ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠤᠯᠤᠨ ᠳᠤᠤᠷ᠎ᠠ ᠨᠡᠭᠦᠷᠡᠰᠦᠲᠥ᠋ᠷᠥᠭᠴᠢᠲᠦ ᠤᠷᠤᠯᠳᠤᠭᠠᠨ ᠡᠷᠭᠢᠯᠡᠬᠦ ᠰᠢᠨ᠎ᠡ ᠬᠡᠪ ᠳᠠᠭᠤᠷᠢᠶᠠᠯ ᠢ ᠪᠣᠶ ᠪᠣᠯᠭᠠᠪᠡ
ᠨᠡᠶᠢᠲᠡᠯᠡᠭᠰᠡᠨ ᠴᠠᠭ᠄
2024/9/6
        2024 ᠣᠨ ᠤ 9 ᠰᠠᠷ᠎ᠠ ᠶᠢᠨ 2᠎ ᠤᠨ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ︵ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠭᠡᠵᠦ ᠲᠣᠪᠴᠢᠯᠠᠨ᠎ᠠ︶ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠪᠠᠷ ᠵᠢᠩᠬᠢᠨᠢ ᠪᠠᠷ ᠨᠡᠶᠢᠲᠡᠯᠡᠵᠦ᠂ ᠪᠥᠬᠦ ᠤᠯᠤᠰ ᠤᠨ ᠠᠩᠬᠠᠳᠠᠭᠴᠢ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠡᠪᠦᠯ ᠤᠨ ᠤᠯᠠᠷᠢᠯ ᠤᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠦᠪᠡᠳᠡᠭᠰᠢ ᠶᠤᠰᠤᠯᠠᠯ ᠬᠥᠬᠡᠬᠤᠲᠠ ᠳᠤ ᠶᠠᠪᠤᠭᠳᠠᠪᠠ᠃
W020240903367886520592_ORIGIN.jpg
    ᠡᠨᠡ ᠨᠢ ᠪᠠᠰᠠ ᠥᠪᠥᠷ ᠮᠣᠩᠭᠤᠯ ᠤᠨ ᠲᠤᠮᠤ ᠬᠡᠯᠪᠡᠷᠢ ᠶᠢᠨ ᠠᠵᠢᠯᠯᠠᠭ᠎ᠠ ᠶᠢᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠴᠢᠬᠤᠯᠠ ᠲᠡᠮᠳᠡᠭ ᠪᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠪᠣᠯᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤ ᠰᠢᠨ᠎ᠡ ᠬᠡᠪ ᠳᠠᠭᠤᠷᠢᠶᠠᠯ ᠪᠣᠯᠬᠤ ᠪᠣᠯᠤᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠠᠷᠠᠭᠠᠬᠢ ᠠᠩᠬᠠᠳᠠᠭᠴᠢ ᠪᠥᠬᠦ ᠤᠯᠤᠰ ᠤᠨ ᠲᠠᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠤᠷᠤᠯᠳᠤᠭᠠᠨ ᠪᠣᠯᠤᠭᠰᠠᠨ ᠤ ᠬᠤᠪᠢ ᠳᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ 10 ᠶᠡᠭᠡ ᠲᠥᠷᠥᠯ᠂ 16 ᠬᠤᠪᠢᠶᠠᠷᠢ ᠲᠥᠷᠥᠯ ᠵᠢᠴᠢ 180 ᠪᠠᠭ᠎ᠠ ᠲᠥᠷᠥᠯ ᠤᠨ ᠤᠷᠤᠯᠳᠤᠭᠠᠨ ᠢ ᠬᠠᠮᠤᠷᠴᠤ᠂ ᠪᠥᠬᠦ ᠤᠯᠤᠰ ᠤᠨ ᠣᠷᠦ᠋ᠢᠯᠠᠭᠰᠠᠨ ᠲᠠᠮᠢᠷᠴᠢᠳ ᠢ ᠢᠳᠡᠪᠬᠢᠲᠡᠶ ᠤᠷᠤᠯᠴᠠᠭᠤᠯᠤᠭᠰᠠᠨ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠣᠰ ᠤᠳᠠᠭ᠎ᠠ ᠶᠢᠨ ᠦᠪᠡᠳᠡᠭᠰᠢ ᠴᠤᠭᠯᠠᠭᠠᠨ ᠢ ᠠᠮᠵᠢᠯᠲᠠ ᠲᠠᠢ ᠡᠷᠭᠢᠯᠡᠭᠰᠡᠨ ᠢᠶᠠᠷ ᠪᠠᠷᠠᠬᠤ ᠥᠬᠡᠶ᠂ ᠨᠠᠩ ᠴᠤ ᠳᠤᠤᠷ᠎ᠠ ᠨᠡᠭᠦᠷᠡᠰᠦᠲᠥ᠋ᠷᠥᠭᠴᠢᠲᠦ ᠣᠶᠢᠯᠠᠭᠠᠭᠳᠠᠬᠤᠨ ᠢ ᠤᠷᠤᠯᠳᠤᠭᠠᠨ ᠤ ᠪᠡᠯᠡᠳᠬᠡᠯ ᠠᠵᠢᠯ ᠪᠠ ᠬᠡᠷᠡᠭᠵᠢᠭᠦᠯᠦᠯᠲᠡ ᠳᠤ ᠭᠦᠨᠵᠡᠭᠡᠶ ᠠᠭᠤᠰᠣᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠺᠣᠮᠢᠰ ᠤᠨ ᠣᠷᠴᠢᠨ ᠲᠣᠭᠤᠷᠢᠨ ᠤ ᠵᠠᠰᠠᠯᠲᠠ ᠶᠢᠨ ᠬᠡᠯᠲᠡᠰ ᠤᠨ ᠪᠦᠷᠢᠯᠳᠦᠬᠦᠨ ᠨᠢᠭᠡᠴᠢ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠨᠢᠭᠡᠴᠢ ᠪᠣᠯᠤᠨ ᠡᠯ᠎ᠡ ᠤᠷᠤᠯᠳᠤᠭᠠᠨ ᠤ ᠲᠣᠭᠤᠷᠢᠭ ᠲᠠᠢ ᠬᠠᠮᠲᠤᠷᠠᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ᠂ ᠪᠥᠬᠦ ᠠᠷᠠᠳ ᠢᠶᠠᠷ ᠢᠶᠠᠨ ᠣᠷᠣᠯᠴᠠᠬᠤ ᠵᠡᠷᠭᠡ ᠠᠵᠢᠯ ᠢ  ᠰᠠᠶᠢᠲᠤᠷ ᠬᠡᠷᠡᠭᠵᠢᠭᠦᠯᠵᠦ ᠪᠣᠶ᠃ ᠤᠷᠤᠯᠳᠤᠭᠠᠨ ᠠᠴᠠ ᠡᠮᠦᠨ᠎ᠡ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠠᠵᠢᠯ ᠤᠨ ᠲᠥᠰᠦᠯ︾᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠠᠵᠢᠯᠯᠠᠭ᠎ᠠ ᠶᠢᠨ ᠲᠥᠯᠥᠪᠯᠡᠭᠡ︾᠎ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠤᠷᠤᠯᠳᠤᠭᠠᠨ ᠤ ᠳᠠᠷᠠᠭ᠎ᠠ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠠᠵᠢᠯ ᠤᠨ ᠮᠡᠳᠡᠭᠦᠯᠦᠯᠲᠡ︾ ︵ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠠᠷᠭᠤᠭᠤᠯᠤᠨ ᠪᠤᠳᠤᠭᠰᠠᠨ ᠮᠡᠳᠡᠭᠦᠯᠦᠯᠲᠡ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠷᠡᠭ ᠤᠨ ᠵᠢᠱᠢᠶ᠎ᠡ ᠵᠡᠷᠭᠡ ᠪᠠᠭᠲᠠᠨ᠎ᠠ︶ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠬᠡᠮᠵᠢᠶ᠎ᠡ ᠶᠢ ᠦᠨᠡᠯᠡᠨ ᠵᠢᠱᠢᠭᠰᠡᠨ ᠮᠡᠳᠡᠭᠦᠯᠦᠯᠲᠡ︾ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠨᠡᠭᠦᠷᠡᠰᠦᠲᠥ᠋ᠷᠥᠭᠴᠢ ᠶᠢ ᠬᠤᠷᠠᠭᠤᠯᠬᠤ ᠬᠡᠮᠵᠢᠶ᠎ᠡ ᠶᠢ ᠬᠢᠨᠠᠨ ᠲᠤᠭᠲᠠᠭᠠᠬᠤ ᠮᠡᠳᠡᠭᠦᠯᠦᠯᠲᠡ︾᠎ ᠶᠢ ᠨᠠᠶᠢᠷᠠᠭᠤᠯᠬᠤ ᠶᠢ ᠵᠤᠬᠢᠶᠠᠨ ᠪᠠᠶᠢᠭᠤᠯᠤᠨ ᠲᠤᠭᠲᠠᠭᠠᠪᠠ᠃
W020240903367886554672_ORIGIN.jpg
     ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠰᠤᠨᠢᠨ ᠮᠡᠳᠡᠭᠡ ᠨᠡᠶᠢᠲᠡᠯᠡᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠶᠡᠷᠦᠩᠬᠡᠶ ᠢᠨᠵᠧᠨᠧᠷ ᠺᠠᠩ ᠬᠤᠩ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠢᠯᠡᠷᠬᠡᠶᠢᠯᠡᠯᠲᠡ ᠶᠢ ᠤᠩᠰᠢᠨ ᠨᠡᠶᠢᠲᠡᠯᠡᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠬᠤᠭᠤᠴᠠᠭᠠᠨ ᠳᠤ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠲᠤ ᠨᠡᠶᠢᠲᠡ 35.744 ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠡᠭᠦᠰᠦᠨ᠎ᠡ ᠭᠡᠵᠦ ᠵᠢᠭᠠᠵᠤ ᠭᠠᠷᠭᠠᠪᠠ᠃ ᠦᠪᠦᠷ ᠮᠤᠩᠭᠤᠯ ᠤᠨ ᠎ ᠬᠢᠨ ᠲᠦᠷᠪᠡᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠨ᠂ 46329 ᠳᠤᠨ ᠨᠡᠭᠦᠷᠡᠰᠦᠲᠥ᠋ᠷᠥᠭᠴᠢ ᠶᠢ ᠤᠰᠠᠳᠬᠠᠨ ᠦᠭᠡᠶᠢᠰᠭᠡᠬᠦ ᠠᠵᠢᠯ ᠢ ᠰᠠᠶᠢᠲᠤᠷ ᠬᠢᠵᠦ᠂ ᠠᠷᠪᠠᠨ  ᠲᠦᠷᠪᠡᠳᠦᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠦᠪᠦᠷ ᠮᠤᠩᠭᠤᠯ ᠤᠨ ᠤᠷᠤᠯᠳᠤᠭᠠᠨ ᠤ ᠲᠤᠭᠤᠷᠢᠭ ᠤᠨ ᠤᠷᠤᠯᠳᠤᠭᠠᠨ ᠤ ᠶᠠᠪᠤᠭᠳᠠᠬᠤ ᠱᠠᠲᠤᠨ ᠳᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠪᠡᠶᠡᠯᠡᠬᠦᠯᠪᠡ᠃
W020240903367886580483_ORIGIN.jpg
     ᠬᠠᠩᠵᠧᠦ ᠶᠢᠨ ᠴᠤᠤ ᠲᠧᠩ ᠡᠨᠧᠷᠭᠢ ᠶᠢᠨ ᠮᠡᠷᠭᠡᠵᠢᠯ ᠤᠨ ᠬᠤᠪᠢᠴᠠᠭᠠᠳᠤ ᠬᠢᠵᠠᠭᠠᠷᠲᠤ ᠺᠣᠮᠫᠠᠨᠢ ᠮᠡᠷᠭᠡᠵᠢᠯ ᠤᠨ ᠲᠤᠯᠭᠠᠭᠤᠷᠢᠯᠠᠯ ᠤᠨ ᠨᠢᠭᠡᠴᠢ ᠪᠣᠯᠤᠭᠰᠠᠨ ᠤ ᠬᠤᠪᠢ ᠳᠤ ᠠᠵᠢᠯᠯᠠᠭ᠎ᠠ ᠶᠢᠨ ᠳᠤᠮᠳᠠ ᠪᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠣᠭᠠᠴᠠᠭ᠎ᠠ᠂ ᠨᠡᠭᠦᠷᠡᠰᠦᠲᠥ᠋ᠷᠥᠭᠴᠢ ᠶᠢ ᠲᠤᠯᠭᠠᠨ ᠬᠠᠰᠤᠬᠤ ᠪᠠ ᠰᠠᠭᠠᠷᠮᠠᠭᠵᠢᠭᠤᠯᠬᠤ ᠵᠡᠷᠭᠡ ᠠᠵᠢᠯ ᠤᠨ ᠪᠠᠶᠢᠳᠠᠯ ᠢ ᠨᠠᠷᠢᠨ ᠲᠠᠨᠢᠯᠴᠠᠭᠤᠯᠪᠠ᠃ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ᠂ ᠳᠤᠮᠳᠠᠳᠤ ᠤᠯᠤᠰ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠰᠠᠭᠤᠷᠢ ᠮᠥᠩᠭᠦᠨ ᠤ ᠨᠡᠶᠢᠭᠡᠮᠯᠢᠭ ᠪᠣᠯᠤᠨ ︽ᠰᠢᠷᠭᠤᠯᠵᠢ ᠶᠢᠨ ᠤᠢ︾᠎ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠲᠥᠯᠥᠭᠡᠯᠡᠭᠴᠢ ᠬᠠᠨᠳᠢᠪᠯᠠᠭᠰᠠᠨ ᠠᠵᠤ ᠠᠬᠤᠶᠢᠯᠠᠯ ᠢ ᠲᠥᠯᠥᠭᠡᠯᠡᠨ ᠶᠠᠷᠢᠶ᠎ᠠ ᠲᠠᠯᠪᠢᠪᠠ᠃ ᠲᠤᠰ ᠤᠳᠠᠭ᠎ᠠ ᠶᠢᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠰᠤᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠨᠢ ᠪᠠᠰᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ  ᠲᠤᠪᠴᠢᠶ᠎ᠠ᠂ ᠳᠤᠮᠳᠠᠳᠤ ᠤᠯᠤᠰ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠰᠠᠭᠤᠷᠢ ᠮᠥᠩᠭᠦᠨ ᠤ ᠨᠡᠶᠢᠭᠡᠮᠯᠢᠭ᠂ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ᠂  ︽ᠰᠢᠷᠭᠤᠯᠵᠢ ᠶᠢᠨ ᠤᠢ ︾᠎ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ᠂ ᠮᠧᠩ ᠼᠤᠤ ᠠᠮᠢ ᠠᠬᠤᠢ ᠣᠷᠴᠢᠨ ᠲᠣᠭᠤᠷᠢᠨ ᠤ ᠪᠦᠯᠦᠭᠯᠡᠯ ᠵᠡᠷᠭᠡ ᠠᠵᠤ ᠠᠬᠤᠶᠢᠯᠠᠯ ᠨᠢᠭᠡᠴᠢ ᠶᠢᠨ ᠬᠦᠴᠦᠲᠡᠢ ᠳᠡᠮᠵᠢᠯᠭᠡ ᠶᠢ ᠤᠯᠪᠠ᠃
W020240903367886618465_ORIGIN.jpg
     ᠰᠤᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢᠨ ᠡᠴᠦᠰ ᠲᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠮᠠ ᠴᠢᠶᠠᠩ  ᠶᠠᠷᠢᠶᠠᠨ ᠳᠤ ᠪᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠥᠪᠥᠷ ᠮᠣᠩᠭᠤᠯ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠬᠦ ᠠᠯᠤᠰ ᠬᠡᠲᠦ ᠶᠢᠨ ᠠᠴᠢ ᠬᠤᠯᠪᠣᠭᠳᠠᠯ ᠢ ᠴᠢᠬᠤᠯᠠᠴᠢᠯᠠᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠲᠠᠢ ᠤᠶᠠᠯᠳᠤᠭᠤᠯᠤᠨ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠥᠷᠥᠯ  ᠵᠦᠢᠯ ᠢ ᠨᠡᠭᠡᠭᠡᠨ ᠬᠥᠭᠵᠢᠭᠦᠯᠬᠦ ᠪᠠ ᠠᠷᠠᠯᠵᠢᠶᠠᠯᠠᠬᠤ ᠶᠢ ᠢᠳᠡᠪᠬᠢᠲᠡᠶ ᠲᠦᠷᠭᠡᠳᠬᠡᠨ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠷᠭ᠎ᠠ ᠵᠠᠮ ᠢ ᠢᠳᠡᠪᠬᠢᠲᠡᠶ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠨᠡᠭᠦᠷᠡᠰᠦᠲᠥ᠋ᠷᠥᠭᠴᠢ ᠶᠢ ᠨᠡᠶᠢᠳᠡᠮ ᠬᠠᠷᠠᠭᠠᠯᠵᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠵᠤ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠣᠯᠠᠨ ᠡᠰᠢᠵᠢᠭᠰᠡᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠬᠦᠴᠦᠯᠡᠨ ᠪᠠᠶᠢᠭᠤᠯᠤᠨ᠎ᠠ᠃ ᠮᠠ ᠴᠢᠶᠠᠩ᠂ ︽︿ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ﹀᠎ ᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠣᠯ ᠥᠪᠡᠷᠲᠡᠭᠡᠨ ᠵᠠᠰᠠᠬᠤ ᠣᠷᠣᠨ ᠤ   ᠨᠤᠭᠤᠭᠠᠨᠯᠢᠭ ᠬᠥᠭᠵᠢᠯᠲᠡ ᠶᠢᠨ ᠣᠶᠢᠯᠠᠭᠠᠭᠳᠠᠬᠤᠨ ᠢ ᠳᠡᠯᠭᠡᠷᠡᠭᠦᠯᠬᠦ᠂ ᠨᠡᠶᠢᠭᠡᠮ ᠤᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠳᠤᠷ᠎ᠠ ᠠᠴᠠ ᠪᠠᠨ ᠭᠠᠳᠠᠭᠰᠢᠯᠠᠭᠤᠯᠤᠯᠲᠠ ᠶᠢ ᠪᠠᠭᠠᠰᠬᠠᠬᠤ ᠳᠤ ᠣᠷᠣᠯᠴᠠᠭᠤᠯᠬᠤ ᠴᠢᠬᠤᠯᠠ ᠠᠵᠠ ᠲᠣᠬᠢᠶᠠᠯ ᠪᠣᠯᠤᠨ᠎ᠠ᠃ ᠡᠨᠡ ᠬᠦ ᠠᠵᠢᠯ ᠨᠢ ᠲᠣᠮᠣ ᠬᠡᠯᠪᠡᠷᠢ ᠶᠢᠨ ᠠᠵᠢᠯᠯᠠᠭ᠎ᠠ ᠡᠷᠭᠢᠯᠡᠬᠦ ᠳᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠡᠪ ᠳᠠᠭᠤᠷᠢᠶᠠᠯ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ︽ᠬᠤᠤᠰ ᠨᠡᠭᠦᠷᠡᠰᠦᠲᠥ᠋ᠷᠥᠭᠴᠢ︾᠎ ᠶᠢᠨ ᠬᠠᠷᠠᠯᠲᠠ ᠳᠠᠬᠢ ᠰᠢᠨ᠎ᠡ ᠶᠢ ᠡᠭᠦᠳᠦᠨ ᠬᠡᠷᠡᠭᠯᠡᠬᠦ ᠳᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ ᠥᠭᠴᠡᠶ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠵᠢᠱᠢᠶ᠎ᠡ ᠦᠵᠡᠭᠦᠯᠬᠦ ᠦᠢᠯᠡᠳᠦᠯ ᠢᠶᠠᠷ ᠳᠠᠮᠵᠢᠭᠤᠯᠤᠨ᠂  ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠤ᠂ ᠰᠠᠶᠢᠨ ᠳᠤᠷ᠎ᠠ ᠠᠴᠠ ᠪᠠᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠡᠳᠦᠷ ᠲᠤᠲᠤᠮ ᠤᠨ ᠠᠵᠢᠯ ᠪᠣᠯᠭᠠᠵᠤ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠥᠷᠲᠡᠭ ᠢ ᠨᠠᠩ ᠣᠯᠠᠨ ᠶᠠᠩᠵᠤ ᠶᠢᠨ ᠪᠣᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ︾ ᠭᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号