ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠭᠠᠵᠠᠷ ᠤᠨ ᠨᠠᠮ ᠤᠨ ᠡᠭᠦᠷ ︽ᠨᠤᠲᠤᠭ ᠪᠡᠯᠴᠢᠭᠡᠷ ᠤᠨ ᠶᠠᠷᠢᠶᠠᠨ ᠤ ᠲᠠᠪᠴᠠᠩ·  ᠲᠦᠷᠪᠡ ᠶᠢ ᠰᠤᠷᠤᠯᠴᠠᠵᠤ ᠰᠢᠨ᠎ᠡ ᠰᠤᠷᠲᠠᠯ ᠢ ᠠᠬᠢᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/9/9
    ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠶᠢ ᠠᠳᠬᠤᠨ ᠲᠤᠬᠠᠶᠢᠯᠠᠭᠰᠠᠨ ᠠᠵᠢᠯ ᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 6᠎ ᠤ ᠡᠳᠦᠷ᠂ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠭᠠᠵᠠᠷ ᠤᠨ ᠨᠠᠮ ᠤᠨ ᠡᠭᠦᠷ ᠨᠢ ᠪᠠᠶᠢᠭᠤᠯᠤᠮᠵᠢ ᠶᠢᠨ ᠢᠶᠠᠨ ᠡᠭᠦᠷᠭᠡ ᠴᠢᠳᠠᠪᠬᠢ ᠲᠠᠢ ᠤᠶᠠᠯᠳᠤᠭᠤᠯᠤᠨ᠂ ︽ᠨᠤᠲᠤᠭ ᠪᠡᠯᠴᠢᠭᠡᠷ ᠤᠨ ᠶᠠᠷᠢᠶᠠᠨ ᠤ ᠲᠠᠪᠴᠠᠩ ·  ᠲᠦᠷᠪᠡ ᠶᠢ ᠰᠤᠷᠤᠯᠴᠠᠵᠤ ᠰᠢᠨ᠎ᠡ ᠰᠤᠷᠲᠠᠯ ᠢ ᠠᠬᠢᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠦᠭᠴᠦ ᠱᠠᠩᠨᠠᠬᠤ ᠲᠥᠷᠥ ᠶᠢᠨ ᠪᠣᠳᠣᠯᠭ᠎ᠠ ᠶᠢᠨ ᠲᠤᠰᠬᠠᠶ ᠰᠡᠳᠦᠪᠲᠦ ᠲᠠᠶᠢᠯᠤᠮᠵᠢ ᠬᠢᠪᠠ᠃ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠭᠠᠵᠠᠷ ᠤᠨ ᠨᠠᠮ ᠤᠨ ᠡᠭᠦᠷ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠨᠠᠮ ᠤᠨ ᠡᠭᠦᠷ᠂ ᠡᠳ᠋ ᠤᠨ ᠶᠠᠪᠤᠳᠠᠯ ᠤᠨ ᠲᠥᠯᠥᠪᠵᠢᠭᠦᠯᠭᠡ ᠶᠢᠨ ᠭᠠᠵᠠᠷ ᠤᠨ ᠨᠠᠮ ᠤᠨ ᠡᠭᠦᠷ᠂ ᠣᠶ ᠰᠢᠭᠤᠶ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠶᠡᠷᠦᠩᠬᠡᠶ ᠥᠷᠲᠡᠭᠡᠨ ᠤ ᠨᠠᠮ ᠤᠨ ᠡᠭᠦᠷ᠂ ᠣᠶ ᠰᠢᠭᠤᠶ ᠨᠤᠲᠤᠭ ᠪᠡᠯᠴᠢᠭᠡᠷ ᠤᠨ ᠬᠢᠨᠠᠨ ᠬᠡᠮᠵᠢᠬᠦ ᠲᠥᠯᠥᠪᠵᠢᠭᠦᠯᠭᠡ ᠶᠢᠨ ᠬᠦᠷᠢᠶᠡᠯᠡᠩ ᠤᠨ ᠬᠠᠷᠢᠶ᠎ᠠ ᠨᠠᠮ ᠤᠨ ᠡᠭᠦᠷ ᠤᠨ 14 ᠨᠠᠮ ᠤᠨ ᠭᠡᠰᠢᠭᠦᠨ ᠠᠵᠢᠯᠯᠠᠭ᠎ᠠ ᠳᠤ ᠣᠷᠣᠯᠴᠠᠪᠠ᠃ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠭᠠᠵᠠᠷ ᠤᠨ ᠨᠠᠮ ᠤᠨ ᠡᠭᠦᠷ ᠤᠨ ᠱᠦᠵᠢ ᠶᠣᠣ ᠮᠧᠩ ᠨᠠᠮ ᠤᠨ ᠲᠥᠪ ᠬᠤᠷᠢᠶᠠᠨ ᠤ ᠨᠤᠲᠤᠭ ᠪᠡᠯᠴᠢᠭᠡᠷ ᠤᠨ ᠨᠥᠬᠦᠪᠥᠷᠢ ᠦᠭᠴᠦ ᠱᠠᠩᠨᠠᠬᠤ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠤᠲᠤᠭ ᠪᠡᠯᠴᠢᠭᠡᠷ ᠤᠨ ᠨᠥᠬᠦᠪᠥᠷᠢ ᠦᠭᠴᠦ ᠱᠠᠩᠨᠠᠬᠤ ᠠᠵᠢᠯ ᠤᠨ ᠲᠣᠬᠢᠷᠠᠭᠤᠯᠤᠯᠲᠠ ᠶᠢᠨ ᠲᠣᠭᠤᠷᠢᠨ ᠳᠤ᠂ ︽ᠨᠥᠬᠦᠪᠥᠷᠢ ᠦᠭᠴᠦ ᠱᠠᠩᠨᠠᠬᠤ ᠰᠠᠭᠤᠷᠢᠨ ᠳᠡᠭᠡᠷ᠎ᠡ ᠲᠤᠭᠲᠠᠭᠠᠭᠰᠠᠨ ᠤᠯᠤᠰ ᠤᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠨᠥᠬᠦᠪᠥᠷᠢ ᠦᠭᠴᠦ ᠱᠠᠩᠨᠠᠬᠤ ᠲᠥᠷᠥ ᠶᠢᠨ ᠪᠣᠳᠣᠯᠭ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠠᠪᠤᠭᠳᠠᠭᠤᠯᠪᠠ᠃
W020240909358212294943.jpg
    ᠨᠤᠲᠤᠭ ᠪᠡᠯᠴᠢᠭᠡᠷ ᠤᠨ ᠨᠥᠬᠦᠪᠥᠷᠢ ᠦᠭᠴᠦ ᠱᠠᠩᠨᠠᠬᠤ ᠲᠥᠷᠥ ᠶᠢᠨ ᠪᠣᠳᠣᠯᠭ᠎ᠠ ᠶᠢᠨ ᠲᠡᠦᠬᠡᠨ ᠬᠤᠪᠢᠰᠤᠯᠲᠠ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠦᠭᠴᠦ ᠱᠠᠩᠨᠠᠬᠤ ᠲᠥᠷᠥ ᠶᠢᠨ ᠪᠣᠳᠣᠯᠭ᠎ᠠ᠂ ᠲᠤᠰᠢᠶᠠᠯ ᠬᠠᠷᠢᠭᠤᠴᠠᠯᠭ᠎ᠠ ᠶᠢ ᠬᠤᠪᠢᠶᠠᠷᠢᠯᠠᠨ ᠰᠢᠯᠵᠢᠭᠦᠯᠦᠭᠰᠡᠨ ᠤ ᠳᠠᠷᠠᠭᠠᠬᠢ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠦᠭᠴᠦ ᠱᠠᠩᠨᠠᠬᠤ ᠲᠥᠷᠥ ᠶᠢᠨ ᠪᠣᠳᠣᠯᠭ᠎ᠠ᠂ ᠨᠤᠲᠤᠭ ᠪᠡᠯᠴᠢᠭᠡᠷ ᠤᠨ ᠨᠥᠬᠦᠪᠥᠷᠢ ᠦᠭᠴᠦ ᠱᠠᠩᠨᠠᠬᠤ ᠲᠥᠷᠥ ᠶᠢᠨ ᠪᠣᠳᠣᠯᠭ᠎ᠠ ᠶᠢᠨ ᠠᠵᠢᠯ ᠤᠨ ᠴᠤᠪᠤᠷᠠᠯ ᠵᠢᠴᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠬᠡᠷᠬᠢᠨ ᠥᠷᠨᠢᠭᠦᠯᠬᠦ ᠵᠡᠷᠭᠡ 5 ᠲᠠᠯ᠎ᠠ ᠠᠴᠠ ᠨᠠᠷᠢᠨ ᠲᠠᠶᠢᠯᠪᠤᠷᠢᠯᠠᠪᠠ᠃ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠨᠥᠬᠦᠪᠥᠷᠢ ᠦᠭᠴᠦ ᠱᠠᠩᠨᠠᠬᠤ ᠠᠵᠢᠯ ᠤᠨ ᠪᠣᠳᠠᠲᠠᠶ ᠲᠠᠢ ᠤᠶᠠᠯᠳᠤᠭᠤᠯᠵᠤ᠂ ᠰᠤᠷᠤᠯᠴᠠᠯᠭ᠎ᠠ ᠳᠤ ᠤᠷᠤᠯᠴᠠᠭᠰᠠᠳ ᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠣᠳᠣᠷᠬᠠᠶ ᠲᠠᠨᠢᠯᠴᠠᠭᠤᠯᠪᠠ᠃ ᠰᠤᠷᠭᠠᠨ ᠬᠥᠮᠦᠵᠢᠯ ᠤᠨ ᠲᠠᠯ᠎ᠠ ᠪᠠᠷ ᠬᠥᠲᠥᠯᠥᠨ ᠵᠢᠯᠣᠭᠤᠳᠴᠤ ᠪᠠᠶᠢᠭᠠᠳ ᠨᠤᠲᠤᠭ ᠪᠡᠯᠴᠢᠭᠡᠷ ᠤᠨ ᠨᠥᠬᠦᠪᠥᠷᠢ ᠦᠭᠴᠦ ᠱᠠᠩᠨᠠᠬᠤ ᠢᠷᠡᠯᠲᠡ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠭᠦᠯᠦᠨ᠎ᠡ᠂ ᠰᠤᠷᠤᠯᠭ᠎ᠠ ᠳᠤ ᠣᠷᠣᠯᠴᠠᠭᠰᠠᠨ ᠨᠥᠬᠦᠳ ᠢ ᠦᠨᠡᠨᠬᠦ ᠬᠠᠪᠰᠤᠷᠤᠨ ᠨᠤᠲᠤᠭ ᠪᠡᠯᠴᠢᠭᠡᠷ ᠤᠨ ᠨᠥᠬᠦᠪᠥᠷᠢ ᠦᠭᠴᠦ ᠱᠠᠩᠨᠠᠬᠤ ᠠᠵᠢᠯ ᠢ ᠪᠠᠬᠢᠵᠢᠭᠦᠯᠬᠦ ᠬᠡᠷᠡᠭᠲᠡᠶ᠃
W020240909358212303845.jpg
    ᠡᠴᠦᠰ ᠲᠤ᠂ ᠬᠢᠴᠢᠶᠡᠯ ᠳᠤ ᠣᠷᠣᠯᠴᠠᠭᠰᠠᠨ ᠨᠠᠮ ᠤᠨ ᠭᠡᠰᠢᠭᠦᠨ ᠨᠥᠬᠦᠳ ᠶᠣᠣ ᠮᠧᠩ ᠱᠦᠵᠢ ᠲᠠᠢ ᠨᠤᠲᠤᠭ ᠪᠡᠯᠴᠢᠭᠡᠷ ᠤᠨ ᠨᠥᠬᠦᠪᠥᠷᠢ ᠦᠭᠴᠦ ᠱᠠᠩᠨᠠᠬᠤ ᠠᠵᠢᠯ ᠢ ᠥᠷᠨᠢᠭᠦᠯᠬᠦ ᠶᠠᠪᠤᠴᠠ ᠳᠤ ᠲᠣᠬᠢᠶᠠᠯᠳᠤᠭᠰᠠᠨ ᠪᠠᠶᠢᠳᠠᠯ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ ᠠᠰᠠᠭᠤᠳᠠᠯ ᠤᠨ ᠲᠤᠬᠠᠶ ᠶᠠᠷᠢᠯᠴᠠᠵᠤ᠂ ᠲᠣᠰ ᠤᠳᠠᠭᠠᠨ ᠤ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠨᠠᠮ ᠤᠨ ᠪᠠᠶᠢᠭᠤᠯᠤᠯᠲᠠ + ᠲᠤᠬᠠᠶᠢᠯᠠᠭᠰᠠᠨ ᠠᠵᠢᠯ︾᠎ ᠤᠨ ᠰᠤᠳᠤᠯᠤᠨ ᠰᠤᠷᠤᠯᠴᠠᠬᠤ ᠦᠷ᠎ᠡ ᠪᠦᠲᠦᠮᠵᠢ ᠶᠢ ᠳᠣᠪᠤᠶᠢᠯᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号