ᠰᠢ ᠶᠢᠨ ᠫᠢᠩ ᠠᠮᠧᠷᠢᠺᠠ ᠶᠢᠨ ᠶᠡᠷᠦᠩᠬᠡᠶᠢᠯᠡᠭᠴᠢ ᠶᠢᠨ ᠤᠯᠤᠰ ᠤᠨ ᠠᠮᠤᠷ ᠲᠦᠪᠰᠢᠨ ᠤ ᠬᠡᠷᠡᠭ ᠶᠠᠪᠤᠳᠠᠯ ᠤᠨ ᠲᠤᠰᠠᠯᠠᠭᠴᠢ ᠱᠠᠯᠢᠸᠧᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/9/2
 
W020240902347536812783.jpg
     ᠤᠯᠤᠰ ᠤᠨ ᠲᠡᠷᠢᠭᠦᠯᠡᠭᠴᠢ ᠰᠢ ᠶᠢᠨ ᠫᠢᠩ 8 ᠰᠠᠷ᠎ᠠ ᠶᠢᠨ 29᠎ ᠤ ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ ᠶᠡᠷᠦᠩᠬᠡᠶᠢᠯᠡᠭᠴᠢ ᠶᠢᠨ ᠤᠯᠤᠰ ᠤᠨ ᠠᠮᠤᠷ ᠲᠦᠪᠰᠢᠨ ᠤ ᠬᠡᠷᠡᠭ ᠶᠠᠪᠤᠳᠠᠯ ᠤᠨ ᠲᠤᠰᠠᠯᠠᠭᠴᠢ ᠱᠠᠯᠢᠸᠧᠨ ᠲᠠᠢ ᠠᠭᠤᠯᠵᠠᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ᠃        ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 29᠎ ᠤ ᠴᠠᠬᠢᠯᠭᠠᠨ ᠮᠡᠳᠡᠭᠡ ︵ᠰᠤᠷᠪᠤᠯᠵᠢᠯᠠᠭᠴᠢ ᠮᠠ ᠵᠦᠸᠧ ᠶᠠᠨ︶ 8 ᠰᠠᠷ᠎ᠠ ᠶᠢᠨ 29᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ ᠶᠡᠷᠦᠩᠬᠡᠶᠢᠯᠡᠭᠴᠢ ᠶᠢᠨ ᠤᠯᠤᠰ ᠤᠨ ᠠᠮᠤᠷ ᠲᠦᠪᠰᠢᠨ ᠤ ᠬᠡᠷᠡᠭ ᠶᠠᠪᠤᠳᠠᠯ ᠤᠨ ᠲᠤᠰᠠᠯᠠᠭᠴᠢ ᠱᠠᠯᠢᠸᠧᠨ ᠲᠠᠢ ᠠᠭᠤᠯᠵᠠᠪᠠ᠃     ᠰᠢ ᠶᠢᠨ ᠫᠢᠩ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠡᠯ᠎ᠡ ᠤᠯᠤᠰ ᠪᠦᠯᠬᠦᠮᠳᠡᠨ ᠬᠠᠮᠵᠢᠯᠴᠠᠬᠤ ᠴᠢᠬᠤᠯᠠᠲᠠᠢ᠂ ᠬᠠᠷᠢᠨ ᠬᠠᠭᠠᠴᠠᠭᠤᠯᠤᠨ ᠡᠰᠡᠷᠭᠦᠴᠡᠯᠳᠦᠵᠦ ᠪᠣᠯᠬᠤ ᠦᠭᠡᠢ︔ ᠠᠷᠠᠳ ᠲᠦᠮᠡᠨ ᠨᠡᠭᠡᠭᠡᠯᠲᠡ ᠬᠢᠵᠦ ᠳᠠᠪᠰᠢᠬᠤ ᠶᠢ ᠬᠦᠰᠡᠳᠡᠭ᠂ ᠬᠠᠷᠢᠨ ᠲᠦᠭᠵᠢᠮᠡᠯ ᠤᠬᠤᠷᠢᠯᠲᠠ ᠶᠢ ᠬᠦᠰᠡᠳᠡᠭ ᠪᠢᠰᠢ᠃ ᠳᠤᠮᠳᠠᠳᠤ ᠠᠮᠧᠷᠢᠺᠠ ᠬᠤᠶᠠᠷ ᠲᠤᠮᠤ ᠤᠯᠤᠰ ᠪᠣᠯᠤᠭᠰᠠᠨ ᠤ ᠬᠤᠪᠢ ᠳᠤ᠂ ᠲᠡᠦᠬᠡ᠂ ᠠᠷᠠᠳ ᠲᠦᠮᠡᠨ᠂ ᠳᠡᠯᠡᠬᠡᠢ ᠳ᠋ᠠᠬᠢᠨ ᠳᠤ ᠬᠠᠷᠢᠭᠤᠴᠠᠵᠤ᠂ ᠳᠡᠯᠡᠬᠡᠢ ᠶᠢᠨ ᠡᠩᠬᠡ ᠲᠠᠶᠢᠪᠤᠩ ᠤᠨ ᠲᠣᠭᠲᠠᠭᠤᠨ ᠪᠠ ᠬᠠᠮᠲᠤ ᠶᠢᠨ ᠬᠥᠭᠵᠢᠯᠲᠡ ᠶᠢᠨ ᠠᠬᠢᠭᠤᠯᠤᠭᠴᠢ ᠪᠣᠯᠬᠤ ᠶᠣᠰᠣᠲᠠᠢ᠃     ᠰᠢ ᠶᠢᠨ ᠫᠢᠩ᠂ ᠳᠤᠮᠳᠠᠳᠤ ᠠᠮᠧᠷᠢᠺᠠ ᠬᠤᠶᠠᠷ ᠶᠡᠭᠡ ᠤᠯᠤᠰ ᠬᠠᠷᠢᠯᠴᠠᠭ᠎ᠠ ᠬᠢᠬᠦ ᠳᠤ᠂ ᠡᠩ ᠲᠡᠷᠢᠭᠦᠨ ᠳᠤ ᠵᠥᠪ ᠣᠨᠣᠪᠴᠢᠲᠠᠢ ᠪᠠᠶᠢᠯᠳᠤᠬᠤ ᠪᠤᠳᠤᠯᠭ᠎ᠠ ᠶᠢᠨ ᠲᠠᠨᠢᠯᠲᠠ ᠶᠢ ᠪᠤᠢ ᠪᠣᠯᠭᠠᠬᠤ ᠬᠡᠷᠡᠭᠲᠡᠢ᠂ ᠡᠩ ᠲᠡᠷᠢᠭᠦᠨ ᠳᠤ ᠳᠤᠮᠳᠠᠳᠤ ᠠᠮᠧᠷᠢᠺᠠ ᠴᠤᠬᠤᠮ ᠥᠷᠢᠰᠥᠯᠳᠦᠭᠴᠢ ᠶᠤᠮ ᠦᠦ ᠬᠠᠨᠢᠲᠠᠨ ᠶᠤᠮ ᠦᠦ ᠭᠡᠬᠦ ᠡᠨᠡ ᠬᠦ ᠶᠡᠷᠦᠩᠬᠡᠢ ᠬᠠᠮᠢᠶᠠᠷᠤᠭᠴᠢ ᠶᠢᠨ ᠠᠰᠠᠭᠤᠳᠠᠯ ᠢ ᠰᠠᠶᠢᠲᠤᠷ ᠬᠠᠷᠢᠭᠤᠯᠬᠤ ᠬᠡᠷᠡᠭᠲᠡᠢ᠃ ᠳᠤᠮᠳᠠᠳᠤ ᠤᠯᠤᠰ ᠤᠨ ᠭᠠᠳᠠᠭᠠᠳᠤ ᠲᠥᠷᠥ ᠶᠢᠨ ᠪᠣᠳᠣᠯᠭ᠎ᠠ ᠢᠯᠡ ᠲᠣᠳᠣ᠂ ᠪᠠᠶᠢᠯᠳᠤᠬᠤ ᠪᠣᠳᠣᠯᠭ᠎ᠠ ᠶᠢᠨ ᠵᠣᠷᠢᠯᠲᠠ ᠲᠥᠪ ᠴᠢᠬᠡᠴᠢ ᠪᠠᠶᠢᠵᠤ᠂ ᠳᠡᠭᠡᠳᠦ ᠬᠡᠮᠵᠢᠶᠡᠨ ᠤ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠵᠤ ᠪᠠᠶᠢᠨ᠎ᠠ᠃ ᠪᠢᠳᠡ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ ᠬᠥᠭᠵᠢᠭᠦᠯᠪᠡ᠃ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠬᠦ ᠶᠢᠨ ᠵᠡᠷᠭᠡ ᠪᠠᠷ ᠳᠤᠷᠠᠲᠠᠶ᠎ᠠ ᠪᠤᠰᠤᠳ ᠤᠯᠤᠰ ᠯᠤᠭ᠎ᠠ ᠬᠠᠮᠲᠤ ᠪᠠᠷ ᠬᠥᠭᠵᠢᠵᠦ᠂ ᠭᠠᠷ ᠬᠤᠯᠪᠣᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃ ᠰᠢ ᠶᠢᠨ ᠫᠢᠩ᠂ ᠳᠤᠮᠳᠠᠳᠤ ᠶᠢᠨ ᠲᠠᠯ᠎ᠠ ᠶᠢᠨ ᠬᠢᠨ ᠠᠮᠧᠷᠢᠺᠠ ᠶᠢᠨ ᠲᠤᠬᠠᠢ ᠲᠦᠷᠦ ᠶᠢᠨ ᠪᠤᠳᠤᠯᠭ᠎ᠠ ᠳᠡᠭᠡᠳᠦ ᠬᠡᠮᠵᠢᠶ᠎ᠡ ᠪᠠᠷ ᠠᠪᠴᠠᠯᠳᠤᠵᠤ ᠪᠠᠶᠢᠨ᠎ᠠ᠃ ᠬᠡᠳᠦ᠋ᠢᠪᠡᠷ ᠳᠤᠮᠳᠠᠳᠤ ᠠᠮᠧᠷᠢᠺᠠ ᠬᠤᠶᠠᠷ ᠤᠯᠤᠰ ᠤᠨ ᠲᠤᠰ ᠲᠤᠰ ᠤᠨ ᠪᠠᠶᠢᠳᠠᠯ ᠪᠣᠯᠤᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠴᠥᠮ ᠮᠠᠰᠢ ᠶᠡᠭᠡ ᠬᠤᠪᠢᠷᠠᠯᠲᠠ ᠭᠠᠷᠤᠭᠰᠠᠨ ᠪᠣᠯᠪᠠᠴᠤ ᠳᠤᠮᠳᠠᠳᠤ ᠤᠯᠤᠰ ᠤᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠣᠭᠲᠠᠭᠤᠨ᠂ ᠡᠷᠡᠭᠦᠯ᠂ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠬᠤᠪᠢᠷᠠᠭ᠎ᠠ ᠦᠭᠡᠢ᠂ ᠬᠠᠷᠢᠯᠴᠠᠨ ᠬᠦᠨᠳᠦᠳᠬᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠵᠥ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠰᠢᠢᠳᠪᠦᠷᠢᠯᠡᠬᠦ ᠵᠠᠷᠴᠢᠮ ᠬᠤᠪᠢᠷᠠᠭ᠎ᠠ ᠦᠭᠡᠢ᠂ ᠲᠤᠰ ᠪᠡᠶ᠎ᠡ ᠶᠢᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠡᠷᠡᠰ ᠬᠠᠮᠠᠭᠠᠯᠠᠬᠤ ᠵᠣᠭᠰᠣᠯᠲᠠ ᠬᠤᠪᠢᠷᠠᠭ᠎ᠠ ᠦᠭᠡᠢ᠂ ᠳᠤᠮᠳᠠᠳᠤ ᠠᠮᠧᠷᠢᠺᠠ ᠶᠢᠨ ᠠᠷᠠᠳ ᠲᠦᠮᠡᠨ ᠤ ᠤᠯᠠᠮᠵᠢᠯᠠᠯᠲᠤ ᠨᠥᠬᠦᠷᠯᠡᠯ ᠢ ᠦᠷᠭᠦᠯᠵᠢᠯᠡᠭᠦᠯᠬᠦ ᠴᠢᠷᠮᠠᠶᠢᠯᠭ᠎ᠠ ᠬᠤᠪᠢᠷᠠᠭ᠎ᠠ ᠦᠭᠡᠢ ᠃ ᠠᠮᠧᠷᠢᠺᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠲᠠᠢ ᠠᠳᠠᠯᠢ ᠴᠢᠭᠯᠡᠯ ᠢᠶᠠᠷ ᠤᠷᠤᠭᠰᠢᠯᠠᠵᠤ᠂ ᠢᠳᠡᠪᠬᠢᠲᠡᠢ ᠪᠥᠭᠡᠳ ᠣᠶᠤᠨᠴᠢ ᠣᠪᠣᠷ ᠢᠶᠠᠷ ᠳᠤᠮᠳᠠᠳᠤ ᠤᠯᠤᠰ ᠪᠣᠯᠤᠨ ᠳᠤᠮᠳᠠᠳᠤ ᠤᠯᠤᠰ ᠤᠨ ᠬᠥᠭᠵᠢᠯᠲᠡ ᠳᠤ ᠬᠠᠨᠳᠤᠵᠤ᠂ ᠲᠤᠰ ᠲᠤᠰ ᠤᠨ ᠢᠶᠠᠨ ᠬᠥᠭᠵᠢᠯᠲᠡ ᠶᠢ ᠠᠵᠠ ᠲᠣᠬᠢᠶᠠᠯ ᠢᠶᠠᠷ ᠦᠵᠡᠬᠦ ᠠᠴᠠ ᠪᠢᠰᠢ ᠬᠠᠷᠢᠨ ᠥᠷᠢᠰᠥᠯᠳᠦᠭᠡᠨ ᠢᠶᠠᠷ ᠦᠵᠡᠬᠦ ᠦᠭᠡᠢ ᠪᠠᠶᠢᠬᠤ ᠶᠢ ᠬᠦᠰᠡᠵᠦ ᠪᠠᠶᠢᠨ᠎ᠠ᠂ ᠳᠤᠮᠳᠠᠳᠤ ᠤᠯᠤᠰ ᠲᠠᠢ ᠬᠠᠮᠲᠤ ᠪᠠᠷ᠂ ᠳᠤᠮᠳᠠᠳᠤ ᠠᠮᠧᠷᠢᠺᠠ ᠬᠤᠶᠠᠷ ᠠᠳᠠᠯᠢ ᠪᠤᠰᠤ ᠪᠣᠯᠪᠠᠰᠤᠨ᠂ ᠠᠳᠠᠯᠢ ᠪᠤᠰᠤ ᠪᠠᠶᠢᠭᠤᠯᠤᠯ᠂ ᠠᠳᠠᠯᠢ ᠪᠤᠰᠤ ᠵᠠᠮ ᠢᠶᠠᠷ ᠶᠠᠪᠤᠵᠤ ᠪᠠᠶᠢᠭ᠎ᠠ ᠤᠯᠤᠰ ᠤᠳ ᠤᠨ ᠳᠡᠯᠡᠬᠡᠢ ᠶᠢᠨ ᠪᠥᠮᠪᠥᠷᠴᠡᠭ ᠳᠡᠭᠡᠷ᠎ᠡ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤ ᠪᠠᠷ ᠬᠥᠭᠵᠢᠬᠦ ᠵᠥᠪ ᠣᠨᠣᠪᠴᠢᠲᠠᠢ ᠬᠠᠷᠢᠯᠴᠠᠬᠤ ᠵᠠᠮ ᠢ ᠡᠷᠢᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠣᠭᠲᠠᠭᠤᠨ ᠪᠠᠶᠢᠳᠠᠯ ᠢ ᠪᠠᠲᠤᠯᠠᠬᠤ ᠶᠢ ᠠᠬᠢᠭᠤᠯᠵᠤ᠂ ᠡᠨᠡ ᠬᠦ ᠰᠠᠭᠤᠷᠢᠨ ᠳᠡᠭᠡᠷ᠎ᠡ᠂ ᠰᠠᠶᠢᠲᠤᠷ ᠠᠵᠢᠯᠯᠠᠵᠤ᠂ ᠤᠷᠤᠭᠰᠢ ᠤᠷᠤᠭᠰᠢᠯᠠᠬᠤ ᠶᠢ ᠬᠦᠰᠡᠵᠦ ᠪᠠᠶᠢᠨ᠎ᠠ᠃   
W020240902347536893782.jpg
      ᠤᠯᠤᠰ ᠤᠨ ᠲᠡᠷᠢᠭᠦᠯᠡᠭᠴᠢ ᠰᠢ ᠶᠢᠨ ᠫᠢᠩ 8 ᠰᠠᠷ᠎ᠠ ᠶᠢᠨ 29᠎ ᠤ ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ ᠶᠡᠷᠦᠩᠬᠡᠶᠢᠯᠡᠭᠴᠢ ᠶᠢᠨ ᠤᠯᠤᠰ ᠤᠨ ᠠᠮᠤᠷ ᠲᠦᠪᠰᠢᠨ ᠤ ᠬᠡᠷᠡᠭ ᠶᠠᠪᠤᠳᠠᠯ ᠤᠨ ᠲᠤᠰᠠᠯᠠᠭᠴᠢ  ᠱᠠᠯᠢᠸᠧᠨ ᠲᠠᠢ ᠠᠭᠤᠯᠵᠠᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠢᠨ ᠪᠥᠸᠧ ᠬᠥ᠋ ᠰᠡᠭᠦᠳᠡᠷᠯᠡᠪᠡ᠃       ᠱᠠᠯᠢᠸᠧᠨ ᠶᠡᠷᠦᠩᠬᠡᠶᠢᠯᠡᠭᠴᠢ ᠪᠠᠶᠢᠳᠧᠨ ᠤ ᠲᠡᠷᠢᠭᠦᠯᠡᠭᠴᠢ ᠰᠢ ᠶᠢᠨ ᠫᠢᠩ ᠳᠤ ᠮᠡᠨᠳᠦᠴᠢᠯᠡᠯ ᠬᠦᠷᠭᠡᠵᠦ ᠪᠠᠶᠢᠬᠤ ᠶᠢ ᠳᠠᠮᠵᠢᠭᠤᠯᠵᠤ᠂ ᠲᠡᠷᠢᠭᠦᠯᠡᠭᠴᠢ ᠰᠢ ᠶᠢᠨ ᠫᠢᠩ ᠤᠨ ᠴᠠᠭ ᠭᠠᠷᠭᠠᠵᠤ ᠠᠭᠤᠯᠵᠠᠭᠰᠠᠨ ᠳᠤ ᠲᠠᠯᠠᠷᠬᠠᠵᠤ᠂ ᠠᠮᠧᠷᠢᠺᠠ ᠳᠤᠮᠳᠠᠳᠤ ᠶᠢᠨ ᠲᠡᠷᠢᠭᠦᠨ ᠯᠤᠰ ᠠᠩᠵᠧᠯᠧᠰ ᠲᠤ ᠠᠭᠤᠯᠵᠠᠯᠲᠠ ᠬᠢᠭᠰᠡᠨ ᠠᠴᠠ ᠨᠠᠰᠢ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠲᠡᠷᠢᠭᠦᠨ ᠤ ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠢᠳᠡᠪᠬᠢᠲᠡᠢ ᠠᠬᠢᠴᠠ ᠲᠠᠢ ᠪᠣᠯᠪᠠ᠃ ᠪᠢ ᠡᠨᠡ ᠤᠳᠠᠭ᠎ᠠ ᠳᠤᠮᠳᠠᠳᠤ ᠤᠯᠤᠰ ᠲᠤ ᠢᠷᠡᠵᠦ ᠸᠠᠩ ᠢ ᠡᠷᠬᠢᠯᠡᠭᠴᠢ ᠶᠢᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠳᠤ ᠭᠦᠨᠵᠡᠭᠡᠶ ᠪᠥᠭᠡᠳ ᠦᠨᠡᠨᠴᠢ᠂ ᠪᠣᠳᠠᠲᠤ ᠴᠢᠨᠠᠷ ᠪᠠ ᠪᠦᠲᠦᠭᠡᠯᠴᠢ ᠴᠢᠨᠠᠷ ᠲᠠᠢ᠃ ᠠᠮᠧᠷᠢᠺᠠ ᠶᠢᠨ ᠲᠠᠯ᠎ᠠ ᠶᠢᠨ ᠬᠢᠨ ︽ᠰᠢᠨ᠎ᠡ ᠬᠦᠢᠲᠡᠨ ᠳᠠᠶᠢᠨ︾ ᠬᠢᠬᠦ ᠶᠢ ᠬᠦᠰᠡᠬᠦ ᠦᠭᠡᠶ᠂ ᠳᠤᠮᠳᠠᠳᠤ ᠤᠯᠤᠰ ᠤᠨ ᠪᠠᠶᠢᠭᠤᠯᠤᠯ ᠢ ᠥᠭᠡᠷᠡᠴᠢᠯᠡᠬᠦ ᠶᠢ ᠬᠦᠰᠡᠬᠦ ᠦᠭᠡᠶ᠂ ᠬᠤᠯᠪᠣᠭᠠᠨ ᠤ ᠰᠢᠰᠲ᠋ᠧᠮ ᠢ ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠶᠢ ᠬᠦᠰᠡᠬᠦ ᠦᠭᠡᠶ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾᠎ ᠶᠢ ᠳᠡᠮᠵᠢᠬᠦ ᠦᠭᠡᠶ᠂ ᠳᠤᠮᠳᠠᠳᠤ ᠤᠯᠤᠰ ᠲᠠᠢ ᠮᠥᠷᠭᠦᠯᠳᠦᠭᠡᠨ ᠭᠠᠷᠬᠤ ᠶᠢ ᠵᠥᠪᠰᠢᠶᠡᠷᠡᠬᠦ ᠦᠭᠡᠶ ᠭᠡᠵᠦ ᠪᠢ ᠳᠠᠪᠲᠠᠨ ᠢᠯᠡᠷᠬᠡᠶᠢᠯᠡᠶ᠎ᠡ᠃ ᠠᠮᠧᠷᠢᠺᠠ ᠶᠢᠨ ᠲᠠᠯ᠎ᠠ ᠶᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠬᠤᠪᠢᠷᠠᠭᠰᠠᠨ ᠦᠭᠡᠢ᠂ ᠲᠠᠶᠢᠸᠠᠨ ᠢ ᠳᠤᠮᠳᠠᠳᠤ ᠤᠯᠤᠰ ᠢ ᠬᠤᠷᠢᠭᠯᠠᠬᠤ ᠪᠠᠭᠠᠵᠢ ᠪᠣᠯᠭᠠᠬᠤ ᠰᠠᠨᠠᠭ᠎ᠠ ᠦᠭᠡᠢ᠃ ᠠᠮᠧᠷᠢᠺᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠯᠤᠭ᠎ᠠ ᠦᠷᠭᠦᠯᠵᠢᠯᠡᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠤᠯᠤᠯᠴᠠᠭ᠎ᠠ ᠪᠠᠨ ᠪᠠᠲᠤᠯᠠᠵᠤ᠂ ᠠᠮᠧᠷᠢᠺᠠ ᠳᠤᠮᠳᠠᠳᠤ ᠬᠤᠶᠠᠷ ᠤᠯᠤᠰ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠦᠷᠭᠦᠯᠵᠢᠯᠡᠨ ᠬᠥᠭᠵᠢᠬᠦ ᠠᠷᠭ᠎ᠠ ᠶᠢ ᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠶᠡᠷᠦᠩᠬᠡᠶᠢᠯᠡᠭᠴᠢ ᠪᠠᠶᠢᠳᠧᠨ ᠤᠳᠠᠯ ᠦᠭᠡᠢ ᠲᠡᠷᠢᠭᠦᠯᠡᠭᠴᠢ ᠰᠢ ᠶᠢᠨ ᠫᠢᠩ ᠲᠠᠢ ᠳᠠᠬᠢᠨᠲᠠ ᠤᠯᠤᠯᠴᠠᠬᠤ ᠶᠢ ᠬᠦᠰᠡᠵᠦ ᠪᠠᠶᠢᠨ᠎ᠠ᠃    ᠰᠢ ᠶᠢᠨ ᠫᠢᠩ ᠱᠠᠯᠢᠸᠧᠨ ᠢᠶᠠᠷ ᠳᠠᠮᠵᠢᠭᠤᠯᠤᠨ ᠶᠡᠷᠦᠩᠬᠡᠶᠢᠯᠡᠭᠴᠢ ᠪᠠᠶᠢᠳᠧᠨ ᠳᠤ ᠮᠡᠨᠳᠦᠴᠢᠯᠡᠯ ᠬᠦᠷᠭᠡᠵᠦ᠂ ᠳᠤᠷᠠᠲᠠᠶ᠎ᠠ ᠶᠡᠷᠦᠩᠬᠡᠶᠢᠯᠡᠭᠴᠢ ᠪᠠᠶᠢᠳᠧᠨ ᠲᠠᠢ ᠦᠷᠭᠦᠯᠵᠢᠯᠡᠨ ᠤᠯᠤᠯᠴᠠᠭ᠎ᠠ ᠪᠠᠨ ᠪᠠᠲᠤᠯᠠᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠵᠠᠯᠠᠭᠤᠷ ᠢ ᠠᠳᠬᠤᠨ ᠠᠶᠠᠯᠠᠯ ᠢ ᠳᠠᠭᠠᠭᠤᠯᠤᠨ᠎ᠠ ᠭᠡᠵᠦ ᠢᠯᠡᠳᠬᠡᠪᠡ᠃     ᠸᠠᠩ ᠢ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号