠ ᠠᠵᠢᠯᠲᠠᠨ ᠤ ᠪᠣᠯᠪᠠᠰᠤᠷᠠᠭᠤᠯᠤᠯ ᠵᠡᠷᠭᠡ ᠬᠠᠮᠢᠶ᠎ᠠ ᠪᠥᠬᠦᠶ ᠡᠬᠡ ᠲᠠᠩᠰᠠ ᠶᠢᠨ ᠮᠠᠲ᠋ᠧᠷᠢᠶᠠᠯ ᠢ ᠪᠠᠶᠢᠴᠠᠭᠠᠨ ᠦᠵᠡᠭᠰᠡᠨ ᠪᠥᠭᠡᠳ ᠡᠯ᠎ᠡ ᠲᠠᠯᠠᠪᠤᠷ ᠢ ᠰᠢᠮᠳᠠᠭᠤᠯᠵᠤ ᠪᠠᠶᠢᠭᠠᠳ ᠬᠥᠮᠦᠨ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠪᠡᠯᠡᠳᠬᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠷᠠᠴᠢᠯᠠᠨ ᠲᠡᠵᠢᠭᠡᠭᠴᠢ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠳᠡᠢ ᠭᠡᠵᠡᠢ᠃     ᠲᠣᠰ ᠤᠳᠠᠭᠠᠨ ᠤ ᠬᠢᠨᠠᠨ ᠵᠢᠯᠣᠭᠤᠳᠣᠯᠭ᠎ᠠ ᠪᠠᠷ ᠳᠠᠮᠵᠢᠭᠤᠯᠤᠨ᠂ ᠬᠡᠰᠡᠭ ᠠᠶᠢᠮᠠᠭ ᠬᠤᠲᠠ ᠳᠤ ᠠᠷᠠᠴᠢᠯᠠᠨ ᠲᠡᠵᠢᠭᠡᠬᠦ ᠭᠠᠵᠠᠷ ᠤᠨ ᠪᠠᠶᠢᠷᠢᠰᠢᠯ ᠨᠢ ᠵᠦᠶ ᠵᠣᠬᠢᠰ ᠥᠬᠡᠶ᠂ ᠬᠠᠮᠢᠶᠠᠷᠤᠯᠲᠠ ᠶᠢᠨ ᠨᠥᠬᠦᠴᠡᠯ ᠨᠢ ᠪᠠᠷᠢᠮᠵᠢᠶ᠎ᠠ ᠳᠤ ᠬᠥᠷᠬᠦ ᠥᠬᠡᠶ᠂ ᠡᠮᠬᠢ ᠵᠢᠷᠤᠮ ᠥᠬᠡᠶ ᠪᠠᠷ ᠦᠷᠡᠵᠢᠭᠦᠯᠦᠨ ᠪᠤᠶᠢᠵᠢᠭᠤᠯᠬᠤ ᠪᠠ  ᠪᠦᠲᠦᠭᠡᠭᠳᠡᠬᠦᠨ ᠤ ᠬᠠᠳᠠᠭᠠᠯᠠᠨ ᠬᠠᠮᠢᠶᠠᠷᠤᠯᠳᠠ ᠨᠢ ᠵᠢᠷᠤᠮᠵᠢᠯ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠰᠢᠮᠳᠠᠭᠤᠯᠤᠨ ᠵᠢᠯᠣᠭᠤᠳᠬᠤ ᠳᠤᠭᠤᠶᠢᠯᠠᠩ ᠠᠴᠠ ᠲᠤᠬᠠᠶ ᠶᠢᠨ ᠲᠠᠯᠠᠪᠤᠷ ᠲᠤᠨᠢ ᠠᠰᠠᠭᠤᠳᠠᠯ ᠢ ᠵᠢᠭᠠᠵᠤ ᠭᠠᠷᠭᠠᠬᠤ ᠶᠢᠨ ᠬᠠᠮᠲᠤ ᠬᠠᠷᠢᠶ᠎ᠠ ᠭᠠᠵᠠᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠲᠠᠯᠠᠪᠤᠷ ᠢ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠪᠠᠷ ᠱᠠᠭᠠᠷᠳᠠᠵᠤ᠂ ᠴᠡᠭᠴᠡᠯᠡᠨ ᠥᠭᠡᠷᠡᠴᠢᠯᠡᠬᠦ ᠶᠢ ᠲᠡᠪᠴᠢᠭᠰᠡᠨ ᠪᠤᠶᠤ ᠴᠡᠭᠴᠡᠯᠡᠨ ᠥᠭᠡᠷᠡᠴᠢᠯᠡᠭᠰᠡᠨ ᠤ ᠳᠠᠷᠠᠭ᠎ᠠ ᠮᠥᠨ ᠯᠡ ᠱᠠᠭᠠᠷᠳᠠᠯᠭ᠎ᠠ ᠳᠤ ᠨᠡᠶᠢᠴᠡᠬᠦ ᠥᠬᠡᠶ ᠨᠢᠭᠡᠴᠡ ᠳᠤ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠬᠦᠴᠦᠨ ᠥᠬᠡᠶ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ᠂ ᠬᠡᠭᠡᠷ᠎ᠡ ᠶᠢᠨ ᠠᠮᠢᠲᠠᠨ ᠢ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号