ᠰᠢᠨᠬᠤᠸᠠ ᠬᠤᠷᠢᠶ᠎ᠠ ᠵᠢᠨ ᠪᠡᠭᠡᠵᠢᠩ᠎ᠤᠨ 11 ᠰᠠᠷ᠎ᠠ ᠵᠢᠨ 25᠎ᠤ ᠴᠠᠭᠢᠯᠭ᠋ᠠᠨ ᠮᠡᠳᠡᠭᠡ ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠨᠠᠮ᠎ᠤᠨ ᠲᠡᠦᠬᠡ ᠪᠣᠯᠣᠨ ᠲᠤᠯᠭᠤᠷ ᠪᠢᠴᠢᠭ᠎ᠤᠨ ᠰᠤᠳᠤᠯᠭ᠋ᠠᠨ᠎ᠤ ᠬᠦᠷᠢᠶᠡᠯᠡᠩ᠎ᠤᠨ ᠣᠷᠴᠢᠭᠤᠯᠤᠭᠰᠠᠨ 《ᠰᠢ ᠵᠢᠨ ᠫᠢᠩ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠲᠤᠬᠠᠢ ᠥᠭᠦᠯᠡᠯᠲᠡ ᠵᠢᠨ ᠲᠡᠭᠦᠪᠦᠷᠢ》 ᠭᠡᠬᠦ ᠨᠣᠮ᠎ᠤᠨ ᠠᠷᠠᠪ ᠬᠡᠯᠡᠨ᠎ᠤ ᠬᠡᠪᠯᠡᠯ᠎ᠢ ᠣᠶ᠋ᠢᠷ᠎ᠠ ᠵᠢᠨ ᠡᠳᠦᠷ ᠲᠥᠪ᠎ᠤᠨ ᠨᠠᠶ᠋ᠢᠷᠠᠭᠤᠯᠤᠨ ᠣᠷᠴᠢᠭᠤᠯᠬᠤ ᠬᠡᠪᠯᠡᠯ᠎ᠤᠨ ᠬᠤᠷᠢᠶ᠎ᠠ᠎ᠠᠴᠠ ᠬᠡᠪᠯᠡᠭᠦᠯᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠲᠠᠷᠬᠠᠭ᠋ᠠᠪᠠ᠃
《ᠰᠢ ᠵᠢᠨ ᠫᠢᠩ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠲᠤᠬᠠᠢ ᠥᠭᠦᠯᠡᠯᠲᠡ ᠵᠢᠨ ᠲᠡᠭᠦᠪᠦᠷᠢ》 ᠵᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠨᠠᠮ᠎ᠤᠨ ᠲᠡᠦᠬᠡ ᠪᠠ ᠲᠤᠯᠭᠤᠷ ᠪᠢᠴᠢᠭ᠎ᠤᠨ ᠰᠤᠳᠤᠯᠭ᠋ᠠᠨ᠎ᠤ ᠬᠦᠷᠢᠶᠡᠯᠡᠩ᠎ᠠᠴᠠ ᠨᠠᠶ᠋ᠢᠷᠠᠭᠤᠯᠵᠤ᠂ ᠰᠢ ᠵᠢᠨ ᠫᠢᠩ ᠨᠥᠬᠦᠷ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠲᠣᠭᠤᠷᠢᠨ᠎ᠳᠤ ᠨᠡᠶ᠋ᠢᠲᠡᠯᠡᠭᠰᠡᠨ ᠠᠯᠢ ᠤᠯᠠᠨ ᠴᠢᠬᠤᠯᠠ ᠥᠭᠦᠯᠡᠯᠲᠡ ᠵᠢ ᠣᠷᠣᠭᠤᠯᠵᠠᠢ᠃ ᠲᠤᠰ ᠨᠣᠮ᠎ᠤᠨ ᠠᠷᠠᠪ ᠬᠡᠯᠡᠨ᠎ᠤ ᠬᠡᠪᠯᠡᠯ ᠪᠣᠯᠣᠨ ᠡᠮᠦᠨ᠎ᠡ ᠬᠡᠪᠯᠡᠭᠳᠡᠭᠰᠡᠨ ᠠᠩᠭ᠍ᠯᠢ ᠭᠡᠯᠡ᠂ ᠹᠷᠠᠨᠼᠢ ᠭᠡᠯᠡ᠂ ᠣᠷᠣᠰ ᠬᠡᠯᠡᠨ᠎ᠤ ᠬᠡᠪᠯᠡᠯ᠎ᠨᠢ ᠭᠠᠳᠠᠭ᠋ᠠᠳᠤ ᠵᠢᠨ ᠤᠩᠰᠢᠭᠴᠢᠳ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠣᠨᠣᠯ᠎ᠤᠨ ᠰᠢᠰᠲ᠋ᠧᠮ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠣᠶ᠋ᠢᠯᠠᠭ᠋ᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠠᠮᠵᠢᠯᠲᠠ᠎ᠲᠠᠢ᠎ᠪᠠᠷ ᠨᠡᠭᠡᠭᠡᠭᠰᠡᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠵᠠᠮ᠂ ᠡᠭᠦᠳᠦᠨ ᠪᠦᠲᠦᠭᠡᠭᠰᠡᠨ ᠬᠥᠮᠥᠨ ᠲᠥᠷᠥᠯᠬᠢᠲᠡᠨ᠎ᠤ ᠪᠣᠯᠪᠠᠰᠤᠨ᠎ᠤ ᠰᠢᠨ᠎ᠡ ᠭᠡᠯᠪᠡᠷᠢ ᠪᠠᠶ᠋ᠢᠳᠠᠯ᠂ ᠢᠯᠡᠷᠡᠭᠦᠯᠦᠭᠰᠡᠨ ᠣᠳᠣᠬᠢᠴᠢᠯᠠᠯᠲᠠ ᠵᠢᠨ ᠰᠢᠨ᠎ᠡ ᠵᠢᠷᠤᠭ ᠲᠥᠰᠥᠪ᠎ᠢ ᠭᠦᠨᠵᠡᠭᠡᠢ ᠣᠶ᠋ᠢᠯᠠᠭ᠋ᠠᠵᠤ᠂ ᠳᠡᠯᠡᠬᠡᠢ ᠨᠡᠶ᠋ᠢᠭᠡᠮ ᠵᠶ᠋ᠠᠷ ᠵᠶ᠋ᠠᠨ ᠭᠠᠷ ᠬᠤᠯᠪᠣᠯᠴᠠᠨ ᠣᠳᠣᠬᠢᠴᠢᠯᠠᠯᠲᠠ ᠵᠢᠨ ᠵᠠᠮ ᠵᠶ᠋ᠠᠷ ᠬᠠᠮᠲᠤ᠎ᠪᠠᠷ ᠵᠠᠮᠨᠠᠵᠤ᠂ ᠡᠩᠬᠡ ᠲᠠᠶ᠋ᠢᠪᠤᠩ ᠬᠥᠭᠵᠢᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠵᠦ᠂ ᠬᠠᠮᠲᠤ᠎ᠳᠠᠭᠠᠨ ᠮᠠᠨᠳᠤᠨ ᠪᠠᠳᠠᠷᠠᠭᠰᠠᠨ ᠳᠡᠯᠡᠬᠡᠢ ᠵᠢᠨ ᠣᠳᠣᠬᠢᠴᠢᠯᠠᠯᠲᠠ ᠵᠢᠨ ᠬᠠᠮᠲᠤ ᠵᠢᠨ ᠲᠠᠨᠢᠯᠲᠠ ᠵᠢ ᠴᠢᠩᠭ᠋ᠠᠳᠬᠠᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃