ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠰᠢᠯᠢᠳᠡᠭ ᠡᠪ ᠬᠠᠮᠲᠤ ᠨᠠᠮ ᠤᠨ ᠭᠡᠰᠢᠭᠦᠨ ᠸᠠᠩ ᠬᠤ᠋ ᠭᠧᠨ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ  ᠲᠠᠨᠢᠯᠴᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/9/26
    ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠵᠦ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠰᠢᠰᠲ᠋ᠧᠮ ᠤᠨ ᠪᠥᠬᠦ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭᠠᠲᠤ ᠰᠡᠳᠬᠢᠯᠭᠡ ᠪᠠ ᠢᠷᠠᠭᠤ ᠠᠯᠳᠠᠷᠲᠤ ᠰᠡᠳᠬᠢᠯᠭᠡ ᠶᠢ ᠬᠥᠭᠵᠢᠭᠡᠵᠦ᠂ ᠨᠠᠮ ᠤᠨ ᠭᠡᠰᠢᠭᠦᠨ ᠺᠠᠳ᠋ᠷ ᠤᠨ ᠲᠡᠷᠢᠭᠦᠨ ᠤ ᠨᠡᠶᠢᠲᠡᠯᠢᠭ ᠵᠢᠱᠢᠶ᠎ᠡ ᠠᠴᠠ ᠰᠤᠷᠤᠯᠴᠠᠬᠤ ᠶᠢ ᠬᠥᠮᠦᠵᠢᠭᠦᠯᠦᠨ ᠵᠢᠯᠣᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠣᠶ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ 9 ᠰᠠᠷ᠎ᠠ ᠶᠢᠨ 24᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠰᠢᠯᠢᠳᠡᠭ ᠡᠪ ᠬᠠᠮᠲᠤ ᠨᠠᠮ ᠤᠨ ᠭᠡᠰᠢᠭᠦᠨ ᠸᠠᠩ  ᠬᠤ᠋ ᠭᠧᠨ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ ᠬᠤᠪᠢᠶᠠᠯᠴᠠᠬᠤ ᠬᠤᠷᠠᠯ ᠢ ᠡᠷᠭᠢᠯᠡᠪᠡ᠃        ᠬᠤᠷᠠᠯ ᠢ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ ᠵᠣᠣ ᠰᠢᠶᠠᠨ ᠮᠢᠨ ᠡᠷᠭᠢᠯᠡᠵᠦ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠭᠠᠵᠠᠷ᠂ ᠡᠯ᠎ᠡ ᠰᠢᠭᠤᠳ ᠬᠠᠷᠢᠶ᠎ᠠ ᠨᠢᠭᠡᠴᠢ ᠶᠢᠨ 100 ᠭᠠᠷᠤᠶ ᠨᠠᠮ ᠤᠨ ᠭᠡᠰᠢᠭᠦᠨ ᠺᠠᠳ᠋ᠷ ᠣᠷᠣᠯᠴᠠᠪᠠ᠃ ᠬᠤᠷᠠᠯ ᠳᠡᠭᠡᠷ᠎ᠡ᠂ ᠴᠧᠨ ᠶᠦᠩ ᠴᠢᠤᠸᠠᠨ ᠨᠥᠬᠦᠷ ᠸᠠᠩ ᠬᠤ᠋ ᠭᠧᠨ ᠳᠤ ︽ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ︾᠎ ᠤ ᠱᠠᠩᠨᠠᠯ ᠪᠠ ᠦᠨᠡᠮᠯᠡᠯ ᠭᠠᠷᠳᠠᠭᠤᠯᠪᠠ᠃ ᠸᠠᠩ ᠬᠤ᠋ ᠭᠧᠨ ᠨᠥᠬᠦᠷ ᠤᠨ ᠠᠮᠢ ᠠᠬᠤᠢ ᠶᠢᠨ ᠬᠠᠮᠠᠭᠠᠯᠠᠯᠲᠠ᠂ ᠪᠣᠬᠢᠷᠲᠤᠯ ᠦᠭᠡᠢ ᠬᠥᠭᠵᠢᠯᠲᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠡᠯ᠎ᠡ ᠬᠦᠷᠢᠶᠡᠨ ᠳᠠᠬᠢ ᠠᠵᠢᠯ ᠪᠣᠯᠤᠨ ᠬᠥᠮᠦᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠶᠢ ᠶᠠᠷᠢᠪᠠ᠃ ᠠᠭᠯᠠᠭ ᠠᠭᠤᠯᠠᠨ ᠳᠤ ᠨᠤᠲᠤᠭᠰᠢᠭᠰᠠᠨ 24 ᠵᠢᠯ ᠤᠨ ᠬᠤᠭᠤᠴᠠᠭᠠᠨ ᠳᠤ᠂ ᠲᠡᠷᠡ ᠬᠤᠶᠠᠷ ᠬᠦᠯ ᠢᠶᠠᠷ ᠢᠶᠠᠨ 11 ᠲᠦᠮᠡᠨ ᠺᠢᠯᠤᠮᠧᠲᠷ ᠤᠨ ᠠᠭᠤᠯᠠᠨ ᠵᠠᠮ ᠢᠶᠠᠷ ᠠᠶᠠᠯᠠᠵᠤ᠂ ᠵᠠᠯᠠᠭᠤ ᠨᠠᠰᠤ ᠪᠠᠷ ᠢᠶᠠᠨ ᠤᠢ ᠰᠢᠭᠤᠢ ᠨᠤᠲᠤᠭ ᠪᠡᠯᠴᠢᠭᠡᠷ ᠢ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠪᠡ᠃ ᠴᠧᠨ ᠶᠦᠩ ᠴᠢᠤᠸᠠᠨ ᠨᠥᠬᠦᠷ᠂ ᠲᠤᠪᠴᠢᠶ᠎ᠠ ᠶᠢᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠲᠤᠰ ᠤᠳᠠᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠤᠢ ᠰᠢᠭᠤᠢ ᠨᠤᠲᠤᠭ ᠪᠡᠯᠴᠢᠭᠡᠷ ᠤᠨ ᠦᠢᠯᠡᠰ ᠤᠨ ᠠᠭᠤᠤ ᠶᠡᠭᠡ ᠦᠢᠯᠡᠳᠦᠯᠭᠡ ᠳᠤ ᠣᠷᠣᠯᠴᠠᠵᠤ᠂ ᠲᠠᠰᠤᠷᠠᠯᠲᠠ ᠦᠭᠡᠢ ᠵᠠᠮ ᠨᠡᠭᠡᠭᠡᠨ ᠰᠢᠨ᠎ᠡ ᠶᠢ ᠡᠭᠦᠳᠴᠦ᠂ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠸᠠᠩ ᠬᠤ᠋ ᠭᠧᠨ ᠨᠥᠬᠦᠷ ᠢᠶᠠᠷ ᠦᠯᠢᠭᠡᠷ ᠳᠠᠭᠤᠷᠢᠶᠠᠯ ᠪᠣᠯᠭᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠳᠠᠭᠠᠨ ᠦᠨᠡᠨᠴᠢ ᠰᠢᠳᠤᠷᠭᠤ᠂ ᠨᠠᠮ ᠤᠨ ᠢᠶᠠᠨ ᠡᠮᠦᠨ᠎ᠡ ᠠᠴᠠ ᠬᠦᠴᠢᠷ ᠵᠣᠪᠠᠯᠠᠩ ᠢ ᠰᠢᠢᠳᠪᠦᠷᠢᠯᠡᠬᠦ᠂ ᠨᠠᠮ ᠤᠨ ᠢᠶᠠᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠲᠦᠮᠡᠨ ᠳᠤ ᠪᠤᠶᠠᠨ ᠦᠢᠯᠡᠳᠬᠦ ᠶᠢ ᠦᠨᠳᠦᠰᠦᠨ ᠤᠯᠤᠰ ᠲᠦᠷᠦ ᠶᠢᠨ ᠡᠭᠦᠷᠭᠡᠯᠡᠯ ᠪᠣᠯᠭᠠᠬᠤ ᠬᠡᠷᠡᠭᠲᠡᠢ᠃ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠲᠡᠷᠢᠭᠦᠨ ᠤ ᠦᠢᠯᠡ ᠠᠵᠢᠯᠯᠠᠭ᠎ᠠ ᠪᠠ ᠡᠷᠬᠢᠮ ᠳᠡᠭᠡᠳᠦ ᠵᠣᠷᠢᠭ ᠰᠠᠨᠠᠭ᠎ᠠ ᠶᠢ ᠶᠡᠭᠡ ᠪᠠᠷ ᠤᠬᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠢ ᠬᠦᠳᠦᠯᠦᠨ ᠵᠢᠯᠣᠭᠤᠳᠴᠤ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠵᠤ᠂ ᠰᠠᠶᠢᠨ ᠢ ᠨᠢ ᠲᠠᠭᠠᠵᠦ᠂ ᠲᠡᠷᠢᠭᠦᠨ ᠤ ᠬᠢ ᠠᠴᠠ ᠰᠤᠷᠤᠯᠴᠠᠬᠤ᠂ ᠴᠢᠷᠮᠠᠶᠢᠨ ᠲᠡᠮᠡᠴᠡᠬᠦ᠂ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠠ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢ ᠢᠮᠠᠭᠲᠠ ᠪᠠᠲᠤᠯᠠᠵᠤ᠂ ᠤᠢ ᠰᠢᠭᠤᠢ ᠨᠤᠲᠤᠭ ᠪᠡᠯᠴᠢᠭᠡᠷ ᠤᠨ ᠦᠢᠯᠡᠰ ᠲᠤ ᠬᠤᠪᠢ ᠨᠡᠮᠡᠷᠢ ᠦᠵᠡᠬᠦᠯᠦᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号