ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ》 ᠵᠢᠨ ᠭᠤᠷᠪᠠᠳᠤᠭ᠋ᠠᠷ ᠪᠣᠳᠢ ᠵᠢᠨ ᠳᠡᠭᠡᠳᠦ ᠳᠡᠪᠲᠡᠷ᠎ᠢ ᠬᠡᠪᠯᠡᠭᠦᠯᠦᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2024-12-23

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 12 ᠰᠠᠷ᠎ᠠ ᠵᠢᠨ 22᠎ᠤᠨ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠵᠥᠪᠰᠢᠶᠡᠷᠡᠯ ᠵᠶ᠋ᠠᠷ᠂ ᠲᠥᠪ᠎ᠤᠨ ᠨᠠᠮ᠎ᠤᠨ ᠲᠡᠦᠬᠡ ᠪᠠ ᠲᠤᠯᠭᠤᠷ ᠪᠢᠴᠢᠭ᠎ᠤᠨ ᠰᠤᠳᠤᠯᠭ᠋ᠠᠨ᠎ᠤ ᠬᠦᠷᠢᠶᠡᠯᠡᠩ᠎ᠤᠨ ᠨᠠᠶ᠋ᠢᠷᠠᠭᠤᠯᠤᠨ ᠪᠢᠴᠢᠭᠰᠡᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ》 ᠵᠢᠨ ᠭᠤᠷᠪᠠᠳᠤᠭ᠋ᠠᠷ ᠪᠣᠳᠢ ᠵᠢᠨ ᠳᠡᠭᠡᠳᠦ ᠳᠡᠪᠲᠡᠷ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠬᠡᠪᠯᠡᠯ᠎ᠤᠨ ᠬᠤᠷᠢᠶ᠎ᠠ᠎ᠠᠴᠠ ᠵᠢᠩᠬᠢᠨᠢ᠎ᠪᠠᠷ ᠬᠡᠪᠯᠡᠭᠦᠯᠵᠦ᠂ ᠲᠣᠰ ᠡᠳᠦᠷ᠎ᠠᠴᠠ ᠡᠬᠢᠯᠡᠨ ᠪᠦᠭᠦ ᠤᠯᠤᠰ᠎ᠲᠤ ᠲᠠᠷᠬᠠᠭ᠋ᠠᠪᠠ᠃
      《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ》 ᠵᠢᠨ ᠭᠤᠷᠪᠠᠳᠤᠭ᠋ᠠᠷ ᠪᠣᠳᠢ ᠵᠢ ᠨᠠᠶ᠋ᠢᠷᠠᠭᠤᠯᠤᠨ ᠪᠢᠴᠢᠭᠰᠡᠨ ᠶᠠᠪᠤᠳᠠᠯ ᠪᠣᠯ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ》 ᠵᠢᠨ ᠨᠢᠭᠡᠳᠦᠭᠡᠷ ᠪᠣᠳᠢ᠂ ᠬᠤᠶᠠᠳᠤᠭ᠋ᠠᠷ ᠪᠣᠳᠢ ᠵᠢᠨ ᠲᠠᠷᠠᠭ᠎ᠠ᠂ ᠨᠠᠮ᠎ᠤᠨ ᠲᠥᠪ ᠬᠤᠷᠢᠶ᠎ᠠ᠎ᠠᠴᠠ ᠲᠥᠪ᠎ᠤᠨ ᠨᠠᠮ᠎ᠤᠨ ᠲᠡᠦᠬᠡ ᠪᠠ ᠲᠤᠯᠭᠤᠷ ᠪᠢᠴᠢᠭ ᠰᠤᠳᠤᠯᠬᠤ ᠬᠦᠷᠢᠶᠡᠯᠡᠩ᠎ᠳᠤ ᠲᠤᠰᠢᠶᠠᠭᠰᠠᠨ ᠨᠢᠭᠡᠨ ᠴᠢᠬᠤᠯᠠ ᠤᠯᠤᠰ ᠲᠦᠷᠦ ᠵᠢᠨ ᠡᠭᠦᠷᠭᠡ ᠮᠥᠨ᠃ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠬᠤᠪᠢᠰᠬᠠᠯᠲᠤ ᠭᠡᠷ᠎ᠤᠨ ᠴᠠᠳᠢᠭ᠎ᠢ ᠦᠷᠭᠦᠯᠵᠢᠯᠡᠨ ᠪᠢᠴᠢᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠯᠠᠨ ᠤᠳᠠᠭ᠎ᠠ ᠴᠢᠬᠤᠯᠠ ᠵᠢᠭ᠋ᠠᠪᠤᠷᠢ ᠥᠭᠴᠦ ᠪᠣᠳᠠᠲᠠᠢ ᠵᠢᠭ᠋ᠠᠨ ᠵᠢᠯᠤᠭᠤᠳᠴᠤ᠂ ᠨᠠᠶ᠋ᠢᠷᠠᠭᠤᠯᠤᠨ ᠪᠢᠴᠢᠬᠦ ᠠᠵᠢᠯ᠎ᠳᠤ ᠵᠥᠪ ᠴᠢᠭᠯᠡᠯ᠎ᠢ ᠲᠣᠳᠣᠷᠬᠠᠢ ᠵᠢᠭ᠋ᠠᠵᠤ᠂ ᠦᠨᠳᠦᠰᠦᠨ ᠵᠢᠷᠤᠮᠯᠠᠯ ᠬᠠᠩᠭ᠋ᠠᠪᠠ᠃
      《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ》 ᠵᠢᠨ ᠭᠤᠷᠪᠠᠳᠤᠭ᠋ᠠᠷ ᠪᠣᠳᠢ ᠵᠢᠨ ᠳᠡᠭᠡᠳᠦ ᠳᠡᠪᠲᠡᠷ᠎ᠲᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 1978 ᠣᠨ᠎ᠤ 12 ᠰᠠᠷ᠎ᠠ ᠵᠢᠨ ᠨᠠᠮ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠠᠴᠠ 1989 ᠣᠨ᠎ᠤ 6 ᠰᠠᠷ᠎ᠠ ᠵᠢᠨ ᠨᠠᠮ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠬᠦᠷᠲᠡᠯᠡᠬᠢ ᠲᠡᠦᠬᠡ ᠵᠢ ᠲᠡᠮᠳᠡᠭᠯᠡᠭᠰᠡᠨ ᠪᠠᠶ᠋ᠢᠨ᠎ᠠ᠂ ᠪᠠᠷᠤᠭ 42 ᠲᠦᠮᠡᠨ ᠦᠰᠦᠭ᠂ 36 ᠬᠤᠪᠢ ᠭᠡᠷᠡᠯ ᠵᠢᠷᠤᠭ᠎ᠢ ᠣᠷᠣᠭᠤᠯᠵᠤ᠂ ᠭᠤᠣᠯᠳᠠᠭᠤ ᠳ᠋ᠧᠩ ᠰᠢᠶᠣᠣ ᠫᠢᠩ ᠨᠥᠬᠦᠷ ᠵᠶ᠋ᠠᠷ ᠭᠤᠣᠯ ᠲᠥᠯᠥᠭᠡᠯᠡᠭᠴᠢ ᠪᠤᠯᠭ᠋ᠠᠬᠰᠠᠨ ᠳᠤᠮᠳᠠᠳᠤ ᠤᠯᠤᠰ᠎ᠤᠨ ᠡᠪ ᠬᠠᠮᠲᠤᠴᠤᠳ ᠪᠦᠭᠦ ᠨᠠᠮ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠠᠴᠠ ᠨᠠᠭ᠋ᠠᠰᠢᠬᠢ ᠲᠡᠦᠬᠡᠨ ᠲᠤᠷᠰᠢᠯᠭ᠎ᠠ ᠵᠢ ᠭᠦᠨᠵᠡᠭᠡᠢ ᠳ᠋ᠦᠩᠨᠡᠵᠦ᠂ ᠶᠠᠭᠤ ᠵᠢ ᠨᠡᠶ᠋ᠢᠭᠡᠮ ᠵᠢᠷᠤᠮ ᠭᠡᠬᠦ ᠪᠤᠢ᠂ ᠨᠡᠶ᠋ᠢᠭᠡᠮ ᠵᠢᠷᠤᠮ᠎ᠢ ᠬᠡᠷᠬᠢᠨ ᠪᠦᠲᠦᠭᠡᠨ ᠪᠠᠶ᠋ᠢᠭᠤᠯᠬᠤ ᠪᠤᠢ ᠭᠡᠬᠦ ᠦᠨᠳᠦᠰᠦᠨ ᠠᠰᠠᠭᠤᠳᠠᠯ᠎ᠤᠨ ᠲᠣᠭᠤᠷᠢᠨ᠎ᠳᠤ᠂ ᠳᠤᠮᠳᠠᠳᠤ ᠤᠯᠤᠰ᠎ᠤᠨ ᠤᠯᠤᠰ᠎ᠤᠨ ᠪᠠᠶ᠋ᠢᠳᠠᠯ᠎ᠳᠠᠭᠠᠨ ᠰᠠᠭᠤᠷᠢᠯᠠᠵᠤ᠂ ᠳᠡᠯᠡᠬᠡᠢ ᠵᠢᠨ ᠨᠡᠶ᠋ᠢᠭᠡᠮ ᠵᠢᠷᠤᠮ᠎ᠤᠨ ᠬᠥᠭᠵᠢᠯᠲᠡ ᠵᠢᠨ ᠲᠤᠷᠰᠢᠯᠭ᠎ᠠ ᠰᠤᠷᠭ᠋ᠠᠮᠵᠢ᠎ᠪᠠᠷ ᠲᠣᠯᠢ ᠪᠤᠯᠭ᠋ᠠᠵᠤ᠂ ᠳ᠋ᠧᠩ ᠰᠢᠶᠣᠣ ᠫᠢᠩ᠎ᠤᠨ ᠣᠨᠣᠯ᠎ᠢ ᠡᠭᠦᠳᠴᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠲᠡᠦᠬᠡᠨ ᠠᠬᠢᠴᠠ ᠵᠢ ᠠᠮᠵᠢᠯᠲᠠ᠎ᠲᠠᠢ ᠡᠭᠦᠳᠦᠨ ᠨᠡᠭᠡᠭᠡᠭᠰᠡᠨ᠎ᠢ ᠭᠤᠣᠯᠳᠠᠯᠭ᠎ᠠ᠎ᠲᠠᠢ ᠳᠡᠯᠭᠡᠨ ᠦᠵᠡᠭᠦᠯᠪᠡ᠃
      ᠲᠤᠰ ᠨᠣᠮ᠎ᠢ ᠨᠠᠶ᠋ᠢᠷᠠᠭᠤᠯᠤᠨ ᠪᠢᠴᠢᠬᠦ ᠠᠵᠢᠯ᠎ᠨᠢ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠣᠣ ᠫᠢᠩ᠎ᠤᠨ ᠤᠨᠤᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠭᠤᠷᠪᠠᠨ ᠲᠡᠦᠬᠡᠨ ᠰᠢᠢ᠍ᠳᠪᠦᠷᠢ ᠢᠯᠠᠩᠭᠤᠶ᠎ᠠ 《ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠣᠨ ᠲᠡᠦᠬᠡᠨ ᠲᠤᠷᠰᠢᠯᠭ᠎ᠠ ᠵᠢᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢ》 ᠵᠢ ᠴᠢᠩᠭ᠎ᠠ ᠵᠢᠷᠤᠮᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠲᠤᠬᠠᠢ ᠴᠢᠬᠤᠯᠠ ᠥᠭᠦᠯᠡᠯᠲᠡ ᠵᠢᠴᠢ ᠨᠠᠮ᠎ᠤᠨ ᠲᠡᠦᠬᠡ ᠪᠣᠯᠣᠨ ᠲᠤᠯᠭᠤᠷ ᠪᠢᠴᠢᠭ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠡᠦᠬᠡ ᠵᠢᠨ ᠪᠣᠳᠠᠰᠴᠢ ᠦᠵᠡᠯ ᠪᠠ ᠨᠠᠮ᠎ᠤᠨ ᠲᠡᠦᠬᠡ ᠵᠢᠨ ᠵᠥᠪ ᠦᠵᠡᠯᠲᠡ ᠵᠢ ᠪᠠᠷᠢᠮᠲᠠᠯᠠᠵᠤ᠂ ᠨᠠᠮ᠎ᠤᠨ ᠲᠡᠦᠬᠡ ᠵᠢᠨ ᠬᠥᠭᠵᠢᠯᠲᠡ ᠵᠢᠨ ᠭᠤᠣᠯ ᠰᠡᠳᠦᠪ ᠭᠤᠣᠯ ᠰᠢᠵᠢᠮ᠂ ᠭᠤᠣᠯ ᠤᠷᠤᠰᠬᠠᠯ᠎ᠤᠨ ᠮᠥᠨ ᠴᠢᠨᠠᠷ᠎ᠢ ᠣᠨᠣᠪᠴᠢᠲᠠᠶ ᠡᠵᠡᠮᠳᠡᠵᠦ᠂ ᠨᠠᠮ᠎ᠤᠨ ᠲᠡᠦᠬᠡ ᠪᠠ ᠨᠠᠮ᠎ᠤᠨ ᠤᠨᠤᠯ᠎ᠤᠨ ᠰᠤᠳᠤᠯᠭ᠋ᠠᠨ᠎ᠤ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠭᠦᠢ᠍ᠴᠡᠳ ᠰᠢᠩᠭᠡᠬᠡᠨ ᠠᠪᠴᠤ᠂ ᠤᠯᠤᠰ ᠲᠥᠷᠥᠴᠢ ᠴᠢᠨᠠᠷ᠂ ᠦᠵᠡᠯ ᠰᠠᠨᠠᠭ᠋ᠠᠴᠢ ᠴᠢᠨᠠᠷ᠂ ᠡᠷᠳᠡᠮ ᠰᠢᠨᠵᠢᠯᠡᠭᠡᠨ᠎ᠤ ᠴᠢᠨᠠᠷ᠂ ᠠᠮᠢᠳᠤᠯᠢᠭ ᠴᠢᠨᠠᠷ᠎ᠢ ᠨᠢᠭᠡ ᠴᠣᠭᠴᠠᠵᠢᠭᠤᠯᠬᠤ᠎ᠪᠠᠷ ᠴᠢᠷᠮᠠᠶ᠋ᠢᠪᠠ᠃ ᠲᠤᠰ ᠨᠣᠮ᠎ᠢ ᠬᠡᠪᠯᠡᠨ ᠲᠠᠷᠬᠠᠭ᠋ᠠᠭᠰᠠᠨ᠎ᠨᠢ ᠥᠭᠡᠷᠡᠴᠢᠯᠡᠯᠲᠡ ᠨᠡᠭᠡᠭᠡᠯᠲᠡ ᠪᠣᠯᠣᠨ ᠨᠡᠶ᠋ᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠴᠠᠭ ᠦᠶ᠎ᠡ ᠵᠢᠨ ᠨᠠᠮ᠎ᠤᠨ ᠲᠡᠦᠬᠡ ᠵᠢ ᠵᠥᠪ ᠲᠠᠨᠢᠬᠤ᠎ᠳᠤ ᠡᠷᠬᠡ ᠰᠦᠷᠲᠦ ᠡᠬᠡ ᠳᠡᠪᠲᠡᠷ ᠬᠠᠩᠭ᠋ᠠᠵᠤ᠂ 《ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠳᠦᠷᠢᠮ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠪᠠᠶ᠋ᠢᠩᠭᠤᠵᠢᠭᠤᠯᠬᠤ ᠤᠷᠳᠤ ᠬᠤᠭᠤᠴᠠᠭ᠎ᠠ ᠪᠦᠲᠦᠮᠵᠢᠲᠡᠢ ᠪᠤᠯᠭ᠋ᠠᠬᠤ ᠵᠢ ᠠᠬᠢᠭᠤᠯᠬᠤ᠎ᠳᠤ ᠰᠢᠨ᠎ᠡ ᠰᠠᠭᠤᠷᠢ ᠵᠢᠭ᠋ᠠᠬᠤ ᠮᠠᠲ᠋ᠧᠷᠢᠶᠠᠯ ᠬᠠᠩᠭ᠋ᠠᠵᠤ᠂ ᠪᠦᠭᠦ ᠨᠠᠮ ᠪᠦᠭᠦ ᠨᠡᠶ᠋ᠢᠭᠡᠮ ᠵᠶ᠋ᠠᠷ ᠵᠶ᠋ᠠᠨ ᠦᠵᠡᠯ ᠰᠠᠨᠠᠭ᠎ᠠ᠎ᠪᠠᠨ ᠨᠢᠭᠡᠳᠬᠡᠬᠦ᠂ ᠬᠦᠴᠦᠨ ᠴᠢᠳᠠᠯ ᠵᠶ᠋ᠠᠨ ᠨᠢᠭᠲᠠᠷᠠᠭᠤᠯᠬᠤ᠂ ᠲᠡᠮᠡᠴᠡᠯ᠎ᠤᠨ ᠵᠣᠷᠢᠭ ᠵᠶ᠋ᠠᠨ ᠬᠥᠪᠴᠢᠯᠡᠬᠦ᠂ ᠤᠶᠤᠨ ᠤᠬᠠᠭ᠋ᠠᠨ ᠵᠶ᠋ᠠᠨ ᠰᠡᠩᠬᠡᠷᠡᠭᠦᠯᠬᠦ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃



ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ