ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2024 ᠣᠨ ᠤ ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ ᠤᠨ ᠨᠡᠶᠢᠳᠡᠮ ᠪᠠᠶᠢᠴᠠᠭᠠᠯᠳᠠ ᠶᠢᠨ ᠣᠶ ᠰᠢᠭᠤᠶ ᠶᠢᠨ ᠥᠯᠢᠭᠡᠷ ᠭᠠᠵᠠᠷ ᠢ  ᠬᠢᠨᠠᠨ ᠬᠡᠮᠵᠢᠬᠦ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ
ᠨᠡᠶᠢᠲᠡᠯᠡᠭᠰᠡᠨ ᠴᠠᠭ᠄
2024/9/5
     ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ ᠤᠨ ᠡᠯᠡᠰᠦᠷᠬᠡᠭᠵᠢᠯ ᠢ ᠨᠡᠶᠢᠳᠡᠮ  ᠪᠠᠶᠢᠴᠠᠭᠠᠯᠳᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠥᠯᠢᠭᠡᠷ ᠭᠠᠵᠠᠷ ᠤᠨ ᠬᠢᠨᠠᠨ ᠬᠡᠮᠵᠢᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠯᠢᠭᠡᠷ ᠭᠠᠵᠠᠷ ᠤᠨ ᠪᠠᠶᠢᠴᠠᠭᠠᠯᠲᠠ ᠶᠢ ᠱᠠᠯᠠᠪᠳᠠᠨ ᠠᠬᠢᠭᠤᠯᠵᠤ᠂ ᠤᠯᠤᠰ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠬᠦᠴᠦᠲᠡᠶ ᠵᠢᠯᠣᠭᠤᠳᠣᠯᠭ᠎ᠠ ᠳᠤᠤᠷ᠎ᠠ᠂ 9 ᠰᠠᠷ᠎ᠠ ᠶᠢᠨ 2᠎ ᠤᠨ ᠡᠳᠦᠷ ᠪᠣᠯᠲᠠᠯ᠎ᠠ᠂ ᠣᠶ ᠰᠢᠭᠤᠶ ᠶᠢᠨ ᠥᠯᠢᠭᠡᠷ ᠭᠠᠵᠠᠷ ᠤᠨ ᠬᠢᠨᠠᠨ ᠬᠡᠮᠵᠢᠬᠦ ᠠᠵᠢᠯ ᠢ ᠴᠢᠨᠠᠷ ᠰᠠᠶᠢᠲᠠᠶ ᠪᠡᠶᠡᠯᠡᠭᠦᠯᠪᠡ᠃ ᠪᠥᠬᠦ ᠣᠷᠣᠨ ᠤ ᠣᠶ ᠰᠢᠭᠤᠶ ᠶᠢᠨ ᠥᠯᠢᠭᠡᠷ ᠭᠠᠵᠠᠷ ᠤᠨ ᠬᠢᠨᠠᠨ ᠬᠡᠮᠵᠢᠬᠦ ᠡᠭᠦᠷᠭᠡ ᠨᠡᠶᠢᠲᠡ 3227 ᠬᠡᠰᠡᠭ ᠪᠠᠶᠢᠵᠤ᠂ ᠪᠥᠬᠦ ᠤᠯᠤᠰ ᠤᠨ 5.4 %᠎ ᠶᠢ ᠡᠵᠡᠯᠡᠵᠦ᠂ ᠣᠶ ᠰᠢᠭᠤᠶ ᠶᠢᠨ ᠥᠯᠢᠭᠡᠷ ᠭᠠᠵᠠᠷ ᠤᠨ ᠪᠡᠶᠡᠯᠡᠭᠦᠯᠦᠭᠰᠡᠨ ᠠᠬᠢᠴᠠ ᠨᠢ ᠪᠥᠬᠦ ᠤᠯᠤᠰ ᠤᠨ 10 ᠳ᠋ᠤᠭᠠᠷ ᠲᠤ ᠵᠢᠭᠰᠠᠭᠠᠭᠳᠠᠵᠤ᠂ ᠨᠢᠭᠡᠨᠲᠡ ᠪᠡᠶᠡᠯᠡᠭᠦᠯᠦᠭᠰᠡᠨ ᠮᠤᠵᠢ ᠣᠷᠣᠨ ᠤ ᠳᠣᠲᠣᠷ᠎ᠠ ᠥᠯᠢᠭᠡᠷ ᠭᠠᠵᠠᠷ ᠤᠨ ᠲᠤᠭ᠎ᠠ ᠬᠡᠮᠵᠢᠶ᠎ᠡ ᠨᠢ ᠬᠠᠮᠤᠭ ᠤᠨ ᠣᠯᠠᠨ ᠪᠣᠯᠵᠠᠶ᠃
W020240905537578584710.png
    ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠦᠷᠭᠡᠨ ᠠᠬᠢᠭᠤᠯᠵᠤ᠂ ᠨᠢᠭᠡᠳᠦᠯ ᠥᠬᠡᠶ  ᠤᠷᠤᠨ ᠪᠦᠰᠡ ᠶᠢᠨ ᠲᠥᠷᠥᠯ ᠵᠦᠢᠯ ᠢ ᠵᠣᠯᠭᠠᠭᠤᠯᠬᠤ᠂ ᠤᠷᠤᠨ ᠪᠦᠰᠡ ᠶᠢᠨ ᠬᠤᠪᠢᠶᠠᠷᠢᠯᠠᠯ᠂ ᠬᠠᠷᠢᠶᠠᠲᠤ ᠴᠢᠨᠠᠷ ᠤᠨ ᠬᠡᠮᠵᠢᠭᠳᠡᠯ ᠣᠯᠭᠤᠬᠤ ᠪᠠ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠤᠨ ᠡᠯᠡᠰᠦᠷᠬᠡᠭᠵᠢᠭᠰᠡᠨ ᠥᠯᠢᠭᠡᠷ ᠭᠠᠵᠠᠷ ᠤᠨ ᠪᠠᠶᠢᠴᠠᠭᠠᠯᠲᠠ ᠬᠢᠨᠠᠨ ᠬᠡᠮᠵᠢᠯᠲᠡ ᠵᠡᠷᠭᠡ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠠᠵᠢᠯ ᠤᠨ ᠲᠥᠰᠦᠯ ᠶᠣᠰᠣᠭᠠᠷ 2024 ᠣᠨ ᠤ ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号