ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠰᠠᠭᠤᠷᠢ ᠮᠥᠩᠭᠦᠨ ᠤ ᠨᠡᠶᠢᠭᠡᠮᠯᠢᠭ ᠲᠤ ᠬᠦᠷᠴᠦ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2024/9/25
    9 ᠰᠠᠷ᠎ᠠ ᠶᠢᠨ 13᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ᠂ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠳ᠋ᠦᠩ ᠵᠢᠶᠠᠨ ᠯᠢᠨ ᠨᠡᠷ ᠳᠤᠮᠳᠠᠳᠤ ᠤᠯᠤᠰ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠰᠠᠭᠤᠷᠢ ᠮᠥᠩᠭᠦᠨ ᠤ ᠨᠡᠶᠢᠭᠡᠮᠯᠢᠭ ᠲᠤ ᠬᠦᠷᠴᠦ ᠠᠶᠢᠯᠴᠢᠯᠠᠭᠰᠠᠨ ᠪᠥᠭᠡᠳ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠰᠠᠭᠤᠷᠢ ᠮᠥᠩᠭᠦᠨ ᠤ ᠨᠡᠶᠢᠭᠡᠮᠯᠢᠭ ᠤᠨ ᠬᠤᠭᠤᠷᠣᠨᠳᠣᠬᠢ ᠬᠠᠮᠲᠤᠷᠠᠯᠴᠠᠭ᠎ᠠ ᠵᠢᠴᠢ ᠤᠢ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ  ᠬᠤᠷᠠᠭᠤᠯᠬᠤ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠶᠡᠷᠦᠩᠬᠡᠶ ᠢᠨᠵᠧᠨᠧᠷ ᠺᠠᠩ ᠬᠤᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠪᠠ᠃ ᠳᠤᠮᠳᠠᠳᠤ ᠤᠯᠤᠰ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠰᠠᠭᠤᠷᠢ ᠮᠥᠩᠭᠦᠨ ᠤ ᠨᠡᠶᠢᠭᠡᠮᠯᠢᠭ ᠤᠨ ᠬᠠᠮᠢᠶ᠎ᠠ ᠪᠥᠬᠦᠶ ᠮᠡᠷᠭᠡᠵᠢᠯᠲᠡᠨ ᠰᠠᠭᠤᠷᠢ ᠮᠥᠩᠭᠦᠨ ᠤ ᠨᠡᠶᠢᠭᠡᠮᠯᠢᠭ ᠤᠨ ᠡᠳᠦᠷ ᠲᠤᠲᠤᠮ ᠤᠨ ᠠᠵᠢᠯᠯᠠᠭ᠎ᠠ᠂ ᠲᠥᠷᠥᠯ ᠵᠦᠢᠯ ᠤᠨ ᠬᠠᠮᠲᠤᠷᠠᠯᠴᠠᠭᠠᠨ ᠤ ᠵᠠᠭᠪᠤᠷ ᠵᠡᠷᠭᠡ ᠲᠠᠯ᠎ᠠ ᠪᠠᠷ ᠲᠠᠨᠢᠯᠴᠠᠭᠤᠯᠭ᠎ᠠ ᠬᠢᠪᠠ᠃ ᠮᠠ ᠴᠢᠶᠠᠩ᠂ ᠳᠤᠮᠳᠠᠳᠤ ᠤᠯᠤᠰ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠰᠠᠭᠤᠷᠢ ᠮᠥᠩᠭᠦᠨ ᠤ ᠨᠡᠶᠢᠭᠡᠮᠯᠢᠭ ᠤᠨ ᠥᠪᠥᠷ ᠮᠣᠩᠭᠤᠯ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠢ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ᠂ ᠥᠪᠥᠷ ᠮᠣᠩᠭᠤᠯ ᠪᠣᠯ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠭᠤᠣᠯ ᠳᠠᠶᠢᠯᠠᠯᠳᠤᠭᠠᠨ ᠤ ᠲᠠᠯᠠᠪᠤᠷ ᠪᠣᠯᠤᠨ᠎ᠠ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠠᠬᠢᠴᠠ ᠶᠢ ᠲᠦᠷᠭᠡᠳᠬᠡᠨ ᠠᠬᠢᠭᠤᠯᠬᠤ ᠳᠤ᠂ ᠥᠪᠥᠷ ᠮᠣᠩᠭᠤᠯ ︽ᠤᠯᠤᠰ ᠤᠨ ᠣᠷᠣᠭᠤᠯᠤᠯᠲᠠ ᠪᠠᠷ ᠭᠤᠣᠯ ᠪᠣᠯᠭᠠᠵᠤ᠂ ᠣᠷᠣᠨ ᠨᠤᠲᠤᠭ ᠤᠨ ᠬᠢᠨ ᠢᠵᠢ ᠪᠦᠷᠢᠳᠦᠬᠦᠯᠬᠦ ᠪᠠᠷ ᠬᠠᠪᠰᠤᠷᠤᠮᠵᠢ ᠪᠣᠯᠭᠠᠵᠤ᠂ ᠨᠡᠶᠢᠭᠡᠮ ᠤᠨ ᠬᠢᠨ ᠥᠷᠭᠡᠨ ᠢᠶᠠᠷ ᠣᠷᠣᠯᠴᠠᠬᠤ︾ ᠤᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠰᠠᠭᠤᠷᠢ ᠮᠥᠩᠭᠦᠨ ᠤ ᠨᠡᠶᠢᠭᠡᠮᠯᠢᠭ ᠢ ᠪᠠᠶᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠳᠤ ᠣᠷᠣᠯᠴᠠᠬᠤ ᠳᠤ ᠲᠠᠪᠴᠠᠩ ᠪᠠᠶᠢᠭᠤᠯᠵᠤ ᠥᠭᠴᠡᠢ᠃ ᠢᠷᠡᠭᠡᠳᠦᠶ ᠳᠤ᠂ ᠳᠤᠮᠳᠠᠳᠤ ᠤᠯᠤᠰ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠰᠠᠭᠤᠷᠢ ᠮᠥᠩᠭᠦᠨ ᠤ ᠨᠡᠶᠢᠭᠡᠮᠯᠢᠭ ᠤᠨ ᠬᠢᠨ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ᠂ ᠰᠠᠭᠤᠷᠢ ᠮᠥᠩᠭᠦᠨ ᠤ ᠨᠡᠶᠢᠭᠡᠮᠯᠢᠭ ᠤᠨ ᠡᠳᠦᠷ ᠲᠤᠲᠤᠮ ᠤᠨ ᠠᠵᠢᠯᠯᠠᠭ᠎ᠠ᠂ ᠪᠠᠯᠠ ᠮᠥᠩᠭᠦ ᠬᠠᠨᠳᠢᠪᠯᠠᠨ ᠡᠯᠡᠰᠦ ᠶᠢ ᠵᠠᠰᠠᠵᠤ ᠣᠶᠢᠵᠢᠭᠤᠯᠬᠤ᠂ ᠰᠠᠭᠤᠷᠢ ᠮᠥᠩᠭᠦ ᠪᠠᠷ ᠨᠡᠭᠦᠷᠡᠰᠦᠲᠥ᠋ᠷᠥᠭᠴᠢ ᠬᠤᠷᠠᠭᠤᠯᠬᠤ ᠣᠶ ᠶᠢ ᠬᠦᠭᠵᠢᠬᠦᠯᠬᠦ ᠵᠡᠷᠭᠡ ᠲᠠᠯ᠎ᠠ ᠪᠠᠷ ᠥᠪᠥᠷ ᠮᠣᠩᠭᠤᠯ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠠᠭᠤᠷᠢ ᠮᠥᠩᠭᠦᠨ ᠤ ᠨᠡᠶᠢᠭᠡᠮᠯᠢᠭ ᠲᠤ ᠨᠠᠩ ᠣᠯᠠᠨ ᠬᠤᠪᠣᠷ ᠨᠠᠨᠳᠢᠨ ᠲᠤᠷᠰᠢᠯᠭ᠎ᠠ ᠪᠠ ᠮᠡᠷᠭᠡᠵᠢᠯ ᠤᠨ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃    ᠳᠤᠮᠳᠠᠳᠤ ᠤᠯᠤᠰ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠰᠠᠭᠤᠷᠢ ᠮᠥᠩᠭᠦᠨ ᠤ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠾᠧ ᠢᠦᠶ ᠢᠯᠡᠷᠬᠡᠶᠢᠯᠡᠬᠦ ᠳᠡᠭᠡᠨ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠨᠡᠭᠦᠷᠡᠰᠦᠲᠥ᠋ᠷᠥᠭᠴᠢ ᠶᠢ ᠬᠤᠷᠠᠭᠤᠯᠬᠤ ᠶᠢ ᠬᠠᠷᠢᠯᠴᠠᠨ ᠤᠶᠠᠯᠳᠤᠭᠤᠯᠤᠭᠰᠠᠨ ᠰᠢᠨ᠎ᠡ ᠵᠠᠭᠪᠤᠷ᠂ ᠰᠢᠨ᠎ᠡ ᠠᠷᠭ᠎ᠠ ᠵᠠᠮ ᠢ ᠬᠠᠮᠲᠤ ᠪᠠᠷ ᠰᠦᠪᠡᠭᠴᠢᠯᠡᠵᠦ ᠪᠣᠯᠤᠨ᠎ᠠ ᠭᠡᠵᠡᠶ᠃ ᠲᠥᠷᠥᠯ ᠵᠦᠢᠯ ᠢ ᠬᠠᠮᠲᠤᠷᠠᠨ ᠥᠷᠨᠢᠭᠦᠯᠬᠦ᠂ ᠮᠡᠷᠭᠡᠵᠢᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠮᠲᠤᠪᠠᠷ ᠪᠡᠯᠡ ᠮᠥᠩᠭᠦ ᠴᠤᠭᠯᠠᠭᠤᠯᠬᠤ ᠵᠡᠷᠭᠡ ᠪᠠᠷ ᠳᠠᠮᠵᠢᠭᠤᠯᠤᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠬᠢᠭᠡᠳ ᠨᠡᠭᠦᠷᠡᠰᠦᠲᠥ᠋ᠷᠥᠭᠴᠢ ᠶᠢ ᠬᠤᠷᠠᠭᠤᠯᠬᠤ ᠦᠢᠯᠡᠰ ᠢ ᠵᠣᠬᠢᠴᠠᠯᠳᠤᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号