| | ᠰᠢᠨᠬᠤᠸᠠ ᠬᠤᠷᠢᠶ᠎ᠠ ᠶᠢᠨ ᠯᠠᠨᠵᠧᠦ ᠶᠢᠨ 9 ᠰᠠᠷ᠎ᠠ ᠶᠢᠨ 12 ᠤᠨ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 12 ᠤᠨ ᠦᠳᠡ ᠶᠢᠨ ᠬᠤᠶᠢᠨ᠎ᠠ ᠭᠠᠨᠰᠤ ᠮᠤᠵᠢ ᠶᠢᠨ ᠯᠠᠨᠵᠧᠦ | ᠬᠤᠲᠠ ᠳᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ | ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ | ᠬᠠᠮᠠᠭᠠᠯᠠᠯᠲᠠ ᠶᠢ ᠴᠢᠬᠤᠯᠠᠴᠢᠯᠠᠬᠤ᠂ ᠵᠠᠰᠠᠯᠲᠠ ᠶᠢ ᠭᠤᠣᠯᠳᠠᠯᠭ᠎ᠠ ᠪᠤᠯᠭᠠᠬᠤ ᠪᠠᠶᠢᠯᠳᠤᠬᠤ ᠪᠣᠳᠣᠯᠭ᠎ᠠ ᠶᠢᠨ | ᠱᠠᠭᠠᠷᠳᠠᠯᠭ᠎ᠠ ᠶᠢ ᠪᠠᠲᠤ ᠡᠵᠡᠮᠳᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠥ᠂ ᠠᠮᠢ ᠠᠬᠤᠢ ᠶᠢ ᠤᠷᠢᠳᠠᠪᠠᠷ ᠪᠣᠳᠣᠯᠬᠢᠯᠠᠬᠤ ᠪᠣᠬᠢᠷᠳᠤᠯ | ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠤᠰᠤᠨ ᠤ ᠬᠡᠮᠵᠢᠶ᠎ᠡ ᠪᠠᠷ ᠬᠢᠬᠦ᠂ ᠤᠰᠤ ᠠᠷᠪᠢᠯᠠᠬᠤ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠦᠷᠦᠯ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠵᠦ᠂ ᠬᠠᠮᠵᠢᠯᠴᠠᠭᠤᠯᠤᠨ ᠠᠬᠢᠭᠤᠯᠬᠤ ᠶᠢ | ᠪᠠᠷᠢᠮᠲᠠᠯᠠᠵᠤ᠂ ᠪᠦᠭᠦ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠰᠢᠨ᠎ᠡ ᠳᠡᠭᠲᠡᠷ ᠲᠤ ᠭᠠᠷᠬᠤ᠂ | ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠰᠢᠨ᠎ᠡ ᠠᠬᠢᠴᠠ ᠲᠠᠢ ᠪᠤᠯᠬᠤ᠂ ᠴᠢᠨᠠᠷ ᠰᠠᠶᠢᠲᠠᠢ | ᠬᠥᠭᠵᠢᠯᠲᠡ ᠰᠢᠨ᠎ᠡ ᠦᠷ᠎ᠡ ᠪᠦᠲᠦᠮᠵᠢ ᠣᠯᠬᠤ᠂ ᠠᠷᠠᠳ ᠣᠯᠠᠨ ᠤ ᠠᠮᠢᠳᠤᠷᠠᠯ ᠰᠢᠨ᠎ᠡ ᠰᠠᠶᠢᠵᠢᠷᠠᠯᠲᠠ ᠲᠠᠢ | ᠪᠤᠯᠬᠤ ᠶᠢ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | | | | | | 9 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠭᠠᠨᠰᠤ ᠮᠤᠵᠢ ᠶᠢᠨ ᠯᠠᠨᠵᠧᠦ ᠬᠤᠲᠠ ᠳᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ | ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ | ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠵᠠᠢ᠃ | ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠡᠷᠭᠢᠯᠡᠭᠴᠢ ᠵᠧᠩ ᠱᠠᠨ ᠵᠢᠶᠧ᠂ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤ᠋ ᠴᠠᠩ ᠱᠧᠩ᠂ ᠱᠠᠨᠰᠢ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠤᠤ ᠢ ᠳ᠋ᠧ᠂ ᠾᠧᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ | ᠯᠧᠦ ᠶᠠᠩ ᠱᠧᠩ ᠤᠷᠢᠳ ᠬᠤᠵᠢᠳ ᠦᠭᠡ ᠬᠡᠯᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ ᠬᠠᠷᠢᠭᠤ | ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ ᠶᠠᠷᠢᠯᠴᠠᠬᠤ ᠬᠤᠷᠠᠯ ᠳᠤ ᠣᠷᠣᠯᠴᠠᠬᠰᠠᠨ ᠪᠤᠰᠤᠳ ᠮᠤᠵᠢ | ᠣᠷᠣᠨ ᠤ ᠭᠤᠣᠯ ᠬᠠᠷᠢᠭᠤᠴᠠᠯᠭᠠᠲᠠᠨ ᠪᠢᠴᠢᠭ ᠤᠨ ᠭᠡᠯᠪᠡᠷᠢ ᠶᠢᠨ ᠦᠭᠡ ᠬᠡᠯᠡᠬᠦ ᠮᠠᠲ᠋ᠧᠷᠢᠶᠠᠯ ᠳᠡᠪᠰᠢᠭᠦᠯᠵᠡᠢ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠨᠠᠮ ᠤᠨ ᠲᠥᠪ ᠬᠤᠷᠢᠶ᠎ᠠ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ | ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠤᠷᠠᠳᠤᠭᠰᠠᠨ ᠠᠴᠠ ᠨᠠᠭᠠᠰᠢ᠂ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠤᠰᠤᠨ ᠤ ᠠᠮᠤᠷ | ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠴᠢᠩᠭᠠᠷᠠᠵᠤ᠂ ᠡᠨᠧᠷᠭᠢ ᠠᠮᠤ ᠪᠤᠳᠠᠭᠠᠨ ᠤ ᠠᠮᠤᠷ | ᠲᠦᠪᠰᠢᠨ ᠤ ᠰᠠᠭᠤᠷᠢ ᠲᠠᠰᠤᠷᠠᠯᠲᠠ ᠦᠭᠡᠢ ᠪᠠᠬᠢᠵᠢᠵᠦ᠂ ᠴᠢᠨᠠᠷ ᠰᠠᠶᠢᠲᠠᠢ ᠬᠥᠭᠵᠢᠯᠲᠡ ᠶᠢᠨ ᠭᠢᠯᠠᠰ ᠴᠡᠭ ᠴᠥᠭᠡᠨ | ᠪᠤᠰᠤ ᠢᠯᠡᠷᠡᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠨᠠᠩ ᠥᠨᠳᠥᠷ ᠭᠠᠷᠤᠭ᠎ᠠ ᠳᠡᠭᠡᠷ᠎ᠡ ᠵᠣᠭᠰᠣᠪᠠ᠃ ᠡᠭᠦᠨ ᠤ ᠬᠠᠮᠲᠤ ᠪᠠᠰᠠ ᠴᠥᠭᠡᠨ ᠪᠤᠰᠤ ᠪᠡᠷᠬᠡ | ᠰᠡᠳᠦᠪ ᠢ ᠴᠢᠨᠠᠭᠰᠢᠳᠠ ᠰᠢᠢᠳᠪᠦᠷᠢᠯᠡᠬᠦ ᠴᠢᠬᠤᠯᠠᠲᠠᠢ ᠪᠠᠶᠢᠬᠤ ᠶᠢ ᠣᠯᠵᠤ ᠬᠠᠷᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠶᠡᠭᠡ ᠬᠠᠮᠠᠭᠠᠯᠠᠯᠲᠠ ᠶᠡᠭᠡ | ᠬᠠᠮᠵᠢᠯᠴᠠᠭ᠎ᠠ ᠶᠢᠨ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠤᠰ ᠤᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠬᠠᠲᠤᠨ ᠭᠤᠣᠯ ᠤᠨ ᠵᠠᠰᠠᠯᠲᠠ ᠶᠢᠨ ᠰᠢᠰᠲ᠋ᠧᠮᠲᠦ | ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠨᠠᠩ ᠳᠣᠪᠤᠶᠢᠯᠭᠠᠵᠤ᠂ ᠳᠡᠭᠡᠷ᠎ᠡ ᠳᠣᠣᠷ᠎ᠠ ᠤᠷᠤᠰᠬᠠᠯ | ᠨᠡᠪᠲᠡᠷᠡᠯᠴᠡᠵᠦ ᠨᠢᠭᠡ ᠴᠣᠭᠴᠠᠵᠢᠭᠰᠠᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ | ᠪᠠᠶᠢᠭᠤᠯᠬᠤ ᠶᠢ ᠠᠬᠢᠭᠤᠯᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ | ᠶᠡᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠠᠪᠠ ᠭᠠᠵᠠᠷ ᠤᠨ ᠠᠮᠢ ᠠᠬᠤᠢ ᠶᠢᠨ ᠰᠢᠰᠲ᠋ᠧᠮ ᠤᠨ | ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠪᠦᠬᠦᠯᠢ ᠴᠣᠭᠴᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠨᠡᠭᠦᠷᠡᠰᠦ ᠮᠠᠯᠲᠠᠭᠰᠠᠨ ᠠᠴᠠ ᠪᠣᠯᠵᠤ ᠶᠡᠭᠦᠷᠡᠭᠰᠡᠨ ᠣᠷᠣᠨ ᠢ | ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ᠡᠬᠢ ᠪᠠᠶᠠᠯᠢᠭ ᠤᠨ ᠭᠡᠯᠪᠡᠷᠢ ᠪᠦᠬᠦᠢ ᠭᠠᠵᠠᠷ ᠣᠷᠣᠨ ᠤ ᠭᠡᠯᠪᠡᠷᠢ ᠪᠠᠨ | ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠬᠡᠷᠡᠭᠲᠡᠢ᠃ ᠪᠣᠬᠢᠷᠳᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ | ᠴᠢᠬᠤᠯᠠ ᠰᠠᠯᠪᠤᠷᠢ ᠤᠷᠤᠰᠬᠠᠯ ᠪᠠ ᠭᠤᠣᠯᠳᠠᠯᠭ᠎ᠠ ᠲᠠᠢ ᠨᠠᠭᠤᠷ ᠴᠥᠭᠦᠷᠥᠮ ᠢ ᠵᠠᠰᠠᠬᠤ ᠠᠵᠢᠯ ᠢ ᠴᠢᠩᠭᠠᠳᠬᠠᠵᠤ᠂ | ᠭᠤᠣᠯ ᠳᠠᠭᠠᠵᠦ ᠨᠠᠭᠤᠷ ᠲᠣᠭᠤᠷᠢᠭᠰᠠᠨ ᠭᠠᠵᠠᠷ ᠣᠷᠣᠨ ᠤ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ ᠠᠭᠠᠷ ᠮᠠᠨᠳᠠᠯ ᠤᠨ ᠪᠣᠬᠢᠷᠳᠤᠯ ᠢ ᠶᠡᠷᠦᠩᠬᠡᠶᠢᠯᠡᠨ | ᠵᠠᠰᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠭᠡᠲᠦ ᠪᠠᠭ᠎ᠠ ᠭᠠᠳᠠᠭᠰᠢᠯᠠᠭᠤᠯᠤᠯᠲᠠ ᠶᠢᠨ | ᠥᠭᠡᠷᠡᠴᠢᠯᠡᠯᠲᠡ ᠶᠢ ᠲᠦᠷᠭᠡᠳᠬᠡᠵᠦ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠶᠡᠭᠡ ᠪᠠᠷ | ᠠᠬᠢᠭᠤᠯᠬᠤ ᠬᠡᠷᠡᠭᠲᠡᠢ᠃ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠳᠤᠯ ᠲᠠᠢ︾ ᠠᠵᠤ ᠠᠬᠤᠶᠢᠯᠠᠯ ᠢ | ᠬᠠᠤᠯᠢ ᠶᠣᠰᠣᠭᠠᠷ ᠴᠡᠭᠴᠡᠯᠡᠨ ᠵᠠᠰᠠᠵᠤ᠂ ᠠᠶᠤᠯ ᠲᠦᠭᠰᠢᠭᠦᠷᠢ ᠶᠢᠨ ᠡᠬᠢ ᠰᠤᠷᠪᠤᠯᠵᠢ ᠶᠢ ᠪᠦᠲᠦᠮᠵᠢᠲᠡᠢ ᠬᠠᠮᠢᠶᠠᠷᠤᠨ | ᠡᠵᠡᠮᠳᠡᠬᠦ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠳᠡᠮᠵᠢᠬᠦ ᠡᠳ᠋ ᠤᠨ ᠵᠠᠰᠠᠭ | ᠭᠠᠶᠢᠯᠢ᠂ ᠮᠥᠩᠭᠦᠨ ᠭᠦᠢᠯᠭᠡᠭᠡᠨ᠂ ᠪᠡᠯᠡ ᠣᠷᠣᠭᠤᠯᠤᠯᠲᠠ᠂ ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ ᠪᠠ | ᠪᠠᠷᠢᠮᠵᠢᠶ᠎ᠠ ᠶᠢᠨ ᠰᠢᠰᠲ᠋ᠧᠮ ᠢ ᠬᠡᠷᠡᠭᠵᠢᠭᠦᠯᠬᠦ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠲᠡᠭ ᠢ ᠪᠡᠶᠡᠯᠡᠭᠦᠯᠬᠦ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠪᠦᠭᠦ ᠰᠠᠪᠠ ᠭᠠᠵᠠᠷ᠂ ᠵᠠᠬ᠎ᠠ ᠳᠡᠯᠭᠡᠭᠦᠷᠵᠢᠭᠰᠡᠨ᠂ ᠤᠯᠠᠨ | ᠡᠰᠢᠵᠢᠭᠰᠡᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠰᠤᠨ ᠤ ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ ᠬᠠᠮᠤᠭ ᠤᠨ ᠴᠢᠩᠭ᠎ᠠ ᠳᠦᠷᠢᠮ ᠢ | ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠵᠢᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠭᠦ | ᠬᠡᠷᠡᠭᠲᠡᠢ᠃ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠡᠭᠡᠷ᠎ᠡ ᠬᠢᠵᠠᠭᠠᠷ ᠢ ᠴᠢᠩᠭ᠎ᠠ ᠰᠠᠬᠢᠵᠤ᠂ ᠤᠰᠤᠨ ᠪ᠊ | ᠬᠡᠮᠵᠢᠶ᠎ᠡ ᠪᠠᠷ ᠬᠤᠲᠠ ᠶᠢᠨ ᠪᠦᠲᠦᠭᠡᠨ ᠪᠠᠶᠢᠭᠤᠯᠤᠯᠲᠠ ᠪᠠᠨ ᠲᠣᠭᠲᠠᠭᠠᠬᠤ᠂ ᠤᠰᠤᠨ ᠪ᠊ ᠬᠡᠮᠵᠢᠶ᠎ᠡ ᠪᠠᠷ ᠭᠠᠵᠠᠷ | ᠳᠠᠷᠢᠶ᠎ᠠ ᠪᠠᠨ ᠲᠣᠭᠲᠠᠭᠠᠬᠤ᠂ ᠤᠰᠤᠨ ᠪ᠊ ᠬᠡᠮᠵᠢᠶ᠎ᠡ ᠪᠠᠷ ᠬᠤᠳᠠ ᠶᠢᠨ ᠬᠥᠮᠥᠨ ᠠᠮᠠ ᠶᠢᠨ ᠳᠠᠭᠠᠭᠠᠴᠠ ᠶᠢ | ᠲᠣᠭᠲᠠᠭᠠᠬᠤ᠂ ᠤᠰᠤᠨ ᠪ᠊ ᠬᠡᠮᠵᠢᠶ᠎ᠡ ᠪᠠᠷ ᠦᠢᠯᠡᠳᠪᠦᠷᠢᠯᠡᠯ ᠢᠶᠠᠨ ᠲᠣᠭᠲᠠᠭᠠᠬᠤ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠤᠨ᠂ ᠪᠦᠭᠦ ᠰᠠᠪᠠ ᠭᠠᠵᠠᠷ ᠢ ᠬᠠᠮᠤᠷᠤᠭᠰᠠᠨ ᠤᠰᠤ ᠲᠠᠲᠠᠵᠤ ᠬᠡᠷᠡᠭᠯᠡᠬᠦ ᠶᠡᠷᠦᠩᠬᠡᠢ ᠬᠡᠮᠵᠢᠶ᠎ᠡ ᠶᠢ | ᠡᠵᠡᠮᠳᠡᠬᠦ ᠰᠢᠰᠲ᠋ᠧᠮ ᠢ ᠪᠦᠷᠢᠨᠰᠢᠭᠦᠯᠵᠦ᠂ ᠭᠤᠣᠯ ᠤᠷᠤᠰᠬᠠᠯ ᠪᠠ ᠰᠠᠯᠪᠤᠷᠢ ᠤᠷᠤᠰᠬᠠᠯ ᠤᠨ ᠤᠰᠤᠨ ᠤ ᠡᠬᠢ | ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠢ᠃ ᠭᠠᠵᠠᠷ ᠳᠣᠣᠷᠠᠬᠢ ᠤᠰᠤᠨ ᠲᠦᠪᠰᠢᠨ ᠢ | ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠳᠤᠮᠳᠠ ᠳᠣᠣᠷ᠎ᠠ ᠤᠷᠤᠰᠬᠠᠯ ᠤᠨ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠲᠠᠲᠠᠬᠤ ᠶᠢ ᠵᠠᠰᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠤᠤᠭᠤᠬᠤ ᠤᠰᠤᠨ ᠤ ᠡᠬᠢ | ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ︽ᠨᠠᠶᠠᠨ ᠲᠤᠯᠤᠭᠠᠨ ᠣᠨ︾ ᠤ ᠤᠰᠤ | ᠰᠠᠯᠭᠠᠬᠤ ᠲᠥᠰᠥᠯ ᠢ ᠯᠠᠪᠳᠠᠭᠤᠨ ᠢᠶᠠᠷ ᠰᠢᠯᠢᠳᠡᠭᠵᠢᠭᠦᠯᠦᠨ ᠲᠣᠬᠢᠷᠠᠭᠤᠯᠬᠤ ᠬᠡᠷᠡᠭᠲᠡᠢ᠃ ᠤᠰᠤᠨ ᠤ ᠡᠷᠬᠡ ᠶᠢᠨ | ᠠᠷᠠᠯᠵᠢᠶ᠎ᠠ ᠶᠢ ᠢᠳᠡᠪᠬᠢᠲᠡᠢ ᠰᠦᠪᠡᠭᠴᠢᠯᠡᠬᠦ ᠪᠠ ᠵᠢᠷᠤᠮᠵᠢᠭᠤᠯᠤᠨ ᠠᠬᠢᠭᠤᠯᠵᠤ᠂ ᠤᠰᠤᠨ ᠤ ᠡᠬᠢ ᠪᠠᠶᠠᠯᠢᠭ ᠤᠨ | ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ ᠶᠢ ᠪᠦᠭᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠤᠰᠤ ᠠᠷᠪᠢᠯᠠᠬᠤ | ᠠᠵᠢᠯᠯᠠᠭ᠎ᠠ ᠶᠢ ᠬᠡᠷᠡᠭᠵᠢᠭᠦᠯᠵᠦ᠂ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠢ ᠲᠦᠷᠭᠡᠳᠬᠡᠨ ᠪᠠᠶᠢᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠠᠳᠤᠨ | ᠭᠤᠣᠯ ᠤᠨ ᠠᠮᠤᠷ ᠲᠣᠭᠲᠠᠭᠤᠨ ᠢ ᠪᠦᠭᠦ ᠬᠦᠴᠦ ᠪᠠᠷ ᠢᠶᠠᠨ ᠪᠠᠲᠤᠯᠠᠬᠤ ᠬᠡᠷᠡᠭᠲᠡᠢ᠃ ᠤᠰᠤ ᠡᠯᠡᠰᠦ ᠶᠢ | ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯᠯᠠᠭᠴᠢ ᠤᠰᠤᠨ ᠴᠥᠭᠦᠷᠥᠮ ᠵᠡᠷᠭᠡ ᠴᠢᠬᠤᠯᠠ ᠶᠡᠭᠡ | ᠤᠰᠤᠨ ᠠᠰᠢᠭᠯᠠᠯᠲᠠ ᠶᠢᠨ ᠢᠨᠵᠧᠨᠧᠷᠢᠩ ᠢᠶᠠᠷ ᠭᠤᠣᠯ ᠪᠤᠯᠭᠠᠬᠰᠠᠨ ᠲᠣᠬᠢᠷᠠᠭᠤᠯᠭ᠎ᠠ ᠡᠵᠡᠮᠳᠡᠯ ᠤᠨ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠢ᠃ ᠭᠤᠣᠯ ᠤᠷᠤᠰᠬᠠᠯ ᠰᠠᠯᠪᠤᠷᠢ ᠤᠷᠤᠰᠬᠠᠯ ᠢ ᠨᠢᠭᠡᠳᠦᠯᠲᠡᠢ ᠰᠡᠷᠭᠡᠶᠢᠯᠡᠵᠦ ᠨᠢᠭᠡᠳᠦᠯᠲᠡᠢ | ᠵᠠᠰᠠᠬᠤ ᠶᠢ ᠪᠠᠷᠢᠮᠲᠠᠯᠠᠵᠤ᠂ ᠭᠤᠣᠯ ᠤᠷᠤᠰᠬᠠᠯ ᠤᠨ ᠭᠤᠣᠯᠳᠠᠯᠭ᠎ᠠ ᠲᠠᠢ ᠭᠤᠣᠯ ᠤᠨ ᠬᠡᠰᠡᠭ᠂ ᠠᠶᠤᠯᠲᠠᠢ | ᠪᠠᠷᠢᠯᠭ᠎ᠠ ᠶᠢᠨ ᠬᠡᠰᠡᠭ ᠤᠨ ᠵᠠᠰᠠᠯᠲᠠ ᠶᠢ ᠠᠬᠢᠭᠤᠯᠵᠤ᠂ ᠴᠢᠬᠤᠯᠠ ᠰᠡᠷᠭᠡᠶᠢᠯᠡᠯᠲᠡ ᠶᠢᠨ ᠤᠰᠤᠨ ᠴᠥᠭᠦᠷᠥᠮ ᠪᠣᠯᠣᠨ | ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠬᠠᠳᠤᠨ ᠭᠤᠣᠯ ᠤᠨ ᠤᠰᠤᠨ | ᠠᠰᠢᠭᠯᠠᠯᠲᠠ ᠶᠢᠨ ᠬᠦᠢᠰᠦ ᠴᠢᠬᠤᠯᠠ ᠶᠡᠭᠡ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ | ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠨ᠂ ᠤᠷᠢᠳᠴᠢᠯᠠᠨ ᠰᠡᠷᠡᠮᠵᠢᠯᠡᠭᠦᠯᠭᠦ ᠪᠠ | ᠪᠠᠴᠢᠮ ᠪᠠᠶᠢᠳᠠᠯ ᠢ ᠠᠷᠭᠠᠴᠠᠭᠠᠬᠤ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ᠃ ᠠᠶᠤᠯ | ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠤᠬᠠᠭᠤᠯᠭ᠎ᠠ ᠬᠥᠮᠦᠵᠢᠯ ᠪᠠ ᠪᠠᠶᠢᠩᠭᠤᠵᠢᠭᠰᠠᠨ᠂ ᠵᠢᠩᠬᠢᠨᠢ ᠪᠠᠶᠢᠯᠳᠤᠭᠠᠨᠴᠢᠯᠠᠬᠰᠡᠨ ᠬᠠᠮᠵᠢᠯᠴᠠᠨ | ᠳᠠᠶᠢᠴᠢᠯᠠᠬᠤ ᠰᠣᠷᠢᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ | ᠬᠤᠪᠢᠷᠠᠭᠤᠯᠬᠤ ᠶᠢ ᠠᠬᠢᠭᠤᠯᠵᠤ᠂ ᠣᠨᠴᠠᠯᠢᠭᠲᠤ ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ | ᠪᠠᠶᠢᠭᠤᠯᠬᠤ ᠬᠡᠷᠡᠭᠲᠡᠢ᠃ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ | ᠤᠬᠳᠤ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ | ᠪᠠ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠵᠤ᠂ ᠲᠠᠷᠢᠶᠠᠯᠠᠩ ᠤᠨ ᠵᠣᠬᠢᠰᠲᠠᠢ ᠬᠡᠪᠴᠢᠶᠡᠵᠢᠭᠰᠡᠨ | ᠡᠵᠡᠩᠨᠡᠯᠲᠡ ᠶᠢ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠳᠠᠪᠠᠭᠤᠯᠢᠭ | ᠲᠠᠷᠢᠶᠠᠯᠠᠩ ᠢ ᠬᠥᠭᠵᠢᠭᠦᠯᠬᠦ ᠬᠡᠷᠡᠭᠲᠡᠢ᠃ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠵᠦ | ᠠᠰᠢᠭᠯᠠᠬᠤ ᠶᠢ ᠰᠠᠶᠢᠲᠤᠷ ᠠᠳᠬᠤᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠭᠦ ᠬᠡᠷᠡᠭᠲᠡᠢ᠃ | ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ᠭᠠᠵᠠᠷ ᠳᠡᠭᠡᠷᠡᠬᠢ ᠤᠷᠤᠰᠬᠠᠯ᠂ ᠭᠠᠵᠠᠷ ᠳᠣᠣᠷᠠᠬᠢ ᠤᠰᠤᠨ ᠳᠤ ᠦᠵᠡᠭᠦᠯᠭᠦ ᠨᠥᠯᠥᠭᠡ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠠᠬᠤᠢ ᠶᠢ | ᠶᠡᠭᠡ ᠪᠠᠷ ᠬᠥᠭᠵᠢᠭᠦᠯᠵᠦ᠂ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ | ᠪᠠ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠨᠡᠪᠲᠡᠷᠡᠬᠦ ᠵᠠᠮ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ | ᠡᠮᠬᠢ ᠵᠢᠷᠤᠮ ᠲᠠᠢ ᠪᠠᠷ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠴᠡᠪᠡᠷ ᠡᠨᠧᠷᠭᠢ ᠪᠠᠷ | ᠣᠷᠣᠯᠠᠭᠤᠯᠬᠤ ᠶᠢ ᠲᠦᠷᠭᠡᠳᠬᠡᠬᠦ ᠬᠡᠷᠡᠭᠲᠡᠢ᠃ ᠠᠵᠤ ᠦᠢᠯᠡᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠥᠭᠡᠷᠡᠴᠢᠯᠡᠯᠲᠡ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢ | ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠲᠡᠷᠢᠭᠦᠨ ᠤ | ᠦᠢᠯᠡᠳᠬᠦ ᠦᠢᠯᠡᠰ ᠤᠨ ᠪᠥᠭᠡᠮᠨᠡᠷᠡᠯ ᠢ ᠪᠤᠵᠠᠭᠠᠶᠢᠷᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠣᠷᠣᠨ ᠪᠦᠰᠡ ᠶᠢᠨ ᠳᠣᠲᠣᠷᠠᠬᠢ | ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠶᠢᠨ ᠮᠡᠷᠭᠡᠵᠢᠯ ᠢ | ᠰᠢᠯᠵᠢᠭᠦᠯᠬᠦ ᠪᠠ ᠠᠵᠤ ᠦᠢᠯᠡᠰᠵᠢᠭᠦᠯᠦᠨ ᠦᠢᠯᠡᠴᠢᠯᠡᠬᠦ ᠲᠣᠭᠲᠠᠴᠠ ᠶᠢ ᠪᠠᠶᠢᠷᠢᠰᠢᠭᠤᠯᠤᠨ ᠪᠠᠶᠢᠭᠤᠯᠬᠤ ᠶᠢ | ᠵᠣᠷᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠰᠢᠨ᠎ᠡ ᠶᠢ ᠡᠭᠦᠳᠬᠦ ᠬᠡᠯᠬᠢᠶ᠎ᠡ ᠶᠢᠨ ᠬᠠᠮᠵᠢᠯᠴᠠᠬᠤ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠦᠭᠦ ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠵᠦ᠂ | ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ | ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠡᠯ᠎ᠡ ᠵᠦᠢᠯ ᠤᠨ ᠭᠡᠯᠪᠡᠷᠢ ᠶᠢᠨ ᠣᠷᠣᠨ | ᠨᠤᠲᠤᠭ ᠤᠨ ᠬᠠᠮᠠᠭᠠᠯᠠᠬᠤ ᠦᠵᠡᠯ ᠢ ᠡᠷᠡᠰ ᠠᠷᠢᠯᠭᠠᠬᠤ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠥᠷᠥᠩᠭᠡ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠳᠠᠪᠠᠭᠤᠯᠢᠭ ᠲᠠᠯ᠎ᠠ ᠪᠠᠨ ᠬᠠᠷᠢᠯᠴᠠᠨ | ᠨᠥᠬᠦᠪᠦᠷᠢᠯᠡᠭᠰᠡᠨ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠪᠣᠯᠣᠨ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠰᠢᠰᠲ᠋ᠧᠮ ᠢ ᠪᠠᠶᠢᠭᠤᠯᠵᠤ᠂ ᠣᠨᠴᠠ ᠶᠡᠭᠡ ᠬᠤᠲᠠ ᠨᠤᠭᠤᠳ ᠠᠭᠤᠯᠤᠭᠳᠠᠬᠤᠨ ᠮᠠᠶ᠋ᠢᠭ ᠤᠨ | ᠬᠥᠭᠵᠢᠯᠲᠡ ᠶᠢᠨ ᠵᠠᠮ ᠢᠶᠠᠷ ᠵᠠᠮᠨᠠᠵᠤ᠂ ᠬᠠᠲᠤᠨ ᠭᠤᠣᠯ ᠳᠠᠭᠠᠤ ᠶᠢᠨ ᠬᠤᠲᠠ ᠶᠢᠨ ᠪᠥᠭᠡᠮᠨᠡᠷᠡᠯ ᠨᠢ ᠬᠥᠮᠥᠨ | ᠠᠮᠠ ᠶᠢᠨ ᠲᠥᠪᠯᠡᠷᠡᠯ ᠪᠣᠯᠣᠨ ᠠᠵᠤ ᠦᠢᠯᠡᠰ ᠤᠨ ᠬᠠᠮᠵᠢᠯᠴᠠᠬᠤ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠵᠠᠮ | ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ ᠵᠡᠷᠭᠡ ᠮᠤᠵᠢ ᠣᠷᠣᠨ ᠰᠤᠨᠳᠠᠯᠠᠭᠰᠠᠨ ᠴᠢᠬᠤᠯᠠ ᠶᠡᠭᠡ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠪᠤᠰᠤᠳ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠲᠠᠢ | ᠵᠣᠯᠭᠠᠭᠤᠯᠬᠤ ᠶᠢ ᠴᠢᠩᠭᠠᠳᠬᠠᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠶᠢ ᠠᠬᠢᠭᠤᠯᠬᠤ ᠬᠡᠷᠡᠭᠲᠡᠢ᠃ ︽ᠨᠢᠭᠡ ᠪᠦᠰᠡ ᠨᠢᠭᠡ | ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ᠃ ᠶᠡᠭᠡ ᠳᠤᠮᠳᠠ ᠪᠠᠭ᠎ᠠ ᠬᠤᠲᠠ ᠪᠣᠯᠣᠨ ᠪᠠᠭ᠎ᠠ ᠬᠤᠲᠠ ᠪᠠᠯᠭᠠᠰᠤ ᠶᠢᠨ | ᠵᠣᠬᠢᠴᠠᠩᠭᠤᠢ ᠪᠠᠷ ᠬᠥᠭᠵᠢᠬᠦ᠂ ᠡᠷᠴᠢᠮᠯᠢᠭ ᠠᠪᠰᠠᠷᠬᠠᠨ ᠪᠠᠶᠢᠷᠢᠰᠢᠭᠤᠯᠬᠤ ᠶᠢ ᠬᠥᠲᠥᠯᠥᠨ ᠵᠢᠯᠤᠭᠤᠳᠴᠤ᠂ ᠰᠢᠶᠠᠨ ᠤ | ᠬᠤᠲᠠ ᠶᠢᠨ ᠠᠵᠤ ᠦᠢᠯᠡᠰ ᠪᠣᠯᠣᠨ ᠬᠥᠮᠥᠨ ᠠᠮᠠ ᠶᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠤ᠂ ᠠᠮᠢ | ᠠᠬᠤᠢ ᠶᠢᠨ ᠬᠡᠪᠡᠷᠡᠭ ᠣᠷᠣᠨ ᠤ ᠳᠠᠭᠠᠭᠠᠬᠤ ᠳᠠᠷᠤᠯᠲᠠ ᠶᠢ ᠬᠥᠩᠭᠡᠷᠡᠭᠦᠯᠬᠦ ᠬᠡᠷᠡᠭᠲᠡᠢ᠃ ᠰᠢᠶᠠᠨ ᠤ ᠬᠤᠲᠠ ᠶᠢᠨ | ᠬᠤᠲᠠ ᠶᠢ ᠬᠤᠯᠪᠣᠬᠤ᠂ ᠬᠥᠳᠡᠭᠡ ᠲᠣᠰᠬᠤᠨ ᠢ ᠳᠠᠶᠢᠴᠢᠯᠠᠬᠤ ᠦᠢᠯᠡᠳᠦᠯ ᠢ ᠨᠠᠩ ᠰᠠᠶᠢᠨ ᠪᠠᠳᠠᠷᠠᠭᠤᠯᠵᠤ᠂ | ᠰᠢᠶᠠᠨ ᠤ ᠬᠡᠪᠴᠢᠶᠡᠨ ᠳᠤ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠤᠷᠢᠳ ᠢᠶᠠᠷ ᠪᠡᠶᠡᠯᠡᠭᠦᠯᠬᠦ ᠬᠡᠷᠡᠭᠲᠡᠢ᠃ | ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠵᠤ᠂ ᠣᠷᠣᠰᠢᠨ ᠠᠮᠢᠳᠤᠷᠠᠬᠤ | ᠦᠢᠯᠡᠰ ᠪᠦᠲᠦᠭᠡᠬᠦ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ | ᠪᠠᠶᠢᠭᠤᠯᠬᠤ ᠬᠡᠷᠡᠭᠲᠡᠢ᠃ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ | ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠠᠵᠢᠯ | ᠣᠯᠭᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠬᠤᠳᠠ ᠪᠠᠯᠭᠠᠰᠤᠨ ᠤ ᠠᠵᠤ ᠦᠢᠯᠡᠰ ᠢ ᠬᠥᠭᠵᠢᠭᠦᠯᠬᠦ ᠪᠠ | ᠬᠥᠳᠡᠭᠡ ᠲᠣᠰᠬᠤᠨ ᠤ ᠠᠵᠤ ᠦᠢᠯᠡᠰ ᠢ ᠪᠤᠶᠢᠵᠢᠭᠤᠯᠬᠤ ᠳᠤ ᠴᠥᠮ ᠠᠵᠢᠯ ᠣᠯᠭᠤᠯᠲᠠ ᠶᠢᠨ ᠪᠠᠭᠲᠠᠭᠠᠮᠵᠢ ᠶᠢ | ᠥᠷᠭᠡᠳᠬᠡᠬᠦ ᠶᠢ ᠴᠢᠬᠤᠯᠠᠴᠢᠯᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠪᠠ ᠶᠠᠳᠠᠭᠤᠷᠠᠬᠤ ᠶᠢ | ᠰᠡᠷᠭᠡᠶᠢᠯᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠣᠳᠣᠯᠭ᠎ᠠ | ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ | ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠦᠨᠳᠦᠰᠦᠲᠡᠨ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ | ᠶᠣᠰᠣᠭᠠᠷ ᠵᠠᠰᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠠᠳᠤᠨ ᠭᠤᠣᠯ ᠤᠨ ᠰᠠᠪᠠ ᠭᠠᠵᠠᠷ ᠪᠣᠯ ᠳᠤᠮᠳᠠᠳᠤ ᠶᠢᠨ ᠦᠨᠳᠦᠰᠦᠲᠡᠨ ᠪᠣᠯᠣᠨ | ᠳᠤᠮᠳᠠᠳᠤ ᠶᠢᠨ ᠪᠣᠯᠪᠠᠰᠤᠨ ᠤ ᠴᠢᠬᠤᠯᠠ ᠭᠤᠯᠣᠮᠲᠠ ᠣᠷᠣᠨ ᠮᠥᠨ᠂ ᠬᠠᠳᠤᠨ ᠭᠤᠣᠯ ᠤᠨ ᠰᠣᠶᠣᠯ ᠢ ᠬᠠᠮᠠᠭᠠᠯᠠᠨ | ᠪᠠᠳᠠᠷᠠᠭᠤᠯᠵᠤ᠂ ᠲᠡᠦᠬᠡ ᠰᠣᠶᠣᠯ ᠤᠨ ᠭᠤᠯᠣᠮᠲᠠ ᠪᠣᠯᠣᠨ ᠦᠨᠳᠦᠰᠦᠲᠡᠨ ᠤ ᠤᠭ ᠦᠨᠳᠦᠰᠦ ᠶᠢ ᠰᠠᠶᠢᠲᠤᠷ | ᠤᠯᠠᠮᠵᠢᠯᠠᠨ ᠵᠠᠯᠭᠠᠮᠵᠢᠯᠠᠬᠤ ᠬᠡᠷᠡᠭᠲᠡᠢ᠃ ᠰᠣᠶᠣᠯ ᠤᠨ ᠥᠪ ᠪᠣᠯᠣᠨ ᠪᠠᠶᠢᠭᠠᠯᠢ ᠶᠢᠨ ᠥᠪ ᠤᠨ ᠪᠦᠬᠦᠯᠢ ᠴᠣᠭᠴᠠᠲᠤ | ᠴᠢᠨᠠᠷ᠂ ᠰᠢᠰᠲ᠋ᠧᠮᠲᠦ ᠴᠢᠨᠠᠷ ᠲᠠᠢ ᠬᠠᠮᠠᠭᠠᠯᠠᠯᠲᠠ ᠶᠢ ᠴᠢᠩᠭᠠᠳᠬᠠᠵᠤ᠂ ᠬᠠᠭᠤᠴᠢ ᠰᠤᠳᠤᠯᠤᠯ ᠵᠡᠷᠭᠡ ᠠᠵᠢᠯ ᠢ | ᠭᠦᠨᠵᠡᠭᠡᠢ ᠠᠬᠢᠭᠤᠯᠬᠤ ᠬᠡᠷᠡᠭᠲᠡᠢ᠃ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ | ᠬᠤᠪᠢᠰᠬᠠᠯ ᠤᠨ ᠰᠣᠶᠣᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠬᠦ ᠬᠡᠷᠡᠭᠲᠡᠢ᠃ | ᠬᠠᠳᠤᠨ ᠭᠤᠣᠯ ᠤᠨ ᠰᠣᠶᠣᠯ ᠤᠨ ᠴᠠᠭ ᠦᠶ᠎ᠡ ᠶᠢᠨ ᠦᠨ᠎ᠡ ᠦᠷᠳᠡᠭ ᠢ ᠭᠦᠨᠵᠡᠭᠡᠢ ᠠᠭᠤᠳᠠᠯᠵᠤ᠂ ᠳᠤᠮᠳᠠᠳᠤ ᠶᠢᠨ | ᠦᠨᠳᠦᠰᠦᠲᠡᠨ ᠤ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠰᠢᠨᠲᠠᠷᠠᠰᠢ ᠦᠭᠡᠢ ᠲᠡᠮᠡᠴᠡᠬᠦ ᠦᠨᠳᠦᠰᠦᠲᠡᠨ ᠤ | ᠵᠠᠩ ᠴᠢᠨᠠᠷ ᠪᠣᠯᠣᠨ ᠲᠡᠮᠡᠴᠡᠯ ᠤᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠬᠦ ᠬᠡᠷᠡᠭᠲᠡᠢ᠃ ᠰᠣᠶᠣᠯ ᠪᠠ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠯᠠᠨ ᠤᠯᠤᠰ ᠲᠤ ᠨᠥᠯᠥᠭᠡᠯᠡᠬᠦ ᠬᠦᠴᠦᠨ ᠪᠦᠬᠦᠢ | ᠬᠠᠳᠤᠨ ᠭᠤᠣᠯ ᠤᠨ ᠰᠣᠶᠣᠯ ᠵᠢᠭᠤᠯᠴᠢᠯᠠᠯ ᠤᠨ ᠪᠦᠰᠡ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ | ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠲᠥᠪ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠲᠤᠨ ᠭᠤᠣᠯ ᠳᠠᠭᠠᠤ ᠶᠢᠨ ᠡᠯ᠎ᠡ ᠮᠤᠵᠢ ᠣᠷᠣᠨ ᠤ ᠨᠠᠮ ᠤᠨ ᠬᠤᠷᠢᠶ᠎ᠠ | ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠡᠶᠢᠭᠡᠮ ᠤᠨ ᠡᠯ᠎ᠡ | ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠴᠠᠭ | ᠦᠶ᠎ᠡ ᠶᠢᠨ ︽ᠬᠠᠲᠤᠨ ᠭᠤᠣᠯ ᠤᠨ ᠨᠠᠶᠢᠷᠠᠯ ᠳᠠᠭᠤᠤ︾ ᠶᠢ ᠰᠠᠶᠢᠲᠤᠷ ᠳᠠᠭᠤᠯᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ | ᠲᠥᠪ ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠪᠣᠯᠣᠨ ᠡᠯ᠎ᠡ ᠵᠦᠢᠯ ᠤᠨ ᠴᠢᠬᠤᠯᠠ | ᠶᠡᠭᠡ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠳᠤᠭᠠᠷ | ᠤᠯᠠᠷᠢᠯ ᠤᠨ ᠰᠡᠭᠦᠯᠴᠢ ᠪᠣᠯᠣᠨ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠠᠳᠬᠤᠵᠤ᠂ | ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ | ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ ᠶᠡᠭᠡ ᠬᠠᠮᠠᠭᠠᠯᠠᠯᠲᠠ ᠶᠢ | ᠵᠠᠩᠭᠢᠯᠠᠭ᠎ᠠ ᠶᠢᠨ ᠡᠭᠦᠷᠭᠡ ᠪᠤᠯᠭᠠᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ | ᠵᠠᠰᠠᠬᠤ ᠶᠢ ᠭᠦᠨᠵᠡᠭᠡᠢ ᠠᠬᠢᠭᠤᠯᠵᠤ᠂ ᠪᠠᠲᠤ ᠪᠠᠬᠢ᠂ ᠲᠤᠯᠭᠠᠭᠤᠷᠢᠯᠠᠯ ᠬᠦᠴᠦᠨ ᠲᠠᠢ ᠤᠯᠤᠰ ᠤᠨ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ︽ᠬᠥᠮᠥᠨ ᠪᠠ ᠤᠰᠤᠨ ᠤ ᠬᠠᠷᠢᠴᠠᠭ᠎ᠠ | ︾ ᠡᠨᠡ ᠬᠦ ᠶᠡᠭᠡ ᠶᠠᠪᠤᠳᠠᠯ ᠢ ᠨᠠᠷᠢᠯᠢᠭ ᠰᠠᠶᠢᠲᠤᠷ ᠬᠢᠵᠦ᠂ ︽ᠤᠰᠤᠨ ᠤ ᠬᠡᠮᠵᠢᠶ᠎ᠡ ᠪᠠᠷ ᠳᠥᠷᠪᠡ ᠶᠢ ᠲᠣᠭᠲᠠᠭᠠᠬᠤ︾ | ᠵᠠᠷᠴᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠪᠦᠭᠦ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠢ᠃ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ | ᠦᠨᠳᠦᠰᠦᠯᠡᠨ᠂ ᠲᠣᠰ ᠲᠣᠰ ᠤᠨ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠬᠦ | ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠪᠦᠭᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠨᠠᠩ ᠰᠠᠶᠢᠲᠤᠷ ᠣᠷᠣᠯᠴᠠᠵᠤ᠂ | ᠳᠣᠲᠣᠭᠠᠳᠤ ᠭᠠᠳᠠᠭᠠᠳᠤ ᠨᠡᠭᠡᠭᠡᠯᠲᠡ ᠶᠢᠨ ᠥᠷᠭᠡᠴᠡ ᠪᠠ ᠭᠦᠨᠴᠡ ᠶᠢ ᠥᠷᠭᠡᠳᠬᠡᠵᠦ᠂ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠴᠢ | ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠢᠯᠡᠳᠬᠡᠪᠡ᠃ | ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ᠂ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠮᠤᠵᠢ ᠣᠷᠣᠨ ᠤ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ | |