ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠴᠠᠭ ᠦᠶ᠎ᠡ ᠵᠢᠨ ᠶᠡᠷᠦᠩᠬᠡᠢ ᠬᠠᠨᠳᠤᠰᠢ ᠵᠢ ᠡᠵᠡᠮᠳᠡᠵᠦ ᠳᠡᠯᠡᠬᠡᠢ ᠵᠢᠨ ᠬᠥᠭᠵᠢᠯ ᠴᠡᠴᠡᠭᠯᠡᠯ᠎ᠢ ᠬᠠᠮᠲᠤ᠎ᠪᠠᠷ ᠠᠬᠢᠭᠤᠯᠤᠶ᠎ᠠ – ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠪᠦᠷᠢ ᠬᠤᠳᠠᠯᠳᠤᠭ᠋ᠠᠨ᠎ᠤ ᠤᠳᠤᠷᠢᠳᠬᠤ ᠬᠥᠮᠥᠰ᠎ᠤᠨ ᠲᠦᠷᠦᠭᠦᠴᠦᠳ᠎ᠤᠨ ᠬᠤᠷᠠᠯ ᠳᠡᠭᠡᠷᠡᠬᠢ ᠪᠢᠴᠢᠭ᠎ᠤᠨ ᠶᠠᠷᠢᠶ᠎ᠠ ᠢᠯᠡᠳᠬᠡᠯ
ᠨᠡᠶ᠋ᠢᠲᠡᠯᠡᠭᠰᠡᠨ ᠴᠠᠭ᠄ 2024-11-18


    ᠴᠠᠭ ᠦᠶ᠎ᠡ ᠵᠢᠨ ᠶᠡᠷᠦᠩᠬᠡᠢ ᠬᠠᠨᠳᠤᠰᠢ ᠵᠢ ᠡᠵᠡᠮᠳᠡᠵᠦ ᠳᠡᠯᠡᠬᠡᠢ ᠵᠢᠨ ᠬᠥᠭᠵᠢᠯ ᠴᠡᠴᠡᠭᠯᠡᠯ᠎ᠢ ᠬᠠᠮᠲᠤ᠎ᠪᠠᠷ ᠠᠬᠢᠭᠤᠯᠤᠶ᠎ᠠ –
    ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ
    ᠦᠢ᠍ᠯᠡᠳᠪᠦᠷᠢ ᠬᠤᠳᠠᠯᠳᠤᠭ᠋ᠠᠨ᠎ᠤ ᠤᠳᠤᠷᠢᠳᠬᠤ ᠬᠥᠮᠥᠰ᠎ᠤᠨ ᠲᠦᠷᠦᠭᠦᠴᠦᠳ᠎ᠤᠨ ᠬᠤᠷᠠᠯ ᠳᠡᠭᠡᠷᠡᠬᠢ ᠪᠢᠴᠢᠭ᠎ᠤᠨ ᠶᠠᠷᠢᠶ᠎ᠠ ᠢᠯᠡᠳᠬᠡᠯ
    (2024 ᠣᠨ᠎ᠤ 11 ᠰᠠᠷ᠎ᠠ ᠵᠢᠨ 15᠎ᠤ ᠡᠳᠦᠷ᠂ ᠫᠧᠷᠦ᠋ ᠵᠢᠨ ᠯᠢᠮᠠ᠎ᠳᠤ)

    ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠰᠢ ᠵᠢᠨ ᠫᠢ᠊ ᠊ᠩ

 

ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ᠎ᠤᠨ ᠲᠥᠯᠥᠭᠡᠯᠡᠭᠴᠢᠳ ᠠ᠋᠂
ᠠᠪᠠᠭ᠍ᠠᠢ ᠨᠠᠷ᠂ ᠠᠪᠤᠭ᠋ᠠᠢ ᠨᠠᠷ᠂ ᠨᠠᠶ᠋ᠢᠵᠠ ᠨᠠᠷ ᠠ᠋᠄
       ᠦᠵᠡᠰᠬᠦᠯᠡᠩᠲᠦ ᠰᠠᠶ᠋ᠢᠬᠠᠨ ᠯᠢᠮᠠ ᠬᠤᠲᠠ᠎ᠳᠤ ᠢᠷᠡᠵᠤ ᠠᠶ᠋ᠢᠯᠴᠢᠯᠠᠬᠰᠠᠨ᠎ᠳᠠᠭᠠᠨ ᠮᠠᠰᠢ ᠪᠠᠶᠠᠷ᠎ᠲᠠᠢ ᠪᠠᠶ᠋ᠢᠨ᠎ᠠ᠃ 8 ᠵᠢᠯ᠎ᠤᠨ ᠳᠠᠷᠠᠭ᠎ᠠ ᠠᠮᠢᠵᠢᠷᠠᠯ᠎ᠤᠨ ᠬᠦᠴᠦᠨ ᠵᠶ᠋ᠠᠷ ᠪᠢᠯᠬᠠᠭᠰᠠᠨ ᠡᠨᠡ ᠬᠠᠯᠠᠭᠤᠨ ᠬᠥᠷᠥᠰᠥᠨ᠎ᠳᠤ ᠳᠠᠬᠢᠨᠲᠠ ᠬᠦᠷᠴᠦ ᠢᠷᠡᠬᠦ᠎ᠳᠤ ᠲᠤᠶ᠋ᠢᠯ᠎ᠤᠨ ᠳᠣᠲᠣᠨᠣ ᠰᠠᠨᠠᠭᠳᠠᠵᠤ ᠪᠠᠶ᠋ᠢᠨ᠎ᠠ᠃
       ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠬᠡᠳᠦᠶ᠋ᠢᠪᠡᠷ ᠲᠦᠮᠡᠨ ᠭᠠᠵᠠᠷ ᠠᠯᠤᠰᠯᠠᠵᠤ ᠪᠠᠶ᠋ᠢᠭ᠎ᠠ ᠪᠤᠯᠪᠠᠴᠤ ᠨᠡᠯᠦᠭᠡᠷ ᠶᠡᠭᠡ ᠨᠣᠮᠣᠬᠠᠨ ᠲᠠᠯᠠᠢ ᠪᠢᠳᠡᠨ᠎ᠤ ᠰᠣᠯᠢᠯᠴᠠᠭ᠎ᠠ ᠵᠢ ᠲᠠᠰᠤᠯᠵᠤ ᠴᠢᠳᠠᠬᠤ ᠦᠭᠡᠢ᠃ ᠠᠯᠢ ᠡᠷᠲᠡ 16 ᠳ᠋ᠤᠭ᠋ᠠᠷ ᠵᠠᠭᠤᠨ᠎ᠤ ᠳᠣᠣᠷ᠎ᠠ ᠬᠠᠭ᠋ᠠᠰ ᠵᠶ᠋ᠠᠷ ᠲᠣᠷᠭ᠎ᠠ ᠳᠤᠷᠳᠤᠩ ᠪᠣᠯᠣᠨ ᠱᠠᠭ᠋ᠠᠵᠠᠩ ᠰᠠᠪᠠ ᠵᠢ ᠳᠦᠭᠦᠷᠲᠡᠯ᠎ᠡ ᠲᠡᠭᠡᠭᠡᠭᠰᠡᠨ 《ᠳᠤᠮᠳᠠᠳᠤ ᠤᠯᠤᠰ᠎ᠤᠨ ᠣᠩᠭᠤᠴᠠ》 ᠯᠠᠲ᠋ᠢᠨ ᠠᠮᠧᠷᠢᠺᠠ᠎ᠳᠤ ᠠᠶᠠᠯᠠᠨ ᠢᠷᠠᠵᠤ᠂ ᠳᠤᠮᠳᠠᠳᠤ ᠯᠠᠲ᠋ᠢᠨ ᠠᠮᠧᠷᠢᠺᠠ ᠵᠢᠨ ᠨᠥᠭᠦᠷᠰᠡᠭ ᠶᠠᠪᠤᠯᠴᠠᠭ᠋ᠠᠨ᠎ᠤ ᠵᠠᠮ᠎ᠢ ᠨᠡᠭᠡᠭᠡᠭᠰᠡᠨ ᠶᠤᠮ᠃
       ᠬᠡᠳᠦᠨ ᠵᠠᠭᠤᠨ ᠵᠢᠯ᠎ᠤᠨ ᠳᠠᠷᠠᠭ᠋ᠠᠬᠢ ᠥᠨᠥᠳᠥᠷ ᠳᠤᠮᠳᠠᠳᠤ ᠯᠠᠲ᠋ᠢᠨ ᠠᠮᠧᠷᠢᠺᠠ ᠵᠢ ᠪᠠᠭᠲᠠᠭ᠋ᠠᠭᠰᠠᠨ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠤᠯᠤᠰ᠎ᠤᠳ ᠨᠢᠭᠡᠨᠲᠡ ᠠᠵᠤ ᠠᠬᠤᠢ ᠵᠢᠨ ᠳᠡᠯᠡᠬᠡᠶ᠋ᠢᠵᠢᠯᠲᠡ᠎ᠳᠤ ᠭᠦᠨᠵᠡᠭᠡᠢ ᠠᠭᠤᠰᠤᠯᠴᠠᠵᠤ᠂ ᠨᠢᠭᠡ᠎ᠨᠢ ᠬᠥᠭᠵᠢᠪᠡᠯ ᠪᠦᠭᠦᠳᠡᠭᠡᠷ ᠬᠥᠭᠵᠢᠵᠦ᠂ ᠨᠢᠭᠡ᠎ᠨᠢ ᠬᠤᠬᠢᠷᠠᠪᠠᠯ ᠪᠦᠭᠦᠳᠡᠭᠡᠷ ᠬᠤᠬᠢᠷᠠᠬᠤ ᠠᠰᠢᠭ ᠲᠤᠰᠠ ᠵᠢᠨ ᠬᠠᠮᠲᠤ ᠵᠢᠨ ᠴᠣᠭᠴᠠ᠂ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯᠪᠠ᠃ ᠡᠭᠦᠨ᠎ᠤ ᠵᠡᠷᠭᠡ᠎ᠪᠠᠷ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠵᠢᠨ ᠬᠤᠭᠤᠴᠠᠭ᠋ᠠᠨ᠎ᠳᠤ ᠣᠷᠣᠵᠤ᠂ ᠭᠠᠭᠴᠠ ᠲᠠᠯᠠᠲᠤ ᠦᠵᠡᠯ᠂ ᠬᠠᠮᠠᠭ᠋ᠠᠯᠠᠬᠤ ᠦᠵᠡᠯ ᠲᠡᠯᠡᠷᠡᠵᠦ᠂ ᠳᠡᠯᠡᠬᠡᠢ ᠵᠢᠨ ᠠᠵᠤ ᠠᠬᠤᠢ ᠵᠢᠨ ᠭᠡᠰᠡᠭᠵᠢᠯᠲᠡ ᠰᠢᠷᠦᠭᠦᠰᠴᠦ᠂ ᠠᠵᠤ ᠠᠬᠤᠢ ᠵᠢᠨ ᠳᠡᠯᠡᠬᠡᠶ᠋ᠢᠵᠢᠯᠲᠡ ᠰᠥᠷᠭᠡᠦ ᠤᠷᠤᠰᠬᠠᠯ᠎ᠳᠤ ᠤᠴᠠᠷᠠᠵᠤ᠂ ᠤᠷᠤᠰᠬᠠᠯ ᠰᠥᠷᠦᠨ ᠣᠩᠭᠤᠴᠠ ᠰᠡᠯᠢᠬᠦ᠂ ᠤᠷᠤᠭᠰᠢᠯᠠᠬᠤ ᠦᠭᠡᠢ ᠪᠣᠯ ᠤᠬᠤᠷᠢᠬᠤ ᠬᠠᠲᠠᠭᠤ ᠰᠢᠯᠭ᠋ᠠᠯᠲᠠ᠎ᠳᠤ ᠲᠤᠯᠭ᠋ᠠᠷᠠᠪᠠ᠃ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠶᠠᠭ᠋ᠠᠬᠢᠵᠤ ᠬᠥᠭᠵᠢᠬᠦ ᠪᠤᠢ᠂ ᠪᠢᠳᠡ ᠰᠣᠩᠭᠤᠯᠲᠠ ᠬᠢᠬᠦ ᠴᠢᠬᠤᠯᠠᠲᠠᠢ ᠪᠠᠶ᠋ᠢᠨ᠎ᠠ᠃
      ᠠᠵᠤ ᠠᠬᠤᠢ ᠵᠢᠨ ᠳᠡᠯᠡᠬᠡᠶ᠋ᠢᠵᠢᠯᠲᠡ ᠪᠣᠯ ᠨᠡᠶ᠋ᠢᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢᠨ ᠪᠤᠰᠤᠳᠴᠢ ᠱᠠᠭ᠋ᠠᠷᠳᠠᠯᠭ᠎ᠠ ᠮᠥᠨ᠂ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠳᠠᠪᠰᠢᠯᠲᠠ ᠵᠢᠨ ᠵᠠᠶ᠋ᠢᠯᠠᠰᠢ ᠦᠭᠡᠢ ᠦᠷ᠎ᠡ ᠳ᠋ᠦᠩ ᠮᠥᠨ᠂ ᠰᠦᠷ ᠳᠠᠯᠠᠶ᠋ᠢᠴᠠᠲᠠᠢ ᠲᠡᠦᠬᠡ ᠵᠢᠨ ᠤᠷᠤᠰᠬᠠᠯ ᠮᠥᠨ᠂ ᠬᠡᠳᠦᠶ᠋ᠢᠪᠡᠷ ᠰᠢᠷᠦᠭᠦᠨ ᠰᠠᠯᠬᠢ ᠪᠠ ᠭᠡᠳᠡᠷᠭᠦ ᠢᠷᠡᠬᠦ ᠳᠠᠪᠠᠯᠭ᠋ᠠᠨ᠎ᠳᠤ ᠤᠴᠠᠷᠠᠵᠤ ᠥᠩᠭᠡᠷᠡᠭᠰᠡᠨ ᠪᠤᠯᠪᠠᠴᠤ ᠲᠡᠭᠦᠨ᠎ᠤ ᠬᠥᠭᠵᠢᠯᠲᠡ ᠵᠢᠨ ᠶᠡᠷᠦᠩᠬᠡᠢ ᠬᠠᠨᠳᠤᠰᠢ ᠶᠡᠷᠦ᠎ᠠᠴᠠ ᠬᠤᠪᠢᠷᠠᠭᠰᠠᠨ ᠦᠭᠡᠢ ᠶᠤᠮ᠃ ᠡᠯ᠎ᠡ ᠵᠦᠢ᠍ᠯ᠎ᠤᠨ ᠨᠡᠷ᠎ᠡ᠎ᠪᠠᠷ ᠠᠵᠤ ᠠᠬᠤᠢ ᠵᠢᠨ ᠬᠠᠮᠲᠤᠷᠠᠯᠴᠠᠭ᠎ᠠ ᠵᠢ ᠬᠠᠷᠰᠢᠯᠠᠵᠤ᠂ ᠬᠠᠷᠢᠯᠴᠠᠨ ᠲᠦᠰᠢᠯᠴᠡᠨ ᠣᠷᠣᠰᠢᠬᠤ ᠳᠡᠯᠡᠬᠡᠢ ᠶᠢᠷᠲᠢᠨᠴᠦ ᠵᠢ ᠲᠠᠰᠤᠳᠠᠨ ᠬᠠᠭ᠋ᠠᠴᠠᠭᠤᠯᠬᠤ᠎ᠨᠢ ᠲᠡᠦᠬᠡ ᠵᠢ ᠤᠬᠤᠷᠢᠭᠤᠯᠵᠤ ᠪᠠᠶ᠋ᠢᠭ᠎ᠠ ᠶᠠᠪᠤᠳᠠᠯ ᠪᠣᠯᠣᠨ᠎ᠠ᠃
      ᠣᠳᠣᠬᠠᠨ᠎ᠳᠤ ᠠᠵᠤ ᠠᠬᠤᠢ ᠵᠢᠨ ᠳᠡᠯᠡᠬᠡᠶ᠋ᠢᠵᠢᠯᠲᠡ ᠵᠢᠨ ᠬᠥᠳᠡᠯᠭᠡᠬᠦ ᠬᠦᠴᠦᠨ ᠪᠣᠯᠣᠨ ᠰᠠᠭ᠋ᠠᠲᠠᠭᠤᠯᠬᠤ ᠬᠦᠴᠦᠨ ᠥᠷᠢᠰᠦᠯᠳᠦᠨ ᠲᠡᠮᠡᠴᠡᠵᠦ ᠪᠠᠶ᠋ᠢᠭ᠎ᠠ ᠪᠤᠯᠪᠠᠴᠤ ᠬᠥᠳᠡᠯᠭᠡᠬᠦ ᠬᠦᠴᠦᠨ ᠮᠥᠨ ᠬᠦ᠌ ᠰᠠᠭ᠋ᠠᠲᠠᠭᠤᠯᠬᠤ ᠬᠦᠴᠦᠨ᠎ᠠᠴᠠ ᠳᠠᠪᠠᠵᠤ ᠪᠠᠶ᠋ᠢᠨ᠎ᠠ᠃ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠬᠤᠪᠢᠰᠬᠠᠯ ᠪᠠ ᠠᠵᠤ ᠦᠢ᠍ᠯᠡᠰ᠎ᠤᠨ ᠬᠤᠪᠢᠰᠤᠯᠲᠠ ᠭᠦᠨᠵᠡᠭᠡᠶ᠋ᠢᠷᠡᠨ ᠬᠥᠭᠵᠢᠵᠦ᠂ ᠳᠡᠯᠡᠬᠡᠢ ᠵᠢᠨ ᠠᠵᠤ ᠠᠬᠤᠢ ᠵᠢᠨ ᠲᠣᠭ᠋ᠠᠴᠢᠯᠠᠯᠲᠠ᠂ ᠪᠣᠬᠢᠷᠳᠤᠯ ᠦᠭᠡᠶ᠋ᠢᠵᠢᠯᠳᠡ᠂ ᠣᠶᠤᠨᠴᠢᠯᠠᠯᠲᠠ ᠵᠢᠨ ᠠᠬᠢᠴᠠ ᠲᠠᠰᠤᠷᠠᠯᠳᠠ ᠦᠭᠡᠢ ᠲᠦᠷᠭᠡᠳᠴᠦ᠂ ᠠᠵᠤ ᠠᠬᠤᠢ ᠵᠢᠨ ᠳᠡᠯᠡᠬᠡᠶ᠋ᠢᠵᠢᠯᠲᠡ ᠵᠢᠨ ᠲᠠᠭᠢᠨ ᠬᠤᠷᠳᠤ ᠨᠡᠮᠡᠨ ᠤᠷᠤᠭᠰᠢᠯᠠᠬᠤ᠎ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠵᠢ ᠬᠤᠷᠠᠮᠳᠤᠭᠤᠯᠪᠠ᠃
       ᠪᠢᠳᠡ ᠠᠵᠤ ᠠᠬᠤᠢ ᠵᠢᠨ ᠳᠡᠯᠡᠬᠡᠶ᠋ᠢᠵᠢᠯᠲᠡ ᠵᠢᠨ ᠴᠢᠭᠯᠡᠯ᠎ᠢ ᠵᠥᠪ ᠴᠢᠭᠯᠡᠯ ᠲᠡᠶ᠋ᠢᠰᠢ ᠬᠥᠲᠥᠯᠥᠨ ᠵᠢᠯᠤᠭᠤᠳᠴᠤ᠂ ᠴᠥᠭᠡᠨ ᠲᠣᠭ᠋ᠠᠨ᠎ᠤ ᠤᠯᠤᠰ᠎ᠤᠨ ᠭᠠᠭᠴᠠᠭ᠋ᠠᠷ ᠡᠵᠡᠷᠬᠡᠬᠦ ᠬᠠᠭᠤᠴᠢᠨ ᠵᠠᠮ ᠵᠶ᠋ᠠᠷ ᠵᠠᠮᠨᠠᠵᠤ ᠪᠤᠯᠬᠤ ᠦᠭᠡᠢ᠃ ᠪᠢᠳᠡ ᠠᠵᠤ ᠠᠬᠤᠢ ᠵᠢᠨ ᠳᠡᠯᠡᠬᠡᠶ᠋ᠢᠵᠢᠯᠲᠡ ᠨᠡᠩ ᠢᠯᠡᠭᠦᠦ ᠵᠥᠪ ᠲᠠᠯ᠎ᠠ ᠵᠢᠨ ᠦᠢ᠍ᠯᠡᠳᠦᠯ ᠵᠶ᠋ᠠᠨ ᠪᠠᠳᠠᠷᠠᠭᠤᠯᠬᠤ ᠵᠢ ᠠᠬᠢᠭᠤᠯᠵᠤ᠂ ᠨᠡᠩ ᠠᠮᠢᠵᠢᠷᠠᠯ᠎ᠤᠨ ᠬᠦᠴᠦᠨ᠎ᠲᠠᠢ᠂ ᠨᠡᠩ ᠪᠠᠭᠲᠠᠭ᠋ᠠᠮᠵᠢᠲᠠᠢ᠂ ᠨᠡᠩ ᠦᠷᠭᠦᠯᠵᠢᠯᠡᠬᠦ ᠰᠢᠨ᠎ᠡ ᠱᠠᠲᠤᠨ᠎ᠳᠤ ᠣᠷᠣᠶ᠎ᠠ᠃
      ᠠᠪᠠᠭ᠍ᠠᠢ ᠨᠠᠷ᠂ ᠠᠪᠤᠭ᠋ᠠᠢ ᠨᠠᠷ᠂ ᠨᠠᠶ᠋ᠢᠵᠠ ᠨᠠᠷ ᠠ᠋!
      ᠬᠦᠴᠢᠷ ᠪᠡᠷᠬᠡᠰᠢᠶᠡᠯ᠎ᠲᠠᠢ ᠴᠠᠭ ᠮᠥᠴᠡ ᠪᠤᠯᠬᠤ ᠲᠤᠳᠤᠮ ᠢᠲᠡᠭᠡᠯ ᠵᠣᠷᠢᠭ ᠵᠶ᠋ᠠᠨ ᠤᠯᠠᠮ ᠪᠠᠲᠤᠳᠬᠠᠬᠤ ᠬᠡᠷᠡᠭᠲᠡᠢ᠃ ᠪᠢᠳᠡ ᠭᠠᠷ ᠬᠤᠯᠪᠣᠯᠴᠠᠨ ᠲᠦᠭᠡᠮᠡᠯ ᠬᠠᠷᠠᠭ᠋ᠠᠯᠵᠠᠯᠲᠤ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠶ᠋ᠢᠵᠢᠯᠲᠡ ᠵᠢ ᠠᠬᠢᠭᠤᠯᠵᠤ᠂ ᠠᠳᠠᠯᠢ ᠪᠤᠰᠤ ᠤᠯᠤᠰ᠂ ᠠᠳᠠᠯᠢ ᠪᠤᠰᠤ ᠬᠥᠮᠥᠰ᠎ᠲᠤ ᠨᠡᠩ ᠰᠠᠶ᠋ᠢᠲᠤᠷ ᠠᠰᠢᠭ ᠬᠦᠷᠲᠡᠭᠡᠬᠦ ᠬᠡᠷᠡᠭᠲᠡᠢ᠃
       ᠨᠢᠭᠡ᠎ᠳᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠬᠤ ᠵᠢ ᠪᠠᠷᠢᠮᠲᠠᠯᠠᠵᠤ᠂ ᠳᠡᠯᠡᠬᠡᠢ ᠵᠢᠨ ᠠᠵᠤ ᠠᠬᠤᠢ ᠵᠢᠨ ᠬᠦᠴᠦᠲᠡᠢ ᠨᠡᠮᠡᠭᠳᠡᠯ᠎ᠢ ᠠᠬᠢᠭᠤᠯᠤᠶ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠠᠴᠠ ᠦᠢ᠍ᠯᠡᠳᠪᠦᠷᠢᠯᠡᠯ᠎ᠤᠨ ᠬᠦᠴᠦᠨ᠎ᠢ ᠣᠯᠵᠤ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ᠎ᠪᠠᠷ ᠮᠠᠨᠳᠤᠭᠰᠠᠨ ᠮᠡᠷᠭᠡᠵᠢᠯ᠎ᠤᠨ ᠬᠦᠴᠦᠨ ᠣᠯᠭᠤᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠵᠶ᠋ᠠᠷ ᠳᠡᠯᠡᠬᠡᠢ ᠵᠢᠨ ᠠᠵᠤ ᠠᠬᠤᠢ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠶ᠎ᠡ᠃ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠦᠷ᠎ᠡ ᠪᠦᠲᠦᠭᠡᠯ ᠵᠶ᠋ᠠᠷ ᠪᠦᠭᠦ ᠬᠥᠮᠥᠨ ᠲᠥᠷᠥᠯᠬᠢᠲᠡᠨ᠎ᠳᠤ ᠪᠤᠶᠠᠨ ᠦᠢ᠍ᠯᠡᠳᠬᠦ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠬᠥᠭᠵᠢᠵᠦ ᠪᠠᠶ᠋ᠢᠭ᠎ᠠ ᠤᠯᠤᠰ᠎ᠤᠳ᠎ᠢ ᠬᠠᠪᠰᠤᠷᠤᠨ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠮᠡᠳᠡᠯᠭᠡ ᠪᠠ ᠮᠡᠷᠭᠡᠵᠢᠯ᠎ᠤᠨ ᠪᠦᠭᠦ ᠪᠥᠮᠪᠥᠷᠴᠡᠭ᠎ᠤᠨ ᠰᠢᠯᠵᠢᠯᠲᠡ᠎ᠳᠤ ᠬᠦᠴᠦᠨ ᠨᠡᠮᠡᠷᠢᠯᠡᠶ᠎ᠡ᠃
       ᠬᠤᠶᠠᠷ᠎ᠲᠤ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠬᠤ ᠵᠢ ᠪᠠᠷᠢᠮᠲᠠᠯᠠᠵᠤ᠂ ᠪᠦᠭᠦ ᠪᠥᠮᠪᠥᠷᠴᠡᠭ᠎ᠤᠨ ᠠᠵᠤ ᠠᠬᠤᠢ ᠵᠢᠨ ᠵᠠᠰᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ ᠵᠢ ᠠᠬᠢᠭᠤᠯᠤᠶ᠎ᠠ᠃ ᠬᠠᠮᠲᠤ᠎ᠪᠠᠷ ᠵᠥᠪᠳᠡᠬᠦ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠡᠳ᠋ᠯᠡᠬᠦ ᠵᠠᠷᠴᠢᠮ᠎ᠢ ᠪᠠᠷᠢᠮᠲᠠᠯᠠᠵᠤ᠂ ᠪᠦᠭᠦ ᠪᠥᠮᠪᠥᠷᠴᠡᠭ᠎ᠤᠨ ᠠᠵᠤ ᠠᠬᠤᠢ ᠵᠢᠨ ᠵᠠᠰᠠᠯᠲᠠ ᠵᠢᠨ ᠰᠢᠰᠲ᠋ᠧᠮ᠎ᠤᠨ ᠳᠡᠯᠡᠬᠡᠢ ᠵᠢᠨ ᠠᠵᠤ ᠠᠬᠤᠢ ᠵᠢᠨ ᠪᠠᠶ᠋ᠢᠷᠢᠰᠢᠯ᠎ᠤᠨ ᠰᠢᠨ᠎ᠡ ᠪᠣᠳᠠᠲᠤ ᠪᠠᠶ᠋ᠢᠳᠠᠯ᠎ᠢ ᠨᠡᠩ ᠰᠠᠶ᠋ᠢᠲᠤᠷ ᠲᠤᠰᠬᠠᠬᠤ ᠵᠢ ᠠᠬᠢᠭᠤᠯᠵᠤ᠂ 《ᠪᠦᠭᠦ ᠪᠥᠮᠪᠥᠷᠴᠡᠭ᠎ᠤᠨ ᠬᠥᠭᠵᠢᠵᠦ ᠪᠠᠶ᠋ᠢᠭ᠎ᠠ ᠤᠯᠤᠰ᠎ᠤᠳ》᠎ᠤᠨ ᠲᠥᠯᠥᠭᠡᠯᠡᠬᠦ ᠴᠢᠨᠠᠷ ᠪᠣᠯᠣᠨ ᠦᠭᠡ ᠬᠡᠯᠡᠬᠦ ᠡᠷᠬᠡ ᠵᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠯ᠎ᠡ ᠤᠯᠤᠰ᠎ᠤᠨ ᠤᠯᠠᠨ ᠤᠯᠤᠰ᠎ᠤᠨ ᠠᠵᠤ ᠠᠬᠤᠢ ᠵᠢᠨ ᠬᠠᠮᠲᠤᠷᠠᠯᠴᠠᠭ᠎ᠠ ᠳᠤᠮᠳᠠ ᠡᠷᠬᠡ ᠠᠰᠢᠭ ᠡᠷᠬᠡ ᠲᠡᠭᠰᠢ᠂ ᠠᠵᠠ ᠲᠣᠭᠢᠶᠠᠯ ᠡᠷᠬᠡ ᠲᠡᠭᠰᠢ᠂ ᠳᠦᠷᠢᠮ ᠡᠷᠬᠡ ᠲᠡᠭᠰᠢ ᠪᠠᠶ᠋ᠢᠬᠤ ᠵᠢ ᠪᠠᠲᠤᠯᠠᠶ᠎ᠠ᠃ ᠳᠡᠯᠡᠬᠡᠢ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠪᠠᠷ ᠭᠤᠣᠯ ᠪᠤᠯᠭ᠋ᠠᠬᠰᠠᠨ ᠤᠯᠠᠨ ᠲᠠᠯᠠᠲᠤ ᠠᠷᠠᠯᠵᠢᠶᠠᠨ᠎ᠤ ᠪᠠᠶ᠋ᠢᠭᠤᠯᠤᠯ᠎ᠢ ᠬᠠᠮᠠᠭ᠋ᠠᠯᠠᠵᠤ᠂ ᠨᠡᠭᠡᠭᠡᠯᠲᠡᠲᠤ ᠮᠠᠶᠢᠭ᠎ᠤᠨ ᠳᠡᠯᠡᠬᠡᠢ ᠵᠢᠨ ᠠᠵᠤ ᠠᠬᠤᠢ ᠵᠢᠨ ᠰᠢᠰᠲ᠋ᠧᠮ᠎ᠢ ᠪᠠᠶ᠋ᠢᠭᠤᠯᠬᠤ ᠵᠢ ᠠᠬᠢᠭᠤᠯᠵᠤ᠂ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠪᠥᠭᠡᠳ ᠰᠠᠭ᠋ᠠᠳ ᠦᠭᠡᠢ ᠨᠡᠪᠲᠡᠷᠡᠬᠦ ᠵᠢ ᠬᠠᠮᠠᠭ᠋ᠠᠯᠠᠶ᠎ᠠ᠃
      ᠭᠤᠷᠪᠠ᠎ᠳᠤ᠂ ᠬᠥᠮᠥᠨ ᠵᠶ᠋ᠠᠷ ᠦᠨᠳᠦᠰᠦ ᠪᠤᠯᠭ᠋ᠠᠬᠤ ᠵᠢ ᠪᠠᠷᠢᠮᠲᠠᠯᠠᠵᠤ᠂ ᠬᠥᠭᠵᠢᠯᠲᠡ ᠲᠡᠩᠴᠡᠭᠦᠷᠢ᠎ᠪᠠᠨ ᠠᠯᠳᠠᠭᠰᠠᠨ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠤᠶ᠎ᠠ᠃ ᠳᠡᠯᠡᠬᠡᠢ ᠵᠢᠨ ᠴᠡᠴᠡᠭᠯᠡᠯ ᠬᠥᠭᠵᠢᠯ ᠪᠠ ᠲᠣᠭᠲᠠᠭᠤᠨ᠎ᠨᠢ ᠶᠠᠳᠠᠭᠤ᠎ᠨᠢ ᠶᠠᠪᠤᠬᠤ ᠲᠤᠳᠤᠮ ᠶᠠᠳᠠᠭᠤᠷᠠᠬᠤ᠂ ᠪᠠᠶᠠᠨ᠎ᠨᠢ ᠶᠠᠪᠤᠬᠤ ᠲᠤᠳᠤᠮ ᠪᠠᠶᠠᠵᠢᠬᠤ ᠰᠠᠭᠤᠷᠢᠨ ᠳᠡᠭᠡᠷ᠎ᠡ ᠪᠠᠶ᠋ᠢᠭᠤᠯᠤᠭᠳᠠᠬᠤ ᠪᠣᠯᠣᠯᠴᠠᠭ᠎ᠠ ᠦᠭᠡᠢ ᠶᠤᠮ᠂ ᠡᠯ᠎ᠡ ᠤᠯᠤᠰ᠎ᠤᠨ ᠬᠠᠮᠲᠤ ᠵᠢᠨ ᠬᠥᠭᠵᠢᠯᠲᠡ ᠪᠣᠯ ᠰᠠᠶᠢ ᠵᠢᠩᠬᠢᠨᠢ ᠬᠥᠭᠵᠢᠯᠲᠡ ᠮᠥᠨ᠃ ᠠᠵᠤ ᠠᠬᠤᠢ ᠵᠢᠨ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠬᠤ ᠵᠢ ᠴᠢᠬᠤᠯᠠᠴᠢᠯᠠᠵᠤ᠂ ᠪᠠᠭᠲᠠᠭ᠋ᠠᠮᠵᠢᠲᠠᠢ ᠲᠦᠭᠡᠮᠡᠯ ᠬᠠᠷᠠᠭ᠋ᠠᠯᠵᠠᠯᠲᠤ ᠬᠥᠭᠵᠢᠯᠲᠡ ᠵᠢᠨ ᠣᠷᠴᠢᠨ ᠨᠥᠬᠦᠴᠡᠯ᠎ᠢ ᠡᠭᠦᠳᠦᠶ᠎ᠡ᠃ ᠬᠥᠮᠥᠨ ᠵᠶ᠋ᠠᠷ ᠦᠨᠳᠦᠰᠦ ᠪᠤᠯᠭ᠋ᠠᠬᠤ᠂ ᠬᠥᠭᠵᠢᠯᠲᠡ ᠵᠢ ᠨᠡᠩ ᠲᠡᠩᠴᠡᠭᠦᠷᠢᠲᠡᠢ᠂ ᠠᠵᠠ ᠲᠣᠭᠢᠶᠠᠯ᠎ᠢ ᠨᠡᠩ ᠲᠡᠩᠴᠡᠭᠦᠷᠢᠲᠡᠢ ᠪᠤᠯᠭ᠋ᠠᠬᠤ ᠠᠵᠤ ᠠᠬᠤᠢ ᠵᠢᠨ ᠳᠡᠯᠡᠬᠡᠶ᠋ᠢᠵᠢᠯᠲᠡ ᠵᠢᠨ ᠵᠠᠮ ᠵᠶ᠋ᠠᠷ ᠵᠠᠮᠨᠠᠵᠤ᠂ ᠠᠳᠠᠯᠢ ᠪᠤᠰᠤ ᠤᠯᠤᠰ᠂ ᠠᠳᠠᠯᠢ ᠪᠤᠰᠤ ᠳᠠᠪᠬᠤᠷᠭ᠎ᠠ᠂ ᠠᠳᠠᠯᠢ ᠪᠤᠰᠤ ᠬᠥᠮᠥᠰ᠎ᠲᠤ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠦᠶ᠎ᠡ᠃ ᠳᠤᠮᠳᠠᠳᠤ ᠤᠯᠤᠰ ᠡᠯ᠎ᠡ ᠲᠠᠯ᠎ᠠ ᠵᠢᠨ᠎ᠬᠢᠨ᠎ᠤ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ᠎ᠳᠤ ᠢᠳᠡᠪᠬᠢᠲᠡᠢ ᠣᠷᠣᠯᠴᠠᠵᠤ᠂ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ 2030 ᠣᠨ᠎ᠤ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠢ ᠲᠦᠷᠭᠡᠨ ᠨᠠᠶ᠋ᠢᠳᠠᠪᠤᠷᠢᠵᠢᠭᠤᠯᠵᠤ᠂ ᠡᠯ᠎ᠡ ᠤᠯᠤᠰ᠎ᠤᠨ ᠲᠡᠩᠴᠡᠭᠦᠷᠢᠲᠡᠢ ᠭᠦᠢ᠍ᠴᠡᠳ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠶ᠋ᠢᠨ᠎ᠠ᠃
       ᠠᠪᠠᠭ᠍ᠠᠢ ᠨᠠᠷ᠂ ᠠᠪᠤᠭ᠋ᠠᠢ ᠨᠠᠷ᠂ ᠨᠠᠶ᠋ᠢᠵᠠ ᠨᠠᠷ ᠠ᠋!
       ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ᠎ᠨᠢ ᠬᠦᠢ᠍ᠲᠡᠨ ᠲᠠᠶ᠋ᠢᠨ ᠳᠠᠭᠤᠰᠬᠤ᠎ᠠᠴᠠ ᠡᠮᠦᠨᠡᠬᠡᠨ ᠪᠠ ᠰᠢᠨ᠎ᠡ ᠨᠢᠭᠡ ᠡᠭᠡᠯᠵᠢ ᠵᠢᠨ ᠠᠵᠤ ᠠᠬᠤᠢ ᠵᠢᠨ ᠳᠡᠯᠡᠬᠡᠶ᠋ᠢᠵᠢᠯᠲᠡ ᠠᠭ᠋ᠠᠵᠢᠮ ᠵᠶ᠋ᠠᠷ ᠥᠷᠨᠢᠨ ᠬᠥᠭᠵᠢᠬᠦ ᠦᠶ᠎ᠡ᠎ᠳᠤ ᠮᠡᠨᠳᠦᠯᠡᠵᠦ᠂ ᠠᠵᠤ ᠠᠬᠤᠢ ᠵᠢᠨ ᠳᠡᠯᠡᠬᠡᠶ᠋ᠢᠵᠢᠯᠲᠡ ᠵᠢ ᠠᠬᠢᠭᠤᠯᠬᠤ᠎ᠪᠠᠷ ᠥᠪᠡᠷ᠎ᠤᠨ ᠡᠭᠦᠷᠭᠡ᠎ᠪᠠᠨ ᠪᠤᠯᠭ᠋ᠠᠵᠤ᠂ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠠᠷᠠᠯᠵᠢᠶ᠎ᠠ ᠪᠠ ᠪᠡᠯᠡ ᠣᠷᠣᠭᠤᠯᠤᠯᠲᠠ ᠵᠢᠨ ᠴᠢᠯᠦᠭᠡᠵᠢᠯᠲᠡ ᠪᠠ ᠨᠠᠩ ᠳᠥᠭᠦᠮ ᠪᠤᠯᠬᠤ ᠵᠢ ᠠᠬᠢᠭᠤᠯᠬᠤ᠂ ᠪᠦᠷᠢᠯᠳᠦᠭᠦᠨ᠎ᠤ ᠠᠵᠤ ᠠᠬᠤᠢ ᠵᠢᠨ ᠬᠠᠷᠢᠯᠴᠠᠨ ᠠᠰᠢᠭᠲᠠᠢ ᠬᠠᠷᠢᠯᠴᠠᠨ ᠠᠰᠢᠭ ᠬᠦᠷᠲᠡᠭᠡᠬᠦ ᠵᠢ ᠠᠬᠢᠭᠤᠯᠬᠤ᠂ ᠲᠤᠰ ᠭᠠᠵᠠᠷ ᠣᠷᠣᠨ᠎ᠤ ᠠᠷᠠᠳ ᠲᠦᠮᠡᠨ᠎ᠤ ᠠᠰᠢᠭ ᠲᠤᠰᠠ ᠪᠤᠶᠠᠨ ᠵᠢᠷᠭ᠋ᠠᠯ᠎ᠢ ᠨᠡᠮᠡᠭᠳᠡᠭᠦᠯᠬᠦ᠎ᠳᠤ ᠯᠤᠲᠤ ᠶᠡᠭᠡ ᠬᠤᠪᠢ ᠨᠡᠮᠡᠷᠢ ᠦᠵᠡᠭᠦᠯᠵᠡᠢ᠃ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠬᠦᠴᠦᠲᠡᠢ ᠨᠡᠮᠡᠭᠳᠡᠯ ᠵᠶ᠋ᠠᠨ ᠪᠠᠲᠤᠯᠠᠵᠤ᠂ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ 《ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠭᠠᠶ᠋ᠢᠬᠠᠮᠰᠢᠭ》᠎ᠢ ᠡᠭᠦᠳᠪᠡ᠃
      ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠮᠵᠢᠯᠲᠠ᠎ᠨᠢ ᠪᠢᠳᠡᠨ᠎ᠤ ᠭᠠᠵᠠᠷ ᠣᠷᠣᠨ᠎ᠤ ᠡᠩᠬᠡ ᠲᠠᠶ᠋ᠢᠪᠤᠩ ᠲᠣᠭᠲᠠᠭᠤᠨ᠎ᠢ ᠬᠠᠮᠠᠭ᠋ᠠᠯᠠᠬᠤ᠎ᠪᠠᠷ ᠢᠮᠠᠭᠲᠠ ᠴᠢᠷᠮᠠᠶ᠋ᠢᠭᠰᠠᠨ᠎ᠠᠴᠠ ᠰᠢᠯᠲᠠᠭ᠋ᠠᠯᠠᠭᠳᠠᠭᠰᠠᠨ ᠶᠤᠮ᠂ ᠪᠢᠳᠡᠨ᠎ᠤ ᠵᠢᠩᠬᠢᠨᠢ ᠤᠯᠠᠨ ᠲᠠᠯᠠᠲᠤ ᠦᠵᠡᠯ ᠪᠣᠯᠣᠨ ᠨᠡᠭᠡᠭᠡᠯᠲᠡᠲᠤ ᠣᠷᠣᠨ ᠪᠦᠰᠡ ᠵᠢᠨ ᠦᠵᠡᠯ᠎ᠢ ᠢᠮᠠᠭᠲᠠ ᠪᠠᠷᠢᠮᠲᠠᠯᠠᠭᠰᠠᠨ᠎ᠠᠴᠠ ᠰᠢᠯᠲᠠᠭ᠋ᠠᠯᠠᠭᠳᠠᠭᠰᠠᠨ ᠶᠤᠮ᠂ ᠪᠢᠳᠡᠨ᠎ᠤ ᠠᠵᠤ ᠠᠬᠤᠢ ᠵᠢᠨ ᠳᠡᠯᠡᠬᠡᠶ᠋ᠢᠵᠢᠯᠲᠡ ᠵᠢᠨ ᠶᠡᠷᠦᠩᠬᠡᠢ ᠬᠠᠨᠳᠤᠰᠢ᠎ᠳᠤ ᠢᠮᠠᠭᠲᠠ ᠵᠣᠬᠢᠴᠠᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠪᠠ ᠬᠠᠷᠢᠯᠴᠠᠨ ᠠᠮᠵᠢᠯᠲᠠ ᠣᠯᠬᠤ ᠵᠢ ᠪᠠᠷᠢᠮᠲᠠᠯᠠᠭᠰᠠᠨ᠎ᠠᠴᠠ ᠰᠢᠯᠲᠠᠭ᠋ᠠᠯᠠᠭᠳᠠᠭᠰᠠᠨ ᠶᠤᠮ᠃
      ᠢᠷᠡᠭᠡᠳᠦᠢ ᠵᠢ ᠪᠠᠷᠠᠯᠠᠬᠤᠶ᠎ᠠ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ ᠦᠷᠭᠦᠯᠵᠢᠯᠡᠨ ᠠᠵᠤ ᠠᠬᠤᠢ ᠵᠢᠨ ᠳᠡᠯᠡᠬᠡᠶ᠋ᠢᠵᠢᠯᠲᠡ ᠵᠢ ᠠᠬᠢᠭᠤᠯᠬᠤ ᠪᠤᠬ᠎ᠠ ᠲᠡᠷᠭᠡ ᠪᠤᠯᠬᠤ ᠬᠡᠷᠡᠭᠲᠡᠢ᠃ ᠪᠢᠳᠡ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠨᠡᠭᠡᠭᠡᠯᠲᠡᠲᠡᠢ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠂ ᠪᠠᠭᠲᠠᠭ᠋ᠠᠮᠵᠢᠲᠠᠢ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠠᠯᠲᠠᠨ ᠦᠰᠦᠭᠲᠦ ᠫᠠᠶ᠋ᠢᠰᠠ ᠵᠢ ᠭᠢᠯᠠᠯᠵᠠᠭᠤᠯᠵᠤ᠂ ᠪᠣᠬᠢᠷᠳᠤᠯ ᠦᠭᠡᠢ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠂ ᠲᠣᠭ᠋ᠠᠴᠢᠯᠠᠭᠰᠠᠨ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠰᠢᠨ᠎ᠡ ᠫᠠᠶ᠋ᠢᠰᠠ ᠵᠢ ᠴᠣᠭᠴᠠᠯᠠᠵᠤ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠬᠥᠭᠵᠢᠯᠲᠡ ᠵᠢᠨ ᠳᠠᠷᠠᠭ᠋ᠠᠴᠢ ᠵᠢᠨ 《ᠰᠢᠵᠢᠷ ᠠᠯᠲᠠᠨ ᠭᠤᠴᠢᠨ ᠵᠢᠯ》᠎ᠢ ᠴᠣᠭᠴᠠᠯᠠᠶ᠎ᠠ᠃
      ᠠᠪᠠᠭ᠍ᠠᠢ ᠨᠠᠷ᠂ ᠠᠪᠤᠭ᠋ᠠᠢ ᠨᠠᠷ᠂ ᠨᠠᠶ᠋ᠢᠵᠠ ᠨᠠᠷ ᠠ᠋!
       ᠡᠨᠡ ᠵᠢᠯ᠎ᠤᠨ 7 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠢ ᠬᠤᠷᠠᠯᠳᠤᠭᠤᠯᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠰᠢᠰᠲ᠋ᠧᠮ᠎ᠲᠠᠢ ᠪᠠᠶ᠋ᠢᠷᠢᠯᠠᠭᠤᠯᠤᠯᠲᠠ ᠬᠢᠪᠡ᠃ ᠪᠦᠭᠦᠳᠡ ᠬᠤᠷᠠᠯ᠎ᠠᠴᠠ 5 ᠵᠢᠯ᠎ᠤᠨ ᠳᠣᠲᠣᠷ᠎ᠠ 300 ᠭᠠᠷᠤᠢ ᠵᠦᠢ᠍ᠯ᠎ᠤᠨ ᠴᠢᠬᠤᠯᠠ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠡᠶᠡᠯᠡᠭᠦᠯᠦᠨ᠎ᠡ ᠭᠡᠵᠦ ᠳᠤᠷᠠᠳᠴᠠᠢ᠂ ᠡᠨᠡ᠎ᠨᠢ ᠳᠤᠮᠳᠠᠳᠤ ᠤᠯᠤᠰ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠥᠭᠡᠳ ᠳᠡᠯᠡᠬᠡᠢ ᠵᠢᠨ ᠬᠥᠭᠵᠢᠯᠲᠡ᠎ᠳᠤ ᠨᠡᠩ ᠤᠯᠠᠨ ᠰᠢᠨ᠎ᠡ ᠠᠵᠠ ᠲᠣᠭᠢᠶᠠᠯ᠎ᠢ ᠡᠭᠦᠳᠬᠦ ᠪᠣᠯᠣᠨ᠎ᠠ᠃
      – ᠳᠤᠮᠳᠠᠳᠤ ᠤᠯᠤᠰ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠦᠷᠭᠦᠯᠵᠢᠯᠡᠨ ᠪᠦᠭᠦ ᠪᠥᠮᠪᠥᠷᠴᠡᠭ᠎ᠤᠨ ᠠᠵᠤ ᠠᠬᠤᠢ᠎ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠨᠡᠮᠡᠷᠢᠯᠡᠨ᠎ᠡ᠃ ᠳᠤᠮᠳᠠᠳᠤ ᠤᠯᠤᠰ ᠥᠨᠳᠥᠷ ᠲᠦᠪᠰᠢᠨ ᠪᠦᠬᠦᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠶ᠋ᠢᠭᠤᠯᠤᠯ᠎ᠢ ᠪᠠᠶ᠋ᠢᠭᠤᠯᠵᠤ᠂ ᠨᠡᠩ ᠡᠷᠬᠡ ᠲᠡᠭᠰᠢ᠂ ᠨᠡᠩ ᠠᠮᠢᠵᠢᠷᠠᠯ᠎ᠤᠨ ᠬᠦᠴᠦᠨ᠎ᠲᠠᠢ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠡᠭᠦᠳᠴᠦ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠦᠷ᠎ᠡ ᠠᠰᠢᠭ ᠬᠠᠮᠤᠭ᠎ᠤᠨ ᠰᠢᠯᠢᠳᠡᠭᠵᠢᠭᠰᠡᠨ ᠪᠠ ᠦᠷ᠎ᠡ ᠠᠰᠢᠭ᠎ᠢ ᠬᠠᠮᠤᠭ᠎ᠤᠨ ᠶᠡᠭᠡ ᠪᠤᠯᠭ᠋ᠠᠬᠤ ᠵᠢ ᠪᠡᠶᠡᠯᠡᠭᠦᠯᠬᠦ ᠵᠢ ᠠᠬᠢᠭᠤᠯᠤᠨ᠎ᠠ᠃ ᠳᠤᠮᠳᠠᠳᠤ ᠤᠯᠤᠰ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ᠂ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠪᠠᠶ᠋ᠢᠭᠤᠯᠬᠤ᠂ ᠰᠢᠨ᠎ᠡ ᠭᠡᠯᠪᠡᠷᠢ ᠵᠢᠨ ᠬᠤᠳᠠ ᠪᠠᠯᠭ᠋ᠠᠰᠤᠵᠢᠯᠲᠠ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠤ ᠪᠣᠭᠤᠮᠲᠠ ᠰᠢᠪᠲᠤᠯᠬᠤ ᠵᠢ ᠠᠬᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠬᠡᠷᠡᠭᠯᠡᠭᠡ ᠵᠢ ᠨᠡᠮᠡᠭᠳᠡᠭᠦᠯᠵᠦ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠵᠦ᠂ ᠥᠭᠡᠷᠡᠴᠢᠯᠡᠯᠲᠡ ᠵᠢᠨ ᠦᠷ᠎ᠡ ᠪᠦᠲᠦᠮᠵᠢ ᠵᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠳᠤᠮᠳᠠᠳᠤ ᠤᠯᠤᠰ ᠠᠯᠢ ᠤᠯᠠᠨ ᠴᠢᠬᠤᠯᠠ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠨᠡᠶ᠋ᠢᠲᠡᠯᠡᠵᠦ᠂ ᠠᠵᠤ ᠠᠬᠤᠢ ᠵᠢᠨ ᠦᠷᠭᠦᠯᠵᠢᠯᠡᠨ ᠨᠡᠮᠡᠭᠳᠡᠨ ᠰᠠᠶ᠋ᠢᠵᠢᠷᠠᠬᠤ ᠵᠢ ᠬᠦᠴᠦᠲᠡᠢ ᠠᠬᠢᠭᠤᠯᠵᠤ᠂ ᠡᠨᠡ ᠵᠢᠯ᠎ᠤᠨ ᠠᠵᠤ ᠠᠬᠤᠢ ᠵᠢᠨ ᠨᠡᠮᠡᠭᠳᠡᠯ᠎ᠤᠨ ᠬᠠᠷᠠᠯᠲᠠ ᠵᠢ ᠪᠡᠶᠡᠯᠡᠭᠦᠯᠵᠦ᠂ ᠳᠡᠯᠡᠬᠡᠢ ᠵᠢᠨ ᠠᠵᠤ ᠠᠬᠤᠢ ᠵᠢᠨ ᠨᠡᠮᠡᠭᠳᠡᠯ᠎ᠤᠨ ᠬᠠᠮᠤᠭ᠎ᠤᠨ ᠶᠡᠭᠡ ᠬᠥᠳᠡᠯᠭᠡᠭᠦᠷ᠎ᠤᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠬᠤ ᠢᠲᠡᠭᠡᠯ ᠭᠦᠢ᠍ᠴᠡᠳ ᠪᠠᠶ᠋ᠢᠨ᠎ᠠ᠃
      – ᠳᠤᠮᠳᠠᠳᠤ ᠤᠯᠤᠰ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠳᠡᠯᠡᠬᠡᠢ ᠵᠢᠨ ᠠᠵᠤ ᠠᠬᠤᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠦᠷᠭᠦᠯᠵᠢᠯᠡᠨ ᠬᠥᠲᠥᠯᠥᠨ ᠳᠠᠭ᠋ᠠᠭᠤᠯᠤᠨ᠎ᠠ᠃ ᠡᠨᠡ ᠵᠢᠯ᠎ᠤᠨ ᠳᠡᠭᠡᠷ᠎ᠡ ᠬᠠᠭ᠋ᠠᠰ ᠵᠢᠯ ᠳᠤᠮᠳᠠᠳᠤ ᠤᠯᠤᠰ᠎ᠤᠨ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ ᠪᠠ ᠳᠡᠭᠡᠳᠦ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ ᠪᠦᠷ ᠬᠤᠶᠠᠷ ᠣᠷᠣᠨᠲᠤ ᠲᠤᠭ᠎ᠠ᠎ᠠᠴᠠ ᠳᠡᠭᠡᠭᠰᠢ ᠪᠣᠯᠵᠤ᠂ ᠠᠵᠤ ᠠᠬᠤᠢ ᠵᠢᠨ ᠪᠦᠲᠦᠴᠡ ᠪᠠ ᠨᠡᠮᠡᠭᠳᠡᠯ᠎ᠤᠨ ᠵᠠᠭᠪᠤᠷ ᠲᠠᠰᠤᠷᠠᠯᠲᠠ ᠦᠭᠡᠢ ᠰᠢᠯᠢᠳᠡᠭᠵᠢᠪᠡ᠃ ᠳᠤᠮᠳᠠᠳᠤ ᠤᠯᠤᠰ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠪᠣᠳᠠᠲᠤ ᠴᠣᠭᠴᠠ ᠵᠢᠨ ᠠᠵᠤ ᠠᠬᠤᠢ ᠪᠣᠯᠣᠨ ᠲᠣᠭ᠋ᠠᠴᠢᠯᠠᠭᠰᠠᠨ ᠠᠵᠤ ᠠᠬᠤᠢ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠦᠢ᠍ᠯᠡᠴᠢᠯᠡᠭᠡᠨ᠎ᠤ ᠦᠢ᠍ᠯᠡᠰ᠎ᠢ ᠢᠳᠡᠪᠬᠢᠲᠡᠢ ᠬᠥᠭᠵᠢᠭᠦᠯᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠤᠶᠠᠨ ᠬᠠᠳᠠᠨ ᠴᠢᠨᠠᠷ᠎ᠢ ᠳᠡᠭᠡᠭᠰᠢᠯᠡᠭᠦᠯᠦᠨ᠎ᠡ᠃ ᠳᠤᠮᠳᠠᠳᠤ ᠤᠯᠤᠰ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ᠎ᠪᠠᠷ ᠴᠢᠷᠮᠠᠶ᠋ᠢᠵᠤ᠂ ᠡᠯ᠎ᠡ ᠣᠷᠣᠯᠴᠠᠬᠰᠠᠨ ᠲᠠᠯ᠎ᠠ ᠵᠢᠨ᠎ᠬᠢᠨ᠎ᠲᠠᠢ ᠬᠠᠮᠲᠤ᠎ᠪᠠᠷ ᠡᠬᠡ ᠬᠠᠭᠤᠷᠠᠢ ᠳᠠᠯᠠᠢ ᠲᠠᠩᠭᠢᠰ᠎ᠲᠠᠢ ᠬᠤᠯᠪᠤᠭ᠋ᠠᠯᠠᠨ ᠬᠥᠳᠡᠯᠦᠯᠴᠡᠬᠦ ᠪᠠ ᠬᠠᠮᠵᠢᠯᠴᠠᠨ ᠬᠥᠭᠵᠢᠬᠦ ᠬᠤᠯᠪᠣᠯᠳᠤᠨ ᠨᠡᠪᠲᠡᠷᠡᠯᠴᠡᠬᠦ ᠲᠣᠣᠷ᠎ᠢ ᠬᠠᠮᠲᠤ᠎ᠪᠠᠷ ᠪᠠᠶ᠋ᠢᠭᠤᠯᠬᠤ᠎ᠪᠠᠷ ᠴᠢᠷᠮᠠᠶ᠋ᠢᠨ᠎ᠠ᠃
      – ᠳᠤᠮᠳᠠᠳᠤ ᠤᠯᠤᠰ ᠪᠣᠬᠢᠷᠳᠤᠯ ᠦᠭᠡᠢ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠪᠦᠭᠦ ᠪᠥᠮᠪᠥᠷᠴᠡᠭ᠎ᠤᠨ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ᠎ᠳᠤ ᠴᠢᠬᠤᠯᠠ ᠬᠥᠳᠡᠯᠭᠡᠬᠦ ᠬᠦᠴᠦᠨ ᠬᠠᠩᠭ᠋ᠠᠨ᠎ᠠ᠃ ᠣᠶ᠋ᠢᠷ᠎ᠠ ᠵᠢᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ 《ᠪᠣᠬᠢᠷᠳᠤᠯ ᠦᠭᠡᠢ ᠵᠢᠨ ᠠᠭᠤᠯᠤᠭᠳᠠᠴᠠ》 ᠦᠷᠭᠦᠯᠵᠢᠯᠡᠨ ᠳᠡᠭᠡᠭᠰᠢᠯᠡᠵᠦ᠂ ᠳᠡᠯᠡᠬᠡᠢ ᠵᠢᠨ ᠬᠡᠪᠴᠢᠶᠡᠨ᠎ᠳᠤ ᠭᠠᠵᠠᠷ ᠰᠢᠷᠣᠢ ᠮᠠᠭᠤᠳᠠᠯ᠎ᠤᠨ ᠪᠠᠶ᠋ᠢᠳᠠᠯ 《ᠨᠡᠮᠡᠭᠳᠡᠯ ᠦᠭᠡᠢ》 ᠪᠠᠶ᠋ᠢᠬᠤ ᠵᠢ ᠡᠩ ᠲᠡᠷᠢᠭᠦᠨ᠎ᠳᠤ ᠪᠡᠶᠡᠯᠡᠭᠦᠯᠵᠦ᠂ ᠰᠢᠨ᠎ᠡ᠎ᠪᠠᠷ ᠨᠡᠮᠡᠭᠳᠡᠭᠰᠡᠨ ᠨᠣᠭᠤᠭ᠋ᠠᠷᠠᠭᠤᠯᠤᠯᠲᠠ ᠵᠢᠨ ᠲᠠᠯᠠᠪᠠᠶ ᠪᠦᠭᠦ ᠪᠥᠮᠪᠥᠷᠴᠡᠭ᠎ᠤᠨ ᠳᠥᠷᠪᠡᠨ᠎ᠤ ᠨᠢᠭᠡ ᠬᠤᠪᠢ ᠵᠢ ᠡᠵᠡᠯᠡᠪᠡ᠃ ᠳᠤᠮᠳᠠᠳᠤ ᠤᠯᠤᠰ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠢᠳᠡᠪᠬᠢᠲᠡᠢ ᠠᠬᠢᠭᠤᠯᠵᠤ᠂ ᠪᠣᠬᠢᠷᠳᠤᠯ ᠦᠭᠡᠢ ᠠᠭᠤᠷᠬᠠᠢ ᠵᠢᠨ ᠤᠯᠠᠨ ᠤᠯᠤᠰ᠎ᠤᠨ ᠬᠠᠮᠲᠤᠷᠠᠯᠴᠠᠭ᠎ᠠ ᠵᠢ ᠠᠬᠢᠭᠤᠯᠵᠤ᠂ ᠨᠢᠭᠡᠨᠲᠡ ᠳᠡᠯᠡᠬᠡᠢ ᠵᠢᠨ ᠡᠨᠧᠷᠭᠢ ᠵᠢᠨ ᠬᠤᠷᠣᠭᠳᠠᠯ᠎ᠤᠨ ᠬᠡᠮᠵᠢᠶ᠎ᠡ ᠬᠠᠮᠤᠭ᠎ᠤᠨ ᠲᠦᠷᠭᠡᠨ ᠪᠠᠭᠤᠷᠠᠭᠰᠠᠨ ᠤᠯᠤᠰ᠎ᠤᠨ ᠨᠢᠭᠡ ᠪᠣᠯᠵᠠᠢ᠃ ᠵᠦᠪᠭᠡᠨ 2023 ᠣᠨ᠎ᠳᠤ ᠳᠤᠮᠳᠠᠳᠤ ᠤᠯᠤᠰ᠎ᠤᠨ ᠰᠠᠯᠬᠢᠨ ᠬᠦᠴᠦᠨ᠎ᠤ ᠴᠠᠭᠢᠯᠭ᠋ᠠᠨ ᠪᠠ ᠭᠡᠷᠡᠯᠴᠢ ᠴᠡᠨᠡᠭ᠎ᠤᠨ ᠦᠢ᠍ᠯᠡᠳᠬᠦᠨ᠎ᠨᠢ ᠪᠤᠰᠤᠳ ᠤᠯᠤᠰ᠎ᠢ ᠬᠠᠪᠰᠤᠷᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠪᠠᠷᠤᠭ 8.1 ᠳ᠋ᠦᠩᠰᠢᠭᠤᠷ ᠲᠣᠨ ᠪᠠᠭ᠋ᠠᠰᠬᠠᠵᠤ᠂ ᠡᠯ᠎ᠡ ᠤᠯᠤᠰ᠎ᠤᠨ ᠴᠡᠪᠡᠷ᠂ ᠨᠠᠶ᠋ᠢᠳᠠᠪᠤᠷᠢᠲᠠᠢ᠂ ᠬᠡᠷᠡᠭᠯᠡᠵᠦ ᠳᠡᠶ᠋ᠢᠯᠭᠦ ᠡᠨᠧᠷᠭᠢ ᠣᠯᠬᠤ᠎ᠳᠤ ᠬᠦᠴᠦᠨ ᠨᠡᠮᠡᠷᠢᠯᠡᠵᠦ᠂ ᠪᠦᠭᠦ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃
      – ᠳᠤᠮᠳᠠᠳᠤ ᠤᠯᠤᠰ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶᠢᠭ᠎ᠤᠨ ᠠᠵᠤ ᠠᠬᠤᠢ ᠵᠢᠨ ᠰᠢᠨ᠎ᠡ ᠪᠠᠶ᠋ᠢᠭᠤᠯᠤᠯ᠎ᠢ ᠪᠠᠶ᠋ᠢᠭᠤᠯᠵᠤ᠂ ᠳᠤᠮᠳᠠᠳᠤ ᠤᠯᠤᠰ᠎ᠤᠨ ᠬᠥᠭᠵᠢᠯᠲᠡ ᠵᠢᠨ ᠠᠵᠠ ᠲᠣᠭᠢᠶᠠᠯ᠎ᠢ ᠦᠷᠭᠦᠯᠵᠢᠯᠡᠨ ᠳᠡᠯᠡᠬᠡᠢ ᠳ᠋ᠠᠬᠢᠨ᠎ᠲᠠᠢ ᠬᠤᠪᠢᠶᠠᠯᠴᠠᠨ᠎ᠠ᠃ ᠨᠡᠭᠡᠭᠡᠯᠲᠡ ᠬᠢᠬᠦ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠢᠯᠡ ᠲᠣᠳᠣ ᠲᠡᠮᠳᠡᠭ ᠢᠯᠡᠳᠬᠡᠮᠵᠢ ᠮᠥᠨ᠃ ᠡᠨᠡ ᠵᠢᠯ᠎ᠠᠴᠠ ᠨᠠᠭ᠋ᠠᠰᠢ᠂ ᠳᠤᠮᠳᠠᠳᠤ ᠤᠯᠤᠰ ᠦᠢ᠍ᠯᠡᠳᠬᠦ ᠦᠢ᠍ᠯᠡᠰ᠎ᠤᠨ ᠬᠦᠷᠢᠶᠡᠨ᠎ᠳᠤ ᠭᠠᠳᠠᠭ᠋ᠠᠳᠤ ᠪᠡᠯᠡ ᠵᠢ ᠤᠷᠤᠭᠤᠯᠬᠤ ᠵᠢ ᠵᠥᠪᠰᠢᠶᠡᠷᠡᠬᠦ ᠲᠠᠯ᠎ᠠ ᠵᠢᠨ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠪᠦᠭᠦ ᠲᠠᠯ᠎ᠠ᠎ᠪᠠᠷ ᠬᠦᠴᠦᠨ ᠦᠭᠡᠢ ᠪᠤᠯᠭ᠋ᠠᠵᠤ᠂ ᠠᠩᠬ᠎ᠠ ᠤᠳᠠᠭ᠎ᠠ ᠪᠦᠭᠦ ᠤᠯᠤᠰ᠎ᠤᠨ ᠬᠡᠪᠴᠢᠶᠡᠨ᠎ᠳᠤ ᠬᠢᠯᠢ ᠠᠯᠤᠰᠯᠠᠭᠰᠠᠨ ᠦᠢ᠍ᠯᠡᠴᠢᠯᠡᠭᠡᠨ᠎ᠤ ᠠᠷᠠᠯᠵᠢᠶ᠎ᠠ᠎ᠳᠤ ᠨᠠᠵᠠᠭ᠋ᠠᠢ ᠲᠠᠯ᠎ᠠ ᠵᠢᠨ ᠨᠠᠷᠢᠨ ᠳᠠᠩᠰᠠ ᠵᠢᠨ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠵᠤ᠂ ᠴᠠᠭᠢᠯᠭ᠋ᠠᠨ ᠴᠢᠮᠡᠭᠡ ᠬᠤᠯᠪᠤᠭ᠎ᠠ᠂ ᠢᠨᠲ᠋ᠧᠷ ᠰᠦᠯᠵᠢᠶ᠎ᠡ᠂ ᠰᠤᠷᠭ᠋ᠠᠨ ᠬᠥᠮᠦᠵᠢᠯ᠂ ᠰᠣᠶᠣᠯ᠂ ᠡᠮᠴᠢᠯᠡᠭᠡ ᠵᠡᠷᠭᠡ ᠬᠦᠷᠢᠶᠡᠨ᠎ᠳᠠᠬᠢ ᠨᠡᠭᠡᠭᠡᠯᠲᠡ᠎ᠪᠠᠨ ᠡᠮᠬᠢ ᠵᠢᠷᠤᠮ᠎ᠲᠠᠢ᠎ᠪᠠᠷ ᠥᠷᠭᠡᠳᠬᠡᠬᠦ ᠵᠢ ᠠᠬᠢᠭᠤᠯᠵᠤ᠂ 《ᠪᠦᠭᠦ ᠲᠠᠯ᠎ᠠ ᠵᠢᠨ ᠬᠢᠭᠡᠳ ᠳᠠᠪᠰᠢᠯᠲᠠ᠎ᠲᠠᠢ ᠨᠣᠮᠣᠬᠠᠨ ᠲᠡᠯᠡᠶ ᠠᠯᠤᠰᠯᠠᠭᠰᠠᠨ ᠬᠠᠨᠢᠲᠠᠨ᠎ᠤ ᠬᠠᠷᠢᠯᠴᠠᠭ᠎ᠠ ᠵᠢᠨ ᠬᠡᠯᠡᠯᠴᠡᠭᠡᠷ》 ᠪᠣᠯᠣᠨ 《ᠲᠣᠭ᠋ᠠᠴᠢᠯᠠᠭᠰᠠᠨ ᠠᠵᠤ ᠠᠬᠤᠢ ᠵᠢᠨ ᠬᠠᠨᠢᠲᠠᠨ᠎ᠤ ᠬᠠᠷᠢᠯᠴᠠᠭ᠎ᠠ ᠵᠢᠨ ᠵᠥᠪᠳᠡᠯᠴᠡᠭᠡᠷ》 ᠵᠡᠷᠭᠡ ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ᠎ᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠲᠣᠭᠲᠠᠭᠤᠨ ᠵᠶ᠋ᠠᠷ ᠥᠷᠭᠡᠳᠬᠡᠪᠡ᠃ ᠳᠤᠮᠳᠠᠳᠤ ᠤᠯᠤᠰ 144 ᠴᠠᠭ᠎ᠤᠨ ᠳᠣᠲᠣᠷ᠎ᠠ ᠬᠢᠯᠢ᠎ᠪᠠᠷ ᠥᠩᠭᠡᠷᠡᠬᠦ᠎ᠳᠤ ᠸᠢᠰᠠᠯᠡᠭᠦ᠎ᠠᠴᠠ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠢᠳᠡᠪᠬᠢᠲᠡᠢ ᠳᠡᠯᠭᠡᠷᠡᠭᠦᠯᠵᠦ᠂ ᠳᠤᠮᠳᠠᠳᠤ ᠭᠠᠳᠠᠭ᠋ᠠᠳᠤ ᠵᠢᠨ ᠬᠥᠮᠥᠰ᠎ᠤᠨ ᠶᠠᠪᠤᠯᠴᠠᠭ᠎ᠠ᠎ᠳᠤ ᠤᠯᠠᠮ ᠨᠢᠭᠡ ᠠᠯᠬᠤᠮ ᠲᠥᠭᠦᠮ ᠦᠵᠡᠭᠦᠯᠵᠦ᠂ 《ᠳᠤᠮᠳᠠᠳᠤ ᠤᠯᠤᠰ᠎ᠤᠨ ᠵᠢᠭᠤᠯᠴᠢᠯᠠᠯ》᠎ᠢ ᠬᠥᠭᠵᠢᠶᠡᠨ᠎ᠲᠠᠢ ᠪᠣᠯᠭ᠋ᠠᠪᠠ᠃ ᠲᠠᠷᠠᠭ᠋ᠠᠴᠢ᠎ᠪᠠᠷ᠂ ᠳᠤᠮᠳᠠᠳᠤ ᠤᠯᠤᠰ ᠨᠠᠩ ᠣᠯᠠᠨ ᠪᠡᠶ᠎ᠡ᠎ᠪᠠᠨ ᠳᠠᠭ᠋ᠠᠭ᠋ᠠᠵᠤ ᠨᠡᠭᠡᠭᠡᠯᠲᠡ ᠬᠢᠬᠦ ᠪᠠ ᠭᠠᠭᠴᠠ ᠲᠠᠯ᠎ᠠ᠎ᠠᠴᠠ ᠨᠡᠭᠡᠭᠡᠯᠲᠡ ᠬᠢᠬᠦ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂ ᠪᠦᠭᠦ ᠪᠥᠮᠪᠥᠷᠴᠡᠭ᠎ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ᠎ᠤ ᠣᠷᠣᠨ᠎ᠤ ᠲᠣᠣᠷ ᠰᠦᠯᠵᠢᠶ᠎ᠡ ᠵᠢ ᠥᠷᠭᠡᠳᠬᠡᠵᠦ᠂ ᠳᠤᠮᠳᠠᠳᠤ ᠤᠯᠤᠰ᠎ᠤᠨ ᠨᠡᠭᠡᠭᠡᠯᠲᠡ ᠬᠢᠬᠦ ᠲᠣᠮᠣ ᠡᠭᠦᠳᠡ ᠵᠢ ᠶᠠᠪᠤᠬᠤ ᠲᠤᠲᠤᠮ ᠶᠡᠭᠡ ᠨᠡᠭᠡᠭᠡᠨ᠎ᠡ᠃
      ᠠᠪᠠᠭ᠍ᠠᠢ ᠨᠠᠷ᠂ ᠠᠪᠤᠭ᠋ᠠᠢ ᠨᠠᠷ᠂ ᠨᠠᠶ᠋ᠢᠵᠠ ᠨᠠᠷ ᠠ᠋!
      ᠳᠤᠮᠳᠠᠳᠤ ᠤᠯᠤᠰ᠎ᠤᠨ ᠡᠷᠲᠡᠨ᠎ᠤ ᠦᠭᠡᠨ᠎ᠳᠤ᠄ 《ᠵᠢᠮᠢᠰ᠎ᠢ ᠢᠨᠦ ᠢᠳᠡᠬᠦᠢ᠎ᠳᠤᠷ ᠮᠣᠳᠣ ᠵᠢ ᠠᠨᠤ ᠰᠠᠨᠠᠭ᠋ᠠᠯᠵᠠᠮᠤᠢ᠂ ᠤᠰᠤ ᠵᠢ ᠠᠨᠤ ᠤᠤᠭᠤᠬᠤᠢ᠎ᠳᠤᠷ ᠡᠬᠢ ᠵᠢ ᠢᠨᠦ ᠳᠤᠷᠠᠰᠤᠮᠤᠢ》 ᠭᠡᠵᠦ ᠰᠡᠴᠡᠯᠡᠭᠰᠡᠨ ᠪᠠᠶ᠋ᠢᠳᠠᠭ᠃ ᠳᠤᠮᠳᠠᠳᠤ ᠤᠯᠤᠰ᠎ᠤᠨ ᠬᠥᠭᠵᠢᠯᠲᠡ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠠᠴᠠ ᠰᠠᠯᠵᠤ ᠴᠢᠳᠠᠬᠤ ᠦᠭᠡᠢ᠂ ᠮᠥᠨ ᠴᠦ᠍ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠳᠤ ᠤᠯᠠᠮ ᠨᠢᠭᠡ ᠠᠯᠬᠤᠮ ᠪᠤᠶᠠᠨ ᠦᠢ᠍ᠯᠡᠳᠬᠦ ᠪᠣᠯᠣᠨ᠎ᠠ᠃ ᠯᠠᠲ᠋ᠢᠨ ᠠᠮᠧᠷᠢᠺᠠ᠎ᠳᠤ 《ᠣᠩᠭᠤᠴᠠᠨ᠎ᠤ ᠬᠦᠴᠦᠨ ᠳᠠᠷᠪᠠᠭᠤᠯ᠎ᠳᠤ ᠪᠤᠢ᠂ ᠬᠥᠮᠥᠨ᠎ᠤ ᠬᠦᠴᠦᠨ ᠰᠡᠳᠬᠢᠯ᠎ᠳᠤ ᠪᠤᠢ》 ᠭᠡᠬᠦ ᠵᠦᠢ᠍ᠷ ᠰᠡᠴᠡᠨ ᠦᠭᠡ ᠪᠠᠶ᠋ᠢᠳᠠᠭ᠃ ᠣᠳᠣᠬᠠᠨ᠎ᠳᠤ 《ᠴᠢᠶᠠᠨᠺᠠᠢ᠎ᠠᠴᠠ ᠱᠠᠩᠬᠠᠢ ᠬᠦᠷᠬᠦ》᠎ᠨᠢ ᠨᠢᠭᠡᠨᠲᠡ ᠫᠧᠷᠦ᠋ ᠵᠢᠨ ᠳᠡᠯᠭᠡᠷᠡᠮᠡᠯ ᠦᠭᠡ ᠪᠣᠯᠵᠤ᠂ 《ᠳᠤᠮᠳᠠᠳᠤ ᠤᠯᠤᠰ᠎ᠤᠨ ᠣᠩᠭᠤᠴᠠ》 ᠵᠢᠨ ᠲᠤᠬᠠᠢ 500 ᠵᠢᠯ᠎ᠢ ᠠᠯᠤᠰᠯᠠᠭᠰᠠᠨ ᠴᠤᠤᠷᠢᠶ᠎ᠠ ᠪᠣᠯᠵᠤ ᠬᠠᠩᠭᠢᠨᠠᠭᠰᠠᠨ ᠪᠠᠶ᠋ᠢᠨ᠎ᠠ᠃ ᠡᠨᠡ᠎ᠨᠢ ᠪᠢᠳᠡ ᠨᠡᠭᠡᠭᠡᠯᠲᠡ ᠬᠢᠵᠦ ᠬᠤᠯᠪᠣᠯᠳᠤᠨ ᠨᠡᠪᠲᠡᠷᠡᠯᠴᠡᠬᠦ ᠵᠣᠷᠢᠭ ᠰᠠᠨᠠᠭ᠎ᠠ ᠵᠢ ᠦᠢ᠍ᠯᠡᠳᠦᠯᠭᠡᠵᠢᠭᠦᠯᠳᠡᠭ ᠯᠡ ᠶᠤᠮ ᠪᠣᠯ ᠨᠣᠮᠣᠬᠠᠨ ᠲᠡᠯᠡᠶ ᠳᠠᠷᠤᠢ ᠴᠡᠴᠡᠭᠯᠡᠯ ᠬᠥᠭᠵᠢᠯ᠎ᠢ ᠠᠬᠢᠭᠤᠯᠬᠤ ᠵᠠᠮ ᠪᠣᠯᠵᠤ ᠬᠤᠪᠢᠷᠠᠨ᠎ᠠ ᠭᠡᠳᠡᠭ᠎ᠢ ᠭᠦᠨᠵᠡᠭᠡᠢ ᠬᠠᠷᠠᠭᠤᠯᠵᠤ ᠪᠠᠶ᠋ᠢᠨ᠎ᠠ᠃ ᠪᠢᠳᠡ ᠪᠦᠯᠬᠦᠮᠳᠡᠨ ᠬᠠᠮᠲᠤᠷᠠᠯᠴᠠᠬᠤ᠎ᠪᠠᠨ ᠴᠢᠩᠭ᠋ᠠᠳᠬᠠᠵᠤ᠂ ᠪᠦᠭᠦ ᠪᠥᠮᠪᠥᠷᠴᠡᠭ᠎ᠤᠨ ᠴᠢᠨᠠᠷᠲᠠᠢ ᠥᠷᠢᠰᠦᠯᠳᠦᠭᠡᠨ᠎ᠢ ᠬᠠᠮᠲᠤ᠎ᠪᠠᠷ ᠤᠭᠲᠤᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠬᠠᠮᠲᠤ᠎ᠪᠠᠷ ᠪᠠᠶ᠋ᠢᠭᠤᠯᠵᠤ᠂ ᠳᠡᠯᠡᠬᠡᠢ ᠵᠢᠨ ᠬᠠᠮᠲᠤ ᠵᠢᠨ ᠴᠡᠴᠡᠭᠯᠡᠯ ᠬᠥᠭᠵᠢᠯ᠎ᠢ ᠠᠬᠢᠭᠤᠯᠬᠤ᠂ ᠬᠥᠮᠥᠨ ᠲᠥᠷᠥᠯᠬᠢᠲᠡᠨ᠎ᠤ ᠨᠡᠩ ᠰᠠᠶ᠋ᠢᠨ ᠰᠠᠶ᠋ᠢᠬᠠᠨ ᠢᠷᠡᠭᠡᠳᠦᠢ ᠵᠢ ᠴᠣᠭᠴᠠᠯᠠᠬᠤ᠎ᠳᠤ ᠨᠡᠩ ᠶᠡᠭᠡ ᠬᠠᠮᠲᠤᠷᠠᠯ ᠬᠦᠴᠦᠨ᠎ᠢ ᠨᠢᠭᠲᠠᠷᠠᠭᠤᠯᠤᠶ᠎ᠠ᠃
    ᠣᠯᠠᠨ᠎ᠳᠤ ᠪᠠᠶᠠᠷᠯᠠᠯ᠎ᠠ᠃
    (ᠰᠢᠨᠬᠤᠸᠠ ᠬᠤᠷᠢᠶ᠎ᠠ ᠵᠢᠨ ᠯᠢᠮᠠ ᠵᠢᠨ 11 ᠰᠠᠷ᠎ᠠ ᠵᠢᠨ 15᠎ᠤ ᠴᠠᠭᠢᠯᠭ᠋ᠠᠨ ᠮᠡᠳᠡᠭᠡ)
 
   

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ