ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 27᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ 5 ᠰᠠᠷ᠎ᠠ ᠵᠢᠨ 27᠎ᠤ ᠡᠳᠦᠷ ᠬᠤᠷᠠᠯ ᠬᠤᠷᠠᠯᠳᠤᠭᠤᠯᠵᠤ᠂ 《ᠰᠢᠨ᠎ᠡ ᠴᠠᠭ ᠦᠶ᠎ᠡ᠎ᠳᠤ ᠳᠤᠮᠳᠠ ᠣᠷᠣᠨ᠎ᠤ ᠲᠦᠷᠭᠡᠨ ᠬᠥᠭᠵᠢᠨ ᠮᠠᠨᠳᠤᠬᠤ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ》᠂ 《ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠬᠠᠷᠢᠭᠤᠴᠠᠯᠭ᠎ᠠ ᠲᠤᠯᠭ᠋ᠠᠬᠤ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠬᠢᠨᠠᠨ ᠵᠥᠪᠯᠡᠪᠡ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ᠃
ᠬᠤᠷᠠᠯ᠎ᠠᠴᠠ᠂ ᠳᠤᠮᠳᠠ ᠣᠷᠣᠨ᠎ᠤ ᠬᠥᠭᠵᠢᠨ ᠮᠠᠨᠳᠤᠬᠤ ᠵᠢ ᠠᠬᠢᠭᠤᠯᠬᠤ ᠪᠣᠯ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ᠎ᠠᠴᠠ ᠭᠠᠷᠭ᠋ᠠᠭᠰᠠᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢᠨ ᠰᠢᠢ᠍ᠳᠪᠦᠷᠢ ᠮᠥᠨ᠃ ᠨᠠᠮ᠎ᠤᠨ ᠲᠥᠪ ᠬᠤᠷᠢᠶ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠵᠣᠷᠢᠯᠲᠠ ᠵᠢ ᠭᠦᠨᠵᠡᠭᠡᠢ ᠣᠶ᠋ᠢᠯᠠᠭ᠋ᠠᠵᠤ᠂ ᠳᠤᠮᠳᠠ ᠣᠷᠣᠨ ᠪᠣᠯ ᠮᠠᠨ᠎ᠤ ᠤᠯᠤᠰ᠎ᠤᠨ ᠴᠢᠬᠤᠯᠠ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠰᠠᠭᠤᠷᠢᠨ᠂ ᠡᠨᠧᠷᠭᠢ ᠲᠦᠭᠦᠬᠡᠢ ᠮᠠᠲ᠋ᠧᠷᠢᠶᠠᠯ᠎ᠤᠨ ᠰᠠᠭᠤᠷᠢᠨ᠂ ᠤᠳᠤ ᠦᠶ᠎ᠡ ᠵᠢᠨ ᠲᠣᠨᠣᠭᠯᠠᠯ ᠦᠢ᠍ᠯᠡᠳᠬᠦ ᠵᠢᠴᠢ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠰᠠᠭᠤᠷᠢᠨ ᠪᠣᠯᠣᠨ ᠶᠡᠷᠦᠩᠬᠡᠶ᠋ᠢᠯᠡᠭᠰᠡᠨ ᠵᠠᠮ ᠲᠡᠭᠡᠭᠡᠪᠦᠷᠢ ᠵᠢᠨ ᠬᠦᠢ᠍ᠰᠦ ᠪᠤᠯᠬᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠢᠮᠠᠭᠲᠠ ᠴᠢᠩᠭ᠎ᠠ ᠡᠵᠡᠮᠳᠡᠵᠦ᠂ ᠡᠯ᠎ᠡ ᠵᠦᠢ᠍ᠯ᠎ᠤᠨ ᠭᠤᠣᠯᠳᠠᠯᠭ᠎ᠠ᠎ᠲᠠᠢ ᠡᠭᠦᠷᠭᠡ ᠵᠢ ᠬᠦᠴᠦᠯᠡᠨ ᠠᠬᠢᠭᠤᠯᠵᠤ᠂ ᠳᠤᠮᠳᠠ ᠣᠷᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠳᠤ ᠴᠢᠬᠤᠯᠠ ᠶᠡᠭᠡ ᠰᠢᠨ᠎ᠡ ᠰᠢᠪᠲᠤᠯᠤᠯᠲᠠ ᠭᠠᠷᠭ᠋ᠠᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
ᠬᠤᠷᠠᠯ᠎ᠠᠴᠠ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ ᠲᠥᠪᠯᠡᠷᠡᠭᠰᠡᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠬᠤ ᠬᠥᠭᠵᠢᠯᠲᠡ ᠵᠢ ᠪᠠᠷᠢᠮᠲᠠᠯᠠᠵᠤ᠂ ᠤᠤᠭ᠋ᠠᠯ ᠡᠭᠦᠳᠦᠯᠲᠡ ᠵᠢᠨ ᠴᠢᠨᠠᠷᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠤᠮᠲᠠ ᠰᠢᠪᠲᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠪᠣᠳᠠᠲᠤ ᠴᠣᠭᠴᠠ ᠵᠢᠨ ᠠᠵᠤ ᠠᠬᠤᠢ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠤᠯᠠᠮᠵᠢᠯᠠᠯᠲᠤ ᠠᠵᠤ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠢᠷᠡᠭᠡᠳᠦᠢ ᠵᠢᠨ ᠠᠵᠤ ᠦᠢ᠍ᠯᠡᠰ᠎ᠢ ᠲᠥᠯᠥᠪᠵᠢᠭᠦᠯᠦᠨ ᠪᠠᠶ᠋ᠢᠷᠢᠰᠢᠭᠤᠯᠬᠤ ᠬᠡᠷᠡᠭᠲᠡᠢ᠃ ᠣᠷᠣᠨ ᠪᠠᠶ᠋ᠢᠷᠢ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠣᠳᠣᠬᠢᠴᠢᠯᠠᠭᠰᠠᠨ ᠵᠠᠮ ᠬᠠᠷᠢᠯᠴᠠᠭ᠋ᠠᠨ᠎ᠤ ᠰᠠᠭᠤᠷᠢ ᠲᠥᠬᠦᠭᠡᠷᠦᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠢᠬᠤᠯᠠ ᠡᠯᠧᠮᠧᠨ᠋ᠲ᠎ᠤᠨ ᠥᠨᠳᠥᠷ ᠪᠦᠲᠦᠮᠵᠢᠲᠡᠢ ᠴᠢᠯᠦᠭᠡᠲᠡᠢ ᠳᠥᠭᠦᠮ ᠳᠥᠲᠡ ᠭᠦᠢ᠍ᠯᠭᠡᠭᠡ ᠵᠢ ᠠᠬᠢᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ᠎ᠳᠤ ᠨᠡᠩ ᠰᠠᠶ᠋ᠢᠲᠤᠷ ᠠᠭᠤᠰᠤᠯᠴᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠵᠣᠬᠢᠴᠠᠭᠤᠯᠤᠨ ᠠᠬᠢᠭᠤᠯᠵᠤ᠂ ᠦᠵᠡᠰᠬᠦᠯᠡᠩᠲᠦ ᠰᠠᠶ᠋ᠢᠬᠠᠨ ᠳᠤᠮᠳᠠ ᠣᠷᠣᠨ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠬᠡᠷᠡᠭᠲᠡᠢ᠃ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ᠂ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠮᠤ ᠪᠤᠳᠠᠭ᠎ᠠ ᠡᠨᠧᠷᠭᠢ ᠵᠢᠨ ᠡᠬᠢ ᠪᠠᠶᠠᠯᠢᠭ᠎ᠤᠨ ᠪᠠᠲᠤᠯᠠᠭ᠎ᠠ ᠵᠢᠨ ᠴᠢᠳᠠᠪᠤᠷᠢ ᠵᠢ ᠶᠡᠭᠡ᠎ᠪᠠᠷ ᠳᠡᠭᠡᠭᠰᠢᠯᠡᠭᠦᠯᠵᠦ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠤ ᠬᠠᠷᠢᠯᠴᠠᠨ ᠠᠬᠢᠭᠤᠯᠬᠤ ᠵᠢ ᠪᠡᠶᠡᠯᠡᠭᠦᠯᠬᠦ ᠬᠡᠷᠡᠭᠲᠡᠢ᠃ ᠲᠥᠪ᠎ᠤᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠤᠳᠤᠷᠢᠳᠬᠤ ᠳᠤᠭᠤᠶ᠋ᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠡᠯ᠎ᠡ ᠵᠦᠢ᠍ᠯ᠎ᠤᠨ ᠡᠭᠦᠷᠭᠡ ᠵᠢ ᠨᠠᠷᠢᠯᠢᠭᠵᠢᠭᠤᠯᠤᠨ ᠪᠣᠳᠠᠲᠠᠶ᠋ᠢᠵᠢᠭᠤᠯᠵᠤ᠂ ᠨᠠᠷᠢᠨ ᠲᠠᠩᠰᠠ ᠵᠢᠨ ᠭᠡᠯᠪᠡᠷᠢ᠎ᠪᠠᠷ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠳᠡᠮᠵᠢᠯᠭᠡ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠱᠠᠨ ᠰᠢ᠂ ᠠᠨᠾᠦ᠋ᠢ᠂ ᠵᠢᠶᠠᠩᠰᠢ᠂ ᠾᠧᠨᠠᠨ᠂ ᠬᠤᠪᠧᠢ᠂ ᠬᠤᠨᠠᠨ ᠵᠡᠷᠭᠡ ᠳᠤᠮᠳᠠ ᠣᠷᠣᠨ᠎ᠤ ᠵᠢᠷᠭᠤᠭ᠋ᠠᠨ ᠮᠤᠵᠢ ᠵᠢᠨ᠎ᠬᠢᠨ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠬᠦᠴᠦᠷᠬᠡᠭ ᠶᠡᠭᠡ ᠠᠵᠢᠯ᠎ᠤᠨ ᠬᠠᠮᠲᠤᠷᠠᠯ ᠬᠦᠴᠦᠨ᠎ᠢ ᠨᠢᠭᠲᠠᠷᠠᠭᠤᠯᠵᠤ᠂ ᠳᠤᠮᠳᠠ ᠣᠷᠣᠨ᠎ᠤ ᠬᠥᠭᠵᠢᠨ ᠮᠠᠨᠳᠤᠭᠰᠠᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠎ᠨᠢ ᠤᠯᠤᠰ᠎ᠤᠨ ᠠᠮᠤᠷ ᠲᠦᠪᠰᠢᠨ᠂ ᠬᠥᠭᠵᠢᠯᠲᠡ ᠵᠢᠨ ᠪᠦᠭᠦ ᠲᠠᠯ᠎ᠠ᠂ ᠠᠷᠠᠳ ᠲᠦᠮᠡᠨ᠎ᠤ ᠡᠳ᠋ ᠬᠥᠷᠥᠩᠭᠡ ᠵᠢᠨ ᠠᠮᠤᠷ ᠲᠦᠪᠰᠢᠨ᠎ᠲᠠᠢ ᠬᠤᠯᠪᠣᠭᠳᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ᠎ᠳᠤ ᠡᠷᠬᠡᠪᠰᠢ ᠳᠠᠪᠠᠭ᠍ᠤ ᠴᠢᠬᠤᠯᠠ ᠶᠡᠭᠡ ᠪᠣᠭᠤᠮᠲᠠ ᠪᠣᠯᠣᠨ᠎ᠠ᠃ 《ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠬᠠᠷᠢᠭᠤᠴᠠᠯᠭ᠎ᠠ ᠲᠤᠯᠭ᠋ᠠᠬᠤ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠲᠣᠭᠲᠠᠭ᠋ᠠᠨ ᠨᠡᠶ᠋ᠢᠲᠡᠯᠡᠭᠰᠡᠨ᠎ᠨᠢ ᠮᠥᠩᠭᠦᠨ ᠭᠦᠢ᠍ᠯᠭᠡᠭᠡᠨ᠎ᠤ ᠬᠦᠷᠢᠶᠡᠨ᠎ᠳᠤ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠵᠢ ᠴᠢᠨᠠᠭᠰᠢᠳᠠ ᠠᠬᠢᠭᠤᠯᠵᠤ᠂ ᠮᠥᠩᠭᠦᠨ ᠭᠦᠢ᠍ᠯᠭᠡᠭᠡᠨ᠎ᠤ ᠠᠵᠢᠯ᠎ᠳᠠᠬᠢ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠦᠨᠡᠨ ᠬᠦ᠌ ᠴᠢᠩᠭ᠋ᠠᠳᠬᠠᠵᠤ᠂ ᠮᠥᠩᠭᠦᠨ ᠭᠦᠢ᠍ᠯᠭᠡᠭᠡᠨ᠎ᠤ ᠬᠦᠷᠢᠶᠡᠨ᠎ᠳᠠᠬᠢ ᠬᠠᠮᠢᠶ᠎ᠠ ᠪᠦᠬᠦᠢ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠠᠵᠢᠯ ᠲᠥᠷᠥᠯ᠎ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠣᠷᠣᠨ ᠨᠤᠲᠤᠭ᠎ᠤᠨ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠵᠢ ᠴᠢᠨᠠᠭᠰᠢᠳᠠ ᠪᠣᠳᠠᠲᠠᠶ᠋ᠢᠵᠢᠭᠤᠯᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷ᠎ᠤᠨ ᠵᠥᠪ ᠠᠵᠢᠯ᠎ᠤᠨ ᠠᠮᠵᠢᠯᠲᠠ ᠵᠢᠨ ᠦᠵᠡᠯᠲᠡ᠎ᠲᠠᠢ ᠪᠤᠯᠬᠤ ᠵᠢ ᠱᠠᠯᠠᠪᠳᠠᠭᠤᠯᠵᠤ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠬᠤ᠂ ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠂ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠡᠯ᠎ᠡ ᠵᠦᠢ᠍ᠯ᠎ᠤᠨ ᠡᠭᠦᠷᠭᠡ ᠵᠢ ᠰᠠᠶ᠋ᠢᠲᠤᠷ ᠨᠠᠶ᠋ᠢᠳᠠᠪᠤᠷᠢᠵᠢᠭᠤᠯᠵᠤ ᠪᠠᠶ᠋ᠢᠭ᠎ᠠ ᠶᠠᠪᠤᠳᠠᠯ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ 《ᠲᠣᠭᠲᠠᠭ᠋ᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠰᠠᠶ᠋ᠢᠲᠤᠷ ᠠᠳᠬᠤᠵᠤ᠂ ᠴᠢᠩᠭ᠎ᠠ ᠪᠠᠶ᠋ᠢᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠵᠣᠷᠢᠭᠲᠠᠢ᠎ᠪᠠᠷ ᠨᠠᠷᠢᠨ ᠬᠢᠨᠠᠮᠠᠭ᠋ᠠᠢ ᠬᠠᠲᠠᠭᠤ᠎ᠲᠠᠢ᠎ᠨᠢ ᠬᠠᠯᠳᠠᠵᠤ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠳᠠᠯᠠᠵᠤ᠂ ᠦᠨᠡᠨ ᠬᠠᠮᠢᠶᠠᠷᠴᠤ ᠦᠨᠡᠨ ᠴᠢᠩᠭ᠎ᠠ ᠪᠠᠶ᠋ᠢᠯᠭ᠋ᠠᠵᠤ᠂ ᠬᠠᠷᠢᠭᠤᠴᠠᠯᠭ᠎ᠠ ᠠᠯᠳᠠᠪᠠᠯ ᠵᠠᠪᠠᠯ ᠲᠤᠯᠭ᠋ᠠᠬᠤ᠂ ᠬᠠᠷᠢᠭᠤᠴᠠᠯᠭ᠎ᠠ ᠲᠤᠯᠭ᠋ᠠᠬᠤ᠎ᠳᠤ ᠵᠠᠪᠠᠯ ᠴᠢᠩᠭ᠎ᠠ ᠪᠠᠶ᠋ᠢᠬᠤ ᠴᠢᠩᠭ᠎ᠠ ᠳᠣᠬᠢᠶ᠎ᠠ ᠵᠢ ᠳᠠᠮᠵᠢᠭᠤᠯᠵᠤ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢ ᠦᠨᠡᠨ ᠬᠦ᠌ 《ᠬᠤᠷᠴᠠ ᠰᠢᠳᠤ》᠎ᠲᠠᠢ ᠪᠠᠶ᠋ᠢᠯᠭ᠋ᠠᠬᠤ᠂ ᠥᠨᠴᠥᠭ ᠢᠷᠮᠡᠭ᠎ᠲᠠᠢ ᠪᠠᠶ᠋ᠢᠬᠤ ᠵᠢ ᠪᠡᠶᠡᠯᠡᠭᠦᠯᠵᠦ᠂ ᠴᠢᠩᠭ᠎ᠠ ᠪᠠᠶ᠋ᠢᠬᠤ ᠦᠨᠳᠦᠰᠦᠨ ᠭᠦᠭ ᠠᠶᠠᠰ᠂ ᠴᠢᠩᠭ᠎ᠠ ᠪᠠᠶ᠋ᠢᠬᠤ ᠠᠷᠭ᠎ᠠ ᠬᠡᠮᠵᠢᠶ᠎ᠡ᠂ ᠴᠢᠩᠭ᠎ᠠ ᠪᠠᠶ᠋ᠢᠬᠤ ᠠᠭᠤᠷ ᠠᠮᠢᠰᠬᠤᠯ᠎ᠢ ᠮᠥᠩᠭᠦᠨ ᠭᠦᠢ᠍ᠯᠭᠡᠭᠡᠨ᠎ᠤ ᠬᠦᠷᠢᠶᠡᠨ᠎ᠳᠤ ᠪᠤᠶ ᠪᠤᠯᠭ᠋ᠠᠬᠤ ᠵᠢᠨ ᠬᠠᠮᠲᠤ ᠣᠷᠳᠣ ᠬᠤᠭᠤᠴᠠᠭ᠎ᠠ᠎ᠪᠠᠷ ᠪᠠᠷᠢᠮᠲᠠᠯᠠᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃