ᠰᠢ ᠶᠢᠨ ᠫᠢᠩ ᠺᠤᠩᠭᠤ᠋ ᠶᠢᠨ ᠶᠡᠷᠦᠩᠬᠡᠶᠢᠯᠡᠭᠴᠢ ᠴᠢᠰᠠᠶᠢᠺᠧᠳᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/9/4
     ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 2᠎ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠲᠦ᠋ ᠮᠢᠩ᠂ ᠸᠧᠨ ᠰᠢᠨ︶ 9 ᠰᠠᠷ᠎ᠠ ᠶᠢᠨ 2᠎ ᠤᠨ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠢᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠳᠤ ᠣᠷᠣᠯᠴᠠᠬᠤ ᠪᠠᠷ ᠢᠷᠡᠭᠰᠡᠨ ᠺᠤᠩᠭᠤ᠋ ᠎ ᠶᠢᠨ ᠶᠡᠷᠦᠩᠬᠡᠶᠢᠯᠡᠭᠴᠢ ᠴᠢᠰᠠᠶᠢᠺᠧᠳᠢ ᠲᠠᠢ ᠠᠭᠤᠯᠵᠠᠪᠠ᠃
W020240903545550896390.jpg
    ᠤᠯᠤᠰ ᠤᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 2᠎ ᠤᠨ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠢᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯᠳᠤᠭᠠᠨ ᠳᠤ ᠣᠷᠣᠯᠴᠠᠬᠤ ᠪᠠᠷ ᠢᠷᠡᠭᠰᠡᠨ ᠺᠤᠩᠭᠤ᠋ ᠶᠢᠨ ᠶᠡᠷᠦᠩᠬᠡᠶᠢᠯᠡᠭᠴᠢ ᠴᠢᠰᠠᠶᠢᠺᠤᠳᠢ ᠲᠠᠢ ᠠᠭᠤᠯᠵᠠᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠢᠨ ᠪᠥᠸᠧ ᠬᠥ᠋ ᠰᠡᠭᠦᠳᠡᠷᠯᠡᠪᠡ᠃     ᠰᠢ ᠶᠢᠨ ᠫᠢᠩ ᠴᠢᠰᠠᠶᠢᠺᠳᠢ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠳᠤ ᠣᠷᠣᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠢ ᠪᠠᠶᠠᠷᠯᠠᠨ ᠤᠭᠲᠤᠪᠠ᠃     ᠰᠢ ᠶᠢᠨ ᠫᠢᠩ᠂ ᠨᠢᠳᠤᠨᠤᠨ ᠤ 5 ᠰᠠᠷ᠎ᠠ ᠳᠤ᠂ ᠪᠢᠳᠡ ᠬᠠᠮᠲᠤ ᠪᠠᠷ ᠳᠤᠮᠳᠠᠳᠤ ᠺᠤᠩᠭᠤ᠋ ᠬᠠᠷᠢᠯᠴᠠᠭ᠎ᠠ ᠶᠢ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠪᠡ᠃ ᠪᠢᠳᠡᠨ ᠤ ᠲᠤᠬᠠᠢ ᠶᠢᠨ ᠦᠶ᠎ᠡ ᠳᠤ ᠳᠤᠬᠢᠷᠠᠯᠴᠠᠬᠰᠠᠨ ᠠᠯᠢ ᠤᠯᠠᠨ ᠬᠠᠮᠲᠤ ᠶᠢᠨ ᠲᠠᠨᠢᠯᠲᠠ ᠶᠢ ᠨᠢᠭᠡᠨᠲᠡ ᠪᠣᠳᠠᠲᠠᠢ ᠳᠤ ᠨᠠᠶᠢᠳᠠᠪᠤᠷᠢᠵᠢᠭᠤᠯᠵᠤ᠂ ᠬᠤᠶᠠᠷ ᠤᠯᠤᠰ ᠤᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠢᠰᠬᠦ ᠮᠡᠲᠦ ᠲᠦᠷᠭᠡᠨ ᠬᠥᠭᠵᠢᠵᠦ᠂ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠲᠠᠢ ᠪᠠᠶᠢᠵᠤ᠂ ᠬᠥᠭᠵᠢᠵᠦ ᠪᠠᠶᠢᠭ᠎ᠠ ᠤᠯᠤᠰ ᠤᠳ ᠤᠨ ᠭᠠᠷ ᠬᠤᠯᠪᠣᠨ ᠣᠳᠣᠬᠢᠴᠢᠯᠠᠯᠲᠠ ᠶᠢ ᠠᠬᠢᠭᠤᠯᠬᠤ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ ᠳᠤᠮᠳᠠᠳᠤ ᠤᠯᠤᠰ ᠶᠠᠭ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠵᠤ ᠪᠤᠢ᠂ ᠺᠤᠩᠭᠤ᠋ ᠴᠦ ᠤᠯᠤᠰ ᠤᠨ ᠬᠥᠭᠵᠢᠯ ᠮᠠᠨᠳᠤᠯ ᠤᠨ ᠰᠢᠨ᠎ᠡ ᠱᠠᠲᠤᠨ ᠳᠤ ᠣᠷᠣᠵᠤ ᠪᠤᠢ᠂ ᠬᠤᠶᠠᠷ ᠤᠯᠤᠰ ᠪᠣᠯ ᠣᠳᠣᠬᠢᠴᠢᠯᠠᠯᠲᠠ ᠶᠢᠨ ᠵᠠᠮ ᠳᠡᠭᠡᠷᠡᠬᠢ ᠬᠠᠮᠲᠤ ᠠᠶᠠᠯᠠᠭᠴᠢ ᠮᠥᠨ᠂ ᠵᠣᠷᠢᠯᠲᠠ ᠨᠢᠭᠡᠲᠡᠢ ᠦᠨᠡᠨᠴᠢ ᠨᠠᠶᠢᠵᠠ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠠᠰᠢᠭᠲᠠᠢ ᠨᠠᠶᠢᠵᠠ᠂ ᠡᠩᠬᠡ ᠲᠠᠶᠢᠪᠤᠩ ᠢ ᠬᠠᠮᠲᠤ ᠪᠠᠷ ᠡᠷᠢᠯᠬᠢᠯᠡᠬᠦ ᠰᠠᠶᠢᠨ ᠨᠠᠶᠢᠵᠠ ᠪᠤᠯᠤᠨ᠎ᠠ᠃ ᠳᠤᠮᠳᠠᠳᠤ ᠶᠢᠨ ᠲᠠᠯ᠎ᠠ ᠶᠢᠨ ᠬᠢᠨ ᠺᠤᠩᠭᠣ᠋ ᠶᠢᠨ ᠲᠠᠯ᠎ᠠ ᠶᠢᠨ ᠬᠢᠨ ᠤ ᠤᠯᠤᠰ ᠤᠨ ᠡᠷᠬᠡ ᠮᠡᠳᠡᠯ ᠢᠶᠠᠨ ᠬᠠᠮᠠᠭᠠᠯᠠᠵᠤ᠂ ᠪᠡᠶ᠎ᠡ ᠪᠠᠨ ᠳᠠᠭᠠᠭᠠᠵᠤ ᠬᠥᠭᠵᠢᠬᠦ ᠶᠢ ᠪᠡᠶᠡᠯᠡᠭᠦᠯᠬᠦ ᠶᠢ ᠲᠡᠮᠵᠢᠵᠥ᠂ ᠳᠤᠷᠠᠲᠠᠶ᠎ᠠ ᠺᠤᠩᠭᠣ᠋ ᠶᠢᠨ ᠲᠠᠯ᠎ᠠ ᠶᠢᠨ ᠬᠢᠨ ᠲᠠᠢ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠬᠠᠷᠢᠯᠴᠠᠨ ᠡᠷᠡᠰ ᠲᠡᠮᠵᠢᠯᠴᠡᠵᠥ᠂ ᠬᠠᠮᠲᠤ ᠶᠢᠨ ᠬᠥᠭᠵᠢᠯᠲᠡ ᠶᠢ ᠡᠷᠢᠯᠬᠢᠯᠡᠵᠦ᠂ ᠬᠥᠳᠡᠭᠡ ᠠᠵᠤ ᠠᠬᠤᠢ᠂ ᠠᠭᠤᠷᠬᠠᠢ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠠᠵᠢᠯ ᠮᠡᠷᠭᠡᠵᠢᠯ ᠤᠨ ᠪᠣᠯᠪᠠᠰᠤᠷᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠺᠤᠩᠭᠣ᠋ ᠶᠢᠨ ᠲᠠᠯ᠎ᠠ ᠶᠢᠨ ᠬᠢᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠬᠥᠭᠵᠢᠯᠲᠡ ᠶᠢᠨ ᠬᠥᠳᠡᠯᠭᠡᠬᠦ ᠡᠨᠧᠷᠭᠢ ᠪᠣᠯᠭᠠᠨ ᠬᠤᠪᠢᠷᠠᠭᠤᠯᠬᠤ ᠳᠤ ᠦᠷᠭᠦᠯᠵᠢᠯᠡᠨ ᠬᠠᠪᠰᠤᠷᠤᠨ᠎ᠠ᠃ ᠰᠢ ᠶᠢᠨ ᠫᠢᠩ ᠂ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠡᠨᠡ ᠤᠳᠠᠭ᠎ᠠ ᠶᠢᠨ ᠲᠦᠷᠦᠭᠦᠴᠦᠳ ᠤᠨ ᠬᠤᠷᠠᠯ ᠳᠡᠭᠡᠷ᠎ᠡ ᠳᠤᠮᠳᠠᠳᠤ ᠠᠹᠷᠢᠺᠠ ᠶᠢᠨ ᠬᠠᠷᠢᠯᠴᠠᠭᠠᠨ ᠤ ᠰᠢᠨ᠎ᠡ ᠪᠠᠶᠢᠷᠢ ᠲᠣᠭᠲᠠᠭᠠᠯᠲᠠ ᠶᠢ ᠲᠣᠭᠲᠠᠭᠠᠵᠤ᠂ ᠳᠤᠮᠳᠠᠳᠤ ᠠᠹᠷᠢᠺᠠ ᠭᠠᠷ ᠬᠤᠯᠪᠣᠨ ᠣᠳᠣᠬᠢᠴᠢᠯᠠᠯᠲᠠ ᠶᠢ ᠠᠬᠢᠭᠤᠯᠬᠤ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠡᠶᠢᠲᠡᠯᠡᠵᠦ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠬᠥᠭᠵᠢᠯᠲᠡ ᠶᠢᠨ ᠰᠢᠨ᠎ᠡ ᠵᠢᠷᠤᠭ ᠲᠥᠰᠦᠪ ᠢ ᠬᠠᠮᠲᠤ ᠪᠠᠷ ᠵᠢᠷᠤᠭᠯᠠᠬᠤ ᠪᠣᠯᠤᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠺᠤᠩᠭᠣ᠋ ᠶᠢᠨ ᠲᠠᠯ᠎ᠠ ᠲᠠᠢ ᠬᠠᠮᠲᠤ ᠲᠡᠦᠬᠡ ᠶᠢᠨ ᠠᠵᠠ ᠲᠣᠬᠢᠶᠠᠯ ᠢ ᠡᠵᠡᠮᠳᠡᠵᠦ᠂ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠷ ᠬᠤᠯᠪᠣᠨ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠵᠤ᠂ ︽ᠪᠦᠬᠦ ᠪᠥᠮᠪᠥᠷᠴᠡᠭ ᠤᠨ ᠡᠮᠦᠨᠡᠲᠦ ᠣᠷᠣᠨ︾᠎ ᠤ ᠤᠯᠤᠰ ᠤᠳ ᠤᠨ ᠳᠡᠯᠡᠬᠡᠢ ᠶᠢᠨ ᠶᠡᠭᠡ ᠬᠤᠪᠢᠰᠤᠯᠲᠠ ᠳᠤᠮᠳᠠ ᠡᠩᠬᠡ ᠲᠠᠶᠢᠪᠤᠩ ᠢ ᠡᠷᠢᠯᠬᠢᠯᠡᠵᠦ᠂ ᠬᠥᠭᠵᠢᠯᠲᠡ ᠶᠢ ᠠᠬᠢᠭᠤᠯᠤᠨ᠎ᠠ᠃
W020240903545551096038.jpg
     ᠤᠯᠤᠰ ᠤᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 2᠎ ᠤᠨ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠢᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯᠳᠤᠭᠠᠨ ᠳᠤ ᠣᠷᠣᠯᠴᠠᠬᠤ ᠪᠠᠷ ᠢᠷᠡᠭᠰᠡᠨ ᠺᠤᠩᠭᠤ᠋ ᠶᠢᠨ ᠶᠡᠷᠦᠩᠬᠡᠶᠢᠯᠡᠭᠴᠢ ᠴᠢᠰᠠᠶᠢᠺᠤᠳᠢ ᠲᠠᠢ ᠠᠭᠤᠯᠵᠠᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠢᠨ ᠪᠥᠸᠧ ᠬᠥ᠋ ᠰᠡᠭᠦᠳᠡᠷᠯᠡᠪᠡ᠃      ᠴᠢᠰᠠᠶᠢᠺᠧᠳᠢ᠂ ᠺᠤᠩᠭᠣ᠋ ᠳᠤᠮᠳᠠᠳᠤ ᠬᠤᠶᠠᠷ ᠲᠠᠯ᠎ᠠ ᠶᠢᠨ ᠬᠠᠶᠢᠷ᠎ᠠ ᠰᠡᠳᠬᠢᠯᠭᠡ ᠠᠬ᠎ᠠ ᠳᠡᠭᠦᠦ ᠮᠡᠲᠦ᠂ ᠨᠥᠬᠦᠷᠯᠡᠯ ᠪᠠᠲᠤ ᠦᠨᠡᠨᠴᠢ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠡᠷᠬᠡ ᠲᠡᠭᠰᠢ ᠬᠦᠨᠳᠦᠳᠬᠡᠯ ᠪᠠ ᠳᠡᠭᠡᠳᠦ ᠬᠡᠮᠵᠢᠶᠡᠨ ᠤ ᠢᠲᠡᠭᠡᠯᠴᠡᠭᠡ ᠳᠤ ᠰᠠᠭᠤᠷᠢᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠪᠡ᠃ ᠺᠤᠩᠭᠣ᠋ ᠶᠢᠨ ᠲᠠᠯ᠎ᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠬᠤ ᠬᠦᠴᠦᠨ ᠢ ᠪᠢᠰᠢᠷᠡᠵᠦ᠂ ᠳᠤᠮᠳᠠᠳᠤ ᠤᠯᠤᠰ ᠤᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ ᠲᠤᠯᠢᠳᠠᠵᠤ᠂ ᠳᠤᠮᠳᠠᠳᠤ ᠤᠯᠤᠰ ᠢ ᠬᠠᠮᠤᠭ ᠤᠨ ᠲᠡᠷᠢᠭᠦᠨ ᠴᠢᠬᠤᠯᠠ ᠬᠠᠮᠲᠤᠷᠠᠯᠴᠠᠭᠠᠨ ᠤ ᠬᠠᠨᠢᠲᠠᠨ ᠢᠶᠠᠨ ᠪᠣᠯᠭᠠᠵᠤ᠂ ᠨᠥᠬᠦᠷᠯᠡᠯ ᠪᠣᠯᠤᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠺᠤᠩᠭᠤ᠋ ᠶᠢᠨ ᠤᠯᠤᠰ ᠤᠨ ᠡᠷᠬᠡ ᠮᠡᠳᠡᠯ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠶᠢ ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠺᠤᠩᠭᠤ᠋ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠤᠰᠢ ᠥᠬᠡᠶ ᠨᠢᠭᠡ ᠬᠡᠰᠡᠭ ᠪᠣᠯᠬᠤ ᠶᠢ ᠮᠡᠳᠡᠷᠡᠨ᠎ᠡ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ ᠠᠹᠷᠢᠺᠠ ᠲᠢᠪ ᠤᠨ ᠤᠯᠤᠰ ᠤᠳ ᠤᠨ ᠬᠥᠭᠵᠢᠯᠲᠡ ᠶᠢᠨ ᠬᠦᠰᠡᠯ ᠵᠡᠭᠦᠳᠦ ᠪᠠᠨ ᠪᠡᠶᠡᠯᠡᠭᠦᠯᠬᠦ ᠳᠤ ᠴᠢᠬᠤᠯᠠ ᠠᠵᠠ ᠲᠣᠬᠢᠶᠠᠯ ᠬᠠᠩᠭᠠᠪᠠ᠂ ᠡᠨᠡ ᠤᠳᠠᠭ᠎ᠠ ᠶᠢᠨ ᠲᠦᠷᠦᠭᠦᠴᠦᠳ ᠤᠨ ᠬᠤᠷᠠᠯ ᠯᠠᠪᠲᠠᠢ ᠲᠡᠭᠦᠰ ᠠᠮᠵᠢᠯᠲᠠ ᠣᠯᠵᠤ᠂ ᠠᠹᠷᠢᠺᠠ ᠲᠢᠪ ᠤᠨ ᠤᠯᠤᠰ ᠤᠳ ᠤᠨ ᠠᠷᠠᠳ ᠲᠦᠮᠡᠨ ᠳᠤ ᠨᠡᠩ ᠤᠯᠠᠨ ᠦᠨᠡᠨ ᠪᠣᠳᠠᠲᠠᠢ ᠦᠷ᠎ᠡ ᠪᠦᠲᠦᠭᠡᠯ ᠠᠪᠴᠢᠷᠠᠬᠤ ᠶᠢ ᠢᠲᠡᠭᠡᠵᠦ ᠪᠠᠶᠢᠨ᠎ᠠ᠃ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠳᠤᠮᠳᠠᠳᠤ ᠺᠤᠩᠭᠤ᠋ ᠬᠤᠶᠠᠷ ᠲᠠᠯ᠎ᠠ ᠪᠠᠷ ᠢᠶᠠᠨ ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠪᠣᠭᠤᠮᠲᠠ ᠶᠢᠨ ᠴᠢᠳᠠᠪᠤᠷᠢ ᠶᠢᠨ ᠪᠠᠶᠢᠭᠤᠯᠤᠯᠲᠠ᠂ ᠰᠣᠨᠢᠨ ᠮᠡᠳᠡᠭᠡ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠪᠠ᠃    ᠸᠠᠩ ᠢ ᠠᠭᠤᠯᠵᠠᠯᠲᠠ ᠳᠤ ᠣᠷᠣᠯᠴᠠᠵᠠᠢ᠃ 
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号