ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠱᠠᠨᠳᠦ᠋ᠩ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ — ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠪᠠᠷ ᠬᠥᠳᠡᠯᠭᠡᠬᠦ ᠬᠦᠴᠦᠨ ᠪᠤᠯᠭ᠋ᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠱᠠᠨᠳᠦ᠋ᠩ᠎ᠤᠨ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠼᠠᠢ ᠴᠢ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ
ᠨᠡᠶ᠋ᠢᠲᠡᠯᠡᠭᠰᠡᠨ ᠴᠠᠭ᠄ 2024-05-27

       ᠰᠢᠨᠬᠤᠸᠠ ᠬᠤᠷᠢᠶ᠎ᠠ ᠵᠢᠨ ᠵᠢᠨᠠᠨ᠎ᠤ 5 ᠰᠠᠷ᠎ᠠ ᠵᠢᠨ 24᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠶ᠋ᠢᠷ᠎ᠠ᠎ᠳᠤ ᠱᠠᠨᠳᠦ᠋ᠩ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠂ ᠱᠠᠨᠳᠦ᠋ᠩ ᠪᠦᠭᠦ ᠤᠯᠤᠰ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠪᠠᠶ᠋ᠢᠷᠢ᠎ᠪᠠᠨ ᠰᠠᠶ᠋ᠢᠲᠤᠷ ᠲᠣᠭᠲᠠᠭ᠋ᠠᠵᠤ᠂ ᠶᠡᠭᠡ ᠡᠭᠦᠷᠭᠡ ᠡᠭᠦᠷᠭᠡᠯᠡᠵᠦ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠪᠠᠷ ᠬᠥᠳᠡᠯᠭᠡᠬᠦ ᠬᠦᠴᠦᠨ ᠪᠤᠯᠭ᠋ᠠᠵᠤ᠂ ᠦᠷᠭᠦᠯᠵᠢᠯᠡᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ ᠲᠠᠯ᠎ᠠ᠎ᠪᠠᠷ ᠡᠮᠦᠨ᠎ᠡ᠎ᠨᠢ ᠬᠤᠰᠢᠭᠤᠷᠠᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠰᠢᠨ᠎ᠡ ᠵᠢ ᠡᠭᠦᠳᠬᠦ ᠬᠦᠴᠦᠨ᠎ᠢ ᠴᠢᠩᠭ᠋ᠠᠳᠬᠠᠬᠤ ᠲᠠᠯ᠎ᠠ᠎ᠪᠠᠷ ᠡᠮᠦᠨ᠎ᠡ᠎ᠨᠢ ᠬᠤᠰᠢᠭᠤᠷᠠᠵᠤ᠂ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠡᠮᠦᠨ᠎ᠡ᠎ᠨᠢ ᠬᠤᠰᠢᠭᠤᠷᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶ᠋ᠢᠲᠠᠢ ᠬᠥᠭᠵᠢᠯᠲᠡ ᠵᠢᠨ ᠬᠤᠰᠢᠭᠤᠴᠢ ᠣᠷᠣᠨ᠎ᠢ ᠲᠦᠷᠭᠡᠳᠬᠡᠨ ᠪᠠᠶ᠋ᠢᠭᠤᠯᠵᠤ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢᠨ ᠰᠢᠨ᠎ᠡ ᠥᠨᠳᠦᠷᠯᠢᠭ᠎ᠢ ᠴᠣᠭᠴᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠱᠠᠨᠳᠦ᠋ᠩ᠎ᠤᠨ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃
      5 ᠰᠠᠷ᠎ᠠ ᠵᠢᠨ 22᠎ᠠᠴᠠ 24᠎ᠤ ᠡᠳᠦᠷ ᠪᠤᠯᠲᠠᠯ᠎ᠠ᠂ ᠰᠢ ᠵᠢᠨ ᠫᠢᠩ ᠱᠠᠨᠳᠦ᠋ᠩ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠯᠢᠨ ᠦ᠋ ᠪᠣᠯᠣᠨ ᠮᠤᠵᠢ ᠵᠢᠨ ᠳᠠᠷᠤᠭ᠎ᠠ ᠵᠧᠦ ᠨᠠᠢ ᠰᠢᠶᠠᠩ᠎ᠤᠨ ᠪᠠᠷ᠎ᠠ ᠪᠤᠯᠣᠯᠭ᠎ᠠ᠎ᠲᠠᠢ᠎ᠪᠠᠷ ᠤᠷᠢᠳ ᠬᠤᠵᠢᠳ ᠿᠢ ᠵᠣᠣ᠂ ᠵᠢᠨᠠᠨ ᠵᠡᠷᠭᠡ ᠭᠠᠵᠠᠷ᠎ᠲᠤ ᠬᠦᠷᠴᠦ ᠪᠠᠶ᠋ᠢᠴᠠᠭ᠋ᠠᠨ ᠰᠤᠳᠤᠯᠪᠠ᠃
      22᠎ᠤᠨ ᠦᠳᠡ ᠵᠢᠨ ᠬᠤᠶ᠋ᠢᠨ᠎ᠠ᠂ ᠰᠢ ᠵᠢᠨ ᠫᠢᠩ ᠡᠩ ᠲᠡᠷᠢᠭᠦᠨ᠎ᠳᠤ ᠿᠢ ᠵᠤᠤ ᠭᠠᠷᠠᠮ᠎ᠳᠤ ᠬᠦᠷᠴᠦ ᠰᠢᠨᠵᠢᠯᠡᠨ ᠪᠠᠶ᠋ᠢᠴᠠᠭ᠋ᠠᠪᠠ᠃ ᠿᠢ ᠵᠣᠣ ᠭᠠᠷᠠᠮ ᠪᠣᠯ ᠡᠨᠧᠷᠭᠢ ᠪᠠ ᠶᠡᠭᠡ ᠬᠡᠮᠵᠢᠶᠡᠨ᠎ᠤ ᠲᠦᠭᠦᠬᠡᠢ ᠮᠠᠲ᠋ᠧᠷᠢᠶᠠᠯ᠎ᠢ ᠰᠢᠯᠵᠢᠭᠦᠯᠦᠨ ᠲᠡᠭᠡᠭᠡᠪᠦᠷᠢᠯᠡᠬᠦ ᠴᠢᠬᠤᠯᠠ ᠰᠠᠭᠤᠷᠢᠨ ᠮᠥᠨ᠂ ᠣᠶ᠋ᠢᠷ᠎ᠠ ᠵᠢᠨ ᠵᠢᠯ᠎ᠳᠤ ᠣᠶᠤᠨᠴᠢᠯᠠᠬᠤ᠂ ᠪᠣᠬᠢᠷᠳᠤᠯ ᠦᠭᠡᠢ ᠪᠤᠯᠭ᠋ᠠᠬᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠡᠷᠭᠢ ᠳᠠᠭ᠋ᠠᠤ ᠨᠡᠭᠡᠭᠡᠯᠲᠡᠲᠤ ᠠᠦ᠋ᠲ᠋ᠣᠴᠢᠯᠠᠭᠰᠠᠨ ᠴᠢᠩᠭᠡᠯᠢᠭ᠎ᠤᠨ ᠭᠠᠷᠠᠮ᠎ᠢ ᠪᠠᠶ᠋ᠢᠭᠤᠯᠪᠠ᠃
    7.jpg

      5 ᠰᠠᠷ᠎ᠠ ᠵᠢᠨ 22᠎ᠠᠴᠠ 24᠎ᠤ ᠡᠳᠦᠷ ᠪᠤᠯᠲᠠᠯ᠎ᠠ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠱᠠᠨᠳᠦ᠋ᠩ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠣᠯ 22᠎ᠤᠨ ᠦᠳᠡ ᠵᠢᠨ ᠬᠤᠶ᠋ᠢᠨ᠎ᠠ᠂ ᠰᠢ ᠵᠢᠨ ᠫᠢᠩ ᠿᠢ ᠵᠤᠤ ᠭᠠᠷᠠᠮ᠎ᠳᠤ ᠭᠠᠷᠠᠮ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠂ ᠡᠵᠡᠩᠨᠡᠯᠲᠡ ᠵᠢᠨ ᠠᠵᠢᠯᠲᠠᠨ᠂ ᠲᠡᠭᠡᠭᠡᠪᠦᠷᠢ ᠵᠢᠨ ᠠᠵᠢᠯᠲᠠᠨ᠎ᠢ ᠳᠣᠲᠣᠨᠣ᠎ᠪᠠᠷ ᠲᠣᠬᠤᠨᠢᠭᠤᠯᠵᠤ ᠪᠠᠶ᠋ᠢᠭ᠎ᠠ᠎ᠨᠢ᠃
      ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ
      ᠰᠢ ᠵᠢᠨ ᠫᠢᠩ ᠱᠠᠨᠳᠦ᠋ᠩ ᠮᠤᠵᠢ ᠵᠢᠨ ᠭᠠᠷᠠᠮ᠎ᠤᠨ ᠬᠥᠭᠵᠢᠯᠲᠡ ᠪᠦᠲᠦᠭᠡᠨ ᠪᠠᠶ᠋ᠢᠭᠤᠯᠤᠯᠲᠠ ᠪᠠ ᠿᠢ ᠵᠤᠤ ᠭᠠᠷᠠᠮ᠎ᠤᠨ ᠲᠥᠯᠦᠪᠵᠢᠭᠦᠯᠭᠡ ᠪᠠᠶ᠋ᠢᠷᠢᠰᠢᠭᠤᠯᠤᠯᠲᠠ ᠵᠡᠷᠭᠡ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠤᠭᠰᠠᠨ ᠪᠥᠭᠡᠳ ᠠᠦ᠋ᠲ᠋ᠣᠴᠢᠯᠠᠭᠰᠠᠨ ᠴᠢᠩᠭᠡᠯᠢᠭ᠎ᠤᠨ ᠭᠠᠷᠠᠮ᠎ᠤᠨ ᠠᠵᠢᠯ᠎ᠤᠨ ᠪᠠᠶ᠋ᠢᠳᠠᠯ᠎ᠢ ᠪᠠᠶ᠋ᠢᠴᠠᠭ᠋ᠠᠨ ᠦᠵᠡᠪᠡ᠃ ᠲᠡᠷᠡ᠂ ᠿᠢ ᠵᠣᠣ ᠭᠠᠷᠠᠮ ᠪᠣᠯ ᠥᠭᠡᠷᠡᠴᠢᠯᠡᠯᠲᠡ ᠨᠡᠭᠡᠭᠡᠯᠲᠡ ᠬᠢᠭᠰᠡᠨ᠎ᠤ ᠳᠠᠷᠠᠭ᠎ᠠ ᠰᠢᠨ᠎ᠡ᠎ᠪᠠᠷ ᠪᠠᠶ᠋ᠢᠭᠤᠯᠤᠭᠰᠠᠨ ᠭᠠᠷᠠᠮ ᠮᠥᠨ᠂ ᠣᠶ᠋ᠢᠷ᠎ᠠ ᠵᠢᠨ ᠵᠢᠯ᠎ᠳᠤ ᠰᠢᠨᠵᠢᠯᠡᠬᠦ ᠤᠬᠠᠭ᠋ᠠᠨ  ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠤᠯᠠᠮᠵᠢᠯᠠᠯᠲᠤ ᠭᠠᠷᠠᠮ᠎ᠢ ᠣᠳᠣᠬᠢᠴᠢᠯᠠᠭᠰᠠᠨ ᠭᠠᠷᠠᠮ ᠪᠣᠯᠭ᠋ᠠᠨ ᠥᠭᠡᠷᠡᠴᠢᠯᠡᠨ ᠲᠠᠰ ᠳᠡᠪᠰᠢᠭᠦᠯᠵᠦ᠂ ᠡᠳ᠋ ᠪᠠᠷᠠᠭ᠎ᠠ ᠣᠷᠣᠭᠤᠯᠵᠤ ᠭᠠᠷᠭ᠋ᠠᠬᠤ ᠬᠡᠮᠵᠢᠶ᠎ᠡ᠎ᠨᠢ ᠪᠦᠭᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠭᠰᠠᠨ ᠵᠶ᠋ᠠᠷ ᠪᠠᠷᠠᠬᠤ ᠦᠭᠡᠢ ᠪᠠᠰᠠ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠲᠠᠰ ᠳᠡᠪᠰᠢᠭᠦᠯᠵᠦ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠲᠤᠷᠰᠢᠯᠭ᠎ᠠ ᠵᠢ ᠬᠤᠷᠠᠮᠳᠤᠭᠤᠯᠵᠠᠢ᠂ ᠡᠭᠦᠨ᠎ᠢ ᠨᠤᠲᠠᠯᠠᠭᠤᠰᠢᠲᠠᠢ ᠪᠠᠶ᠋ᠢᠨ᠎ᠠ ᠭᠡᠵᠡᠢ᠃ ᠰᠢ ᠵᠢᠨ ᠫᠢᠩ ᠭᠠᠷᠠᠮ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠂ ᠡᠵᠡᠩᠨᠡᠯᠲᠡ ᠵᠢᠨ ᠠᠵᠢᠯᠲᠠᠨ᠂ ᠲᠡᠭᠡᠭᠡᠪᠦᠷᠢ ᠵᠢᠨ ᠠᠵᠢᠯᠲᠠᠨ᠎ᠢ ᠳᠣᠲᠣᠨᠣ᠎ᠪᠠᠷ ᠲᠣᠬᠤᠨᠢᠭᠤᠯᠵᠤ᠂ ᠤᠯᠠᠨ ᠵᠶ᠋ᠠᠷ ᠵᠶ᠋ᠠᠨ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ᠂ ᠦᠷᠭᠦᠯᠵᠢᠯᠡᠨ ᠲᠡᠮᠡᠴᠡᠵᠦ᠂ ᠿᠢ ᠵᠤᠤ ᠭᠠᠷᠠᠮ᠎ᠤᠨ ᠬᠠᠮᠢᠶᠠᠷᠤᠯᠲᠠ ᠡᠵᠡᠩᠨᠡᠯᠲᠡ ᠵᠢ ᠲᠠᠭᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ ᠵᠢ ᠬᠦᠰᠡᠪᠡ᠃
8.jpg

      ᠳᠠᠷᠠᠭ᠎ᠠ᠎ᠨᠢ᠂ ᠰᠢ ᠵᠢᠨ ᠫᠢᠩ ᠿᠢ ᠵᠣᠤ ᠬᠤᠲᠠ ᠵᠢᠨ ᠨᠡᠷᠡᠨ ᠬᠡᠷᠡᠯᠳᠦ ᠳᠠᠯᠠᠢ ᠵᠢᠨ ᠡᠷᠭᠢ ᠵᠢᠨ ᠨᠣᠭᠤᠭ᠋ᠠᠷᠠᠭᠤᠯᠤᠭᠰᠠᠨ ᠵᠠᠮ᠎ᠢ ᠰᠢᠨᠵᠢᠯᠡᠨ ᠪᠠᠶ᠋ᠢᠴᠠᠭ᠋ᠠᠪᠠ᠃
      5 ᠰᠠᠷ᠎ᠠ ᠵᠢᠨ 22᠎ᠠᠴᠠ 24᠎ᠤ ᠡᠳᠦᠷ ᠪᠤᠯᠲᠠᠯ᠎ᠠ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠱᠠᠨᠳᠦ᠋ᠩ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠣᠯ 22᠎ᠤᠨ ᠦᠳᠡ ᠵᠢᠨ ᠬᠤᠶ᠋ᠢᠨ᠎ᠠ᠂ ᠰᠢ ᠵᠢᠨ ᠫᠢᠩ ᠿᠢ ᠵᠤᠤ ᠬᠤᠲᠠ ᠵᠢᠨ ᠨᠡᠷᠡᠨ ᠬᠡᠷᠡᠯᠳᠦ ᠳᠠᠯᠠᠢ ᠵᠢᠨ ᠡᠷᠭᠢ ᠵᠢᠨ ᠨᠣᠭᠤᠭ᠋ᠠᠷᠠᠭᠤᠯᠤᠭᠰᠠᠨ ᠵᠠᠮ ᠳᠡᠭᠡᠷ᠎ᠡ ᠬᠤᠲᠠ ᠵᠢᠨ ᠠᠷᠠᠳ ᠪᠣᠯᠣᠨ ᠵᠢᠭᠤᠯᠴᠢᠯᠠᠬᠰᠠᠳ᠎ᠲᠠᠢ ᠳᠣᠲᠣᠨᠣ᠎ᠪᠠᠷ ᠶᠠᠷᠢᠯᠴᠠᠵᠤ ᠪᠠᠶ᠋ᠢᠭ᠎ᠠ᠎ᠨᠢ᠃
       ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ
       ᠣᠶ᠋ᠢᠷ᠎ᠠ ᠵᠢᠨ ᠵᠢᠯ᠎ᠠᠴᠠ᠂ ᠿᠢ ᠵᠤᠤ ᠬᠤᠳᠠ ᠲᠠᠯᠠᠢ ᠳᠠᠭ᠋ᠠᠤ ᠵᠢᠨ ᠬᠤᠭᠤᠰᠤᠨ ᠲᠠᠯᠠᠪᠠᠢ ᠵᠢᠴᠢ ᠡᠷᠭᠢ ᠳᠠᠭ᠋ᠠᠤ ᠵᠢᠨ ᠡᠪᠳᠡᠭᠳᠡᠭᠰᠡᠨ ᠭᠠᠵᠠᠷ᠎ᠤᠨ ᠠᠮᠢ ᠠᠬᠤᠢ ᠵᠢ ᠰᠡᠷᠭᠦᠭᠡᠨ ᠵᠠᠰᠠᠵᠤ᠂ 28 ᠺᠢᠯᠤᠮᠸᠲᠷ ᠰᠢᠬᠠᠮ᠎ᠤᠨ ᠨᠡᠷᠡᠨ ᠬᠡᠷᠡᠯᠳᠦ ᠲᠠᠯᠠᠢ ᠵᠢᠨ ᠡᠷᠭᠢ ᠵᠢᠨ ᠨᠣᠭᠤᠭ᠋ᠠᠷᠠᠭᠤᠯᠤᠭᠰᠠᠨ ᠵᠠᠮ᠎ᠢ ᠪᠠᠶ᠋ᠢᠭᠤᠯᠵᠤ᠂ ᠬᠤᠳᠠ ᠵᠢᠨ ᠠᠷᠠᠳ ᠪᠣᠯᠣᠨ ᠵᠢᠭᠤᠯᠴᠢᠯᠠᠬᠰᠠᠳ᠎ᠲᠤ ᠬᠥᠳᠡᠯᠭᠡᠭᠡᠨ ᠬᠢᠵᠦ ᠰᠡᠯᠡᠭᠦᠴᠡᠬᠦ ᠭᠠᠵᠠᠷ ᠬᠠᠩᠭ᠋ᠠᠵᠠᠢ᠃ ᠰᠢ ᠵᠢᠨ ᠫᠢᠩ ᠨᠣᠭᠤᠭ᠋ᠠᠷᠠᠭᠤᠯᠤᠭᠰᠠᠨ ᠵᠠᠮ᠎ᠤᠨ ᠪᠦᠬᠦᠯᠢ ᠴᠣᠭᠴᠠ ᠵᠢᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠰᠡᠷᠭᠦᠭᠡᠨ ᠵᠠᠰᠠᠭᠰᠠᠨ᠎ᠤ ᠳᠠᠷᠠᠭ᠋ᠠᠬᠢ ᠲᠡᠯᠡᠶ ᠵᠢᠨ ᠡᠷᠭᠢ ᠳᠠᠭ᠋ᠠᠤ ᠵᠢᠨ ᠠᠮᠢ ᠠᠬᠤᠢ ᠣᠷᠴᠢᠨ ᠲᠣᠭᠤᠷᠢᠨ᠎ᠢ ᠪᠠᠶ᠋ᠢᠴᠠᠭ᠋ᠠᠨ ᠦᠵᠡᠵᠦ᠂ ᠲᠤᠬᠠᠢ ᠵᠢᠨ ᠭᠠᠵᠠᠷ᠎ᠤᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠲᠠᠰ ᠳᠡᠪᠰᠢᠭᠦᠯᠦᠭᠰᠡᠨ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠭᠰᠡᠨ ᠠᠷᠭ᠎ᠠ ᠬᠢᠳᠡᠯ ᠪᠠ ᠦᠷ᠎ᠡ ᠪᠦᠲᠦᠮᠵᠢ ᠵᠢ ᠣᠶ᠋ᠢᠯᠠᠭ᠋ᠠᠬᠤ ᠵᠢᠨ ᠬᠠᠮᠲᠤ ᠬᠤᠲᠠ ᠵᠢᠨ ᠠᠷᠠᠳ ᠪᠣᠯᠣᠨ ᠵᠢᠭᠤᠯᠴᠢᠯᠠᠬᠰᠠᠳ᠎ᠲᠠᠢ ᠪᠠᠶ᠋ᠢᠨ ᠳᠠᠭᠢᠨ ᠳᠣᠲᠣᠨᠣ᠎ᠪᠠᠷ ᠶᠠᠷᠢᠯᠴᠠᠵᠤ ᠪᠠᠶ᠋ᠢᠪᠠ᠃ ᠲᠡᠷᠡ᠂ ᠨᠣᠭᠤᠭ᠋ᠠᠷᠠᠭᠤᠯᠤᠭᠰᠠᠨ ᠵᠠᠮ᠎ᠢ ᠪᠦᠲᠦᠭᠡᠨ ᠪᠠᠶ᠋ᠢᠭᠤᠯᠤᠭᠰᠠᠨ᠎ᠨᠢ ᠬᠤᠲᠠ ᠵᠢᠨ ᠠᠷᠠᠳ᠎ᠤᠨ ᠬᠡᠷᠡᠭᠴᠡᠭᠡ᠎ᠳᠤ ᠨᠡᠶ᠋ᠢᠴᠡᠭᠰᠡᠨ᠂ ᠠᠷᠠᠳ᠎ᠤᠨ ᠰᠡᠳᠬᠢᠯ᠎ᠢ ᠣᠯᠣᠭᠰᠠᠨ ᠶᠠᠪᠤᠳᠠᠯ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠪᠣᠯ ᠠᠷᠠᠳ ᠤᠯᠠᠨ᠎ᠤ ᠠᠮᠢᠳᠤᠷᠠᠯ᠎ᠢ ᠤᠯᠠᠮ᠎ᠠᠴᠠ ᠤᠯᠠᠮ ᠰᠠᠶ᠋ᠢᠵᠢᠷᠠᠭᠤᠯᠬᠤ ᠶᠠᠪᠤᠳᠠᠯ ᠮᠥᠨ᠃ ᠠᠮᠢ ᠠᠬᠤᠢ ᠣᠷᠴᠢᠨ ᠲᠣᠭᠤᠷᠢᠨ ᠰᠠᠶ᠋ᠢᠨ ᠪᠣᠯ ᠠᠷᠠᠳ ᠤᠯᠠᠨ ᠦᠨᠡᠨ ᠪᠣᠳᠠᠲᠠᠢ ᠵᠢᠷᠭ᠋ᠠᠯᠲᠤ ᠲᠥᠷᠥᠭᠳᠡᠯ᠎ᠲᠠᠢ ᠪᠣᠯᠣᠨ᠎ᠠ᠃ ᠣᠯᠠᠨ ᠵᠶ᠋ᠠᠷ ᠵᠶ᠋ᠠᠨ ᠬᠠᠮᠲᠤ᠎ᠪᠠᠷ ᠬᠥᠳᠡᠯᠦᠯᠴᠡᠵᠦ᠂ ᠰᠠᠶ᠋ᠢᠨ ᠰᠠᠶ᠋ᠢᠬᠠᠨ ᠭᠡᠷ ᠣᠷᠣᠨ ᠵᠶ᠋ᠠᠨ ᠬᠠᠮᠲᠤ᠎ᠪᠠᠷ ᠪᠦᠲᠦᠭᠡᠨ ᠪᠠᠶ᠋ᠢᠭᠤᠯᠵᠤ ᠬᠠᠮᠠᠭ᠋ᠠᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
      24᠎ᠤ ᠦᠳᠡ ᠵᠢᠨ ᠡᠮᠦᠨ᠎ᠡ᠂ ᠰᠢ ᠵᠢᠨ ᠫᠢᠩ ᠵᠢᠨᠠᠨ ᠬᠤᠳᠠ᠎ᠳᠤ ᠱᠠᠨᠳᠦ᠋ᠩ ᠮᠤᠵᠢ ᠵᠢᠨ ᠨᠠᠮ᠎ᠤᠨ ᠬᠤᠷᠢᠶ᠎ᠠ ᠪᠣᠯᠣᠨ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠱᠠᠨᠳᠦ᠋ᠩ᠎ᠤᠨ ᠡᠯ᠎ᠡ ᠵᠦᠢ᠍ᠯ᠎ᠤᠨ ᠠᠵᠢᠯ᠎ᠳᠤ ᠣᠯᠣᠭᠰᠠᠨ ᠠᠮᠵᠢᠯᠲᠠ ᠵᠢ ᠨᠤᠲᠠᠯᠠᠪᠠ᠃
      ᠰᠢ ᠵᠢᠨ ᠫᠢᠩ᠂ ᠱᠠᠨᠳᠦ᠋ᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠭᠦᠨᠵᠡᠭᠡᠢ ᠠᠭᠤᠰᠤᠯᠴᠠᠭᠤᠯᠬᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠡᠭᠦᠯᠳᠡᠷᠵᠢᠭᠦᠯᠬᠦ ᠲᠠᠯ᠎ᠠ᠎ᠪᠠᠷ ᠶᠡᠬᠡᠬᠡᠨ ᠠᠵᠢᠯ ᠶᠠᠪᠤᠳᠠᠯ ᠪᠦᠲᠦᠭᠡᠵᠦ ᠪᠣᠯᠣᠨ᠎ᠠ᠃ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠭᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ᠂ ᠢᠷᠡᠭᠡᠳᠦᠢ ᠵᠢᠨ ᠠᠵᠤ ᠦᠢ᠍ᠯᠡᠰ᠎ᠢ ᠤᠷᠢᠳᠴᠢᠯᠠᠨ ᠪᠠᠶ᠋ᠢᠷᠢᠰᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠳᠠᠲᠤ ᠴᠣᠭᠴᠠ ᠵᠢᠨ ᠠᠵᠤ ᠠᠬᠤᠢ ᠪᠣᠯᠣᠨ ᠲᠣᠭ᠋ᠠᠴᠢᠯᠠᠭᠰᠠᠨ ᠠᠵᠤ ᠠᠬᠤᠢ ᠵᠢᠨ ᠠᠭᠤᠰᠤᠯᠴᠠᠭᠰᠠᠨ ᠦᠷ᠎ᠡ ᠪᠦᠲᠦᠮᠵᠢ ᠵᠢ ᠪᠦᠭᠦ ᠲᠠᠯ᠎ᠠ᠎ᠪᠠᠷ ᠪᠠᠳᠠᠷᠠᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ᠃ ᠬᠥᠭᠵᠢᠯᠲᠡ ᠵᠢᠨ ᠠᠷᠭ᠎ᠠ ᠮᠠᠶᠢᠭ᠎ᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶ᠋ᠢᠰᠢ ᠭᠡᠯᠪᠡᠷᠢ ᠬᠤᠪᠢᠷᠠᠭᠤᠯᠬᠤ ᠵᠢ ᠶᠡᠭᠡ᠎ᠪᠠᠷ ᠠᠬᠢᠭᠤᠯᠵᠤ᠂ ᠪᠣᠬᠢᠷᠳᠤᠯ ᠦᠭᠡᠢ ᠣᠷᠴᠢᠨ ᠲᠣᠭᠤᠷᠢᠨ᠎ᠢ ᠬᠠᠮᠠᠭ᠋ᠠᠯᠠᠬᠤ ᠰᠢᠨᠵᠢᠯᠡᠬᠦ ᠤᠬᠠᠭ᠋ᠠᠨ  ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠲᠠᠢ ᠭᠦᠨᠵᠡᠭᠡᠢ ᠵᠣᠯᠭ᠋ᠠᠭᠤᠯᠵᠤ᠂ ᠤᠮᠠᠷᠠᠲᠤ ᠣᠷᠣᠨ᠎ᠤ ᠠᠵᠤ ᠠᠬᠤᠢ ᠵᠢᠨ ᠴᠢᠬᠤᠯᠠ ᠨᠡᠮᠡᠭᠳᠡᠯ᠎ᠤᠨ ᠲᠤᠶ᠋ᠢᠯ ᠪᠤᠯᠬᠤ᠎ᠪᠠᠷ ᠴᠢᠷᠮᠠᠶ᠋ᠢᠬᠤ ᠬᠡᠷᠡᠭᠲᠡᠢ᠃ ᠳᠠᠯᠠᠢ ᠲᠠᠩᠭᠢᠰ᠎ᠤᠨ ᠡᠬᠢ ᠪᠠᠶᠠᠯᠢᠭ ᠡᠯᠪᠡᠭ ᠳᠡᠯᠪᠡᠭ ᠥᠪᠡᠷᠮᠢᠴᠡ ᠳᠠᠪᠠᠭᠤᠯᠢᠭ ᠵᠶ᠋ᠠᠨ ᠪᠠᠳᠠᠷᠠᠭᠤᠯᠵᠤ᠂ ᠳᠠᠯᠠᠢ ᠲᠠᠩᠭᠢᠰ᠎ᠢ ᠡᠪᠯᠡᠭᠦᠯᠦᠨ ᠵᠠᠰᠠᠵᠤ᠂ ᠳᠠᠯᠠᠢ ᠲᠠᠩᠭᠢᠰ᠎ᠢ ᠵᠣᠷᠢᠨ ᠬᠦᠴᠦᠷᠬᠡᠭᠵᠢᠵᠦ᠂ ᠳᠡᠯᠡᠬᠡᠢ ᠵᠢᠨ ᠳᠡᠰ᠎ᠤᠨ ᠳᠠᠯᠠᠢ ᠲᠠᠩᠭᠢᠰ᠎ᠤᠨ ᠭᠠᠷᠠᠮ᠎ᠤᠨ ᠴᠤᠭᠯᠠᠷᠠᠯ᠎ᠢ ᠴᠣᠭᠴᠠᠯᠠᠵᠤ᠂ ᠤᠳᠤ ᠦᠶ᠎ᠡ ᠵᠢᠨ ᠳᠠᠯᠠᠢ ᠲᠠᠩᠭᠢᠰ᠎ᠤᠨ ᠠᠵᠤ ᠠᠬᠤᠢ ᠵᠢᠨ ᠬᠥᠭᠵᠢᠯᠲᠡ ᠵᠢᠨ ᠥᠨᠳᠦᠷᠯᠢᠭ᠎ᠢ ᠴᠣᠭᠴᠠᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠱᠠᠨᠳᠦ᠋ᠩ᠎ᠤᠨ᠎ᠬᠢᠨ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠬᠤ ᠲᠠᠯ᠎ᠠ᠎ᠪᠠᠷ ᠲᠡᠷᠢᠭᠦᠨ᠎ᠳᠤ ᠣᠷᠣᠬᠤ᠎ᠪᠠᠷ ᠵᠣᠷᠢᠭᠲᠠᠢ ᠴᠢᠷᠮᠠᠶ᠋ᠢᠬᠤ ᠬᠡᠷᠡᠭᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠢᠨᠠᠷ ᠰᠠᠶ᠋ᠢᠲᠠᠢ ᠬᠥᠭᠵᠢᠯᠲᠡ ᠵᠢ ᠬᠢᠵᠠᠭ᠋ᠠᠷᠯᠠᠵᠤ ᠪᠠᠶ᠋ᠢᠭ᠎ᠠ ᠲᠣᠪᠣᠶ᠋ᠢᠮ᠎ᠠ ᠵᠥᠷᠢᠴᠡᠯ᠎ᠢ ᠰᠢᠢ᠍ᠳᠪᠦᠷᠢᠯᠡᠬᠦ ᠳᠡᠭᠡᠷ᠎ᠡ ᠬᠦᠴᠦ ᠲᠠᠯᠪᠢᠵᠤ᠂ ᠳᠦᠷᠢᠮ᠎ᠢ ᠲᠡᠭᠦᠯᠳᠡᠷᠵᠢᠭᠦᠯᠬᠦ᠂ ᠲᠣᠭᠲᠠᠴᠠ ᠵᠢ ᠪᠦᠷᠢᠨᠰᠢᠭᠦᠯᠬᠦ᠂ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠬᠥᠳᠡᠯᠭᠡᠬᠦ ᠬᠦᠴᠦᠨ᠎ᠢ ᠨᠡᠮᠡᠭᠳᠡᠭᠦᠯᠬᠦ ᠲᠠᠯ᠎ᠠ᠎ᠪᠠᠷ ᠪᠣᠳᠠᠲᠠᠢ ᠬᠦᠴᠦ ᠣᠷᠣᠭᠤᠯᠬᠤ ᠬᠡᠷᠡᠭᠲᠡᠢ᠃ ᠤᠯᠠᠨ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠶᠡᠭᠡ ᠵᠠᠮ᠎ᠢ ᠢᠳᠡᠪᠬᠢᠲᠡᠢ ᠪᠠᠶ᠋ᠢᠭᠤᠯᠵᠤ᠂ ᠴᠢᠯᠦᠭᠡᠲᠦ ᠠᠷᠠᠯᠵᠢᠶᠠᠨ᠎ᠤ ᠣᠷᠣᠨ᠎ᠤ ᠬᠤᠯᠪᠤᠭ᠋ᠠᠯᠠᠨ ᠰᠢᠨ᠎ᠡ ᠵᠢ ᠡᠭᠦᠳᠬᠦ ᠵᠢ ᠶᠡᠭᠡ᠎ᠪᠠᠷ ᠠᠬᠢᠭᠤᠯᠵᠤ᠂ ᠳᠦᠷᠢᠮ᠎ᠤᠨ ᠭᠡᠯᠪᠡᠷᠢ ᠵᠢᠨ ᠨᠡᠭᠡᠭᠡᠯᠲᠡᠲᠤ ᠵᠢᠱ᠌ᠢᠶ᠎ᠡ ᠦᠵᠡᠭᠦᠯᠭᠦ ᠣᠷᠣᠨ᠎ᠢ ᠰᠠᠶ᠋ᠢᠲᠤᠷ ᠪᠠᠶ᠋ᠢᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠬᠤ᠎ᠳᠤ ᠭᠦᠨᠵᠡᠭᠡᠢ ᠠᠭᠤᠰᠤᠯᠴᠠᠵᠤ᠂ ᠴᠢᠬᠤᠯᠠ ᠶᠡᠭᠡ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢᠨ ᠳᠡᠭᠡᠳᠦ ᠴᠢᠳᠠᠪᠬᠢᠲᠤ ᠳᠡᠰ᠎ᠤᠨ ᠲᠠᠪᠴᠠᠩ᠎ᠢ ᠨᠢᠮᠪᠠᠢ ᠪᠠᠶ᠋ᠢᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠣᠰ ᠣᠷᠴᠢᠯ᠎ᠢ ᠰᠢᠯᠤᠭᠤᠳᠬᠠᠬᠤ ᠴᠢᠬᠤᠯᠠ ᠭᠤᠭᠴᠤᠭ᠎ᠠ ᠪᠤᠯᠭ᠋ᠠᠬᠤ᠎ᠪᠠᠷ ᠴᠢᠷᠮᠠᠶ᠋ᠢᠬᠤ ᠬᠡᠷᠡᠭᠲᠡᠢ ᠭᠡᠵᠦ ᠴᠢᠬᠤᠯᠠᠴᠢᠯᠠᠪᠠ᠃
       ᠰᠢ ᠵᠢᠨ ᠫᠢᠩ᠂ ᠱᠠᠨᠳᠦ᠋ᠩ ᠪᠣᠯ ᠲᠠᠷᠢᠶᠠᠯᠠᠩ᠎ᠤᠨ ᠶᠡᠭᠡ ᠮᠤᠵᠢ᠂ ᠠᠮᠤ ᠪᠤᠳᠠᠭ᠋ᠠᠨ᠎ᠤ ᠶᠡᠭᠡ ᠮᠤᠵᠢ ᠮᠥᠨ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠲᠠᠯ᠎ᠠ᠎ᠪᠠᠷ ᠬᠠᠷᠢᠭᠤᠴᠠᠯᠭ᠎ᠠ ᠬᠦᠨᠳᠦ ᠶᠡᠭᠡ ᠪᠠᠶ᠋ᠢᠨ᠎ᠠ᠃ ᠬᠤᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠭᠦᠨᠵᠡᠭᠡᠶ᠋ᠢᠷᠡᠭᠦᠯᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠭᠦ ᠲᠠᠯ᠎ᠠ᠎ᠪᠠᠷ ᠠᠬᠢᠭᠤᠯᠵᠤ᠂ ᠠᠶ᠋ᠢᠯ ᠲᠣᠰᠬᠤᠨ᠎ᠤ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠶᠠᠰᠤ ᠴᠢᠨᠠᠷ ᠪᠣᠯᠣᠨ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠣᠲᠣ ᠦᠶ᠎ᠡ ᠵᠢᠨ ᠲᠠᠷᠢᠶᠠᠯᠠᠩ᠎ᠢ ᠶᠡᠭᠡ᠎ᠪᠠᠷ ᠬᠥᠭᠵᠢᠭᠦᠯᠵᠦ᠂ ᠬᠥᠳᠡᠭᠡ ᠲᠣᠰᠬᠤᠨ᠎ᠤ ᠣᠨᠴᠠᠯᠢᠭᠲᠤ ᠠᠵᠤ ᠦᠢ᠍ᠯᠡᠰ ᠪᠣᠯᠣᠨ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠦᠢ᠍ᠯᠡᠰ᠎ᠢ ᠢᠳᠡᠪᠬᠢᠲᠡᠢ ᠬᠥᠭᠵᠢᠭᠦᠯᠵᠦ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠵᠤ᠂ ᠥᠷᠲᠡᠭ᠎ᠤᠨ ᠬᠡᠯᠬᠢᠶ᠎ᠡ ᠵᠢ ᠳᠡᠭᠡᠭᠰᠢᠯᠡᠭᠦᠯᠭᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠵᠦ ᠶᠠᠰᠤ ᠴᠢᠨᠠᠷ᠎ᠢ ᠳᠡᠭᠡᠭᠰᠢᠯᠡᠭᠦᠯᠭᠦ ᠵᠢ ᠠᠬᠢᠭᠤᠯᠵᠤ᠂ ᠨᠠᠩ ᠥᠨᠳᠥᠷ ᠲᠦᠪᠰᠢᠨ ᠪᠦᠬᠦᠢ 《ᠱᠠᠨᠳᠦ᠋ᠩ᠎ᠤᠨ ᠠᠮᠤ ᠵᠢᠨ ᠰᠠᠩ》᠎ᠢ ᠪᠠᠶ᠋ᠢᠭᠤᠯᠬᠤ ᠬᠡᠷᠡᠭᠲᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠬᠠᠮᠲᠤ᠎ᠪᠠᠷ ᠪᠠᠶᠠᠵᠢᠬᠤ ᠠᠷᠭ᠎ᠠ ᠵᠠᠮ᠎ᠢ ᠥᠷᠭᠡᠳᠬᠡᠵᠦ᠂ ᠲᠠᠷᠢᠶᠠᠯᠠᠩ᠎ᠤᠨ ᠦᠷ᠎ᠡ ᠠᠰᠢᠭ᠎ᠢ ᠨᠡᠮᠡᠭᠳᠡᠭᠦᠯᠬᠦ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ᠂ ᠬᠥᠳᠡᠭᠡ ᠲᠣᠰᠬᠤᠨ᠎ᠤ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠨᠠᠮ᠎ᠤᠨ ᠪᠠᠶ᠋ᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠦᠨᠳᠦᠰᠦᠨ ᠱᠠᠲᠤᠨ᠎ᠤ ᠵᠠᠰᠠᠯᠲᠠ ᠵᠢ ᠤᠳᠤᠷᠢᠳᠬᠤ ᠴᠢᠳᠠᠪᠤᠷᠢ ᠵᠢ ᠳᠡᠭᠡᠭᠰᠢᠯᠡᠭᠦᠯᠵᠦ᠂ ᠬᠥᠳᠡᠭᠡ ᠲᠣᠰᠬᠤᠨ᠎ᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠡᠶ᠎ᠡ ᠵᠣᠬᠢᠴᠠᠩᠭᠤᠢ ᠲᠣᠭᠲᠠᠭᠤᠨ᠂ ᠤᠯᠠᠨ ᠲᠦᠮᠡᠨ ᠠᠵᠠ ᠵᠢᠷᠭ᠋ᠠᠯ᠎ᠲᠠᠢ ᠠᠵᠢᠯᠯᠠᠵᠤ ᠠᠮᠢᠳᠤᠷᠠᠬᠤ ᠰᠠᠶ᠋ᠢᠨ ᠰᠠᠶ᠋ᠢᠬᠠᠨ ᠪᠠᠶ᠋ᠢᠳᠠᠯ᠎ᠢ ᠪᠠᠬᠢᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
       ᠰᠢ ᠵᠢᠨ ᠫᠢᠩ᠂ ᠱᠠᠨᠳᠦ᠋ᠩ ᠰᠢᠨ᠎ᠡ ᠴᠠᠭ ᠦᠶ᠎ᠡ ᠵᠢᠨ ᠰᠣᠶᠣᠯ᠎ᠤᠨ ᠡᠭᠦᠷᠭᠡ ᠵᠢ ᠡᠭᠦᠷᠭᠡᠯᠡᠵᠦ᠂ ᠰᠣᠶᠣᠯ᠎ᠤᠨ ᠴᠡᠴᠡᠭᠯᠡᠯ ᠬᠥᠭᠵᠢᠯ᠎ᠢ ᠠᠬᠢᠭᠤᠯᠬᠤ᠂ ᠰᠣᠶᠣᠯ᠎ᠤᠨ ᠬᠦᠴᠦᠷᠬᠡᠭ ᠤᠯᠤᠰ᠎ᠢ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠶ᠋ᠢᠭᠤᠯᠬᠤ ᠲᠠᠯ᠎ᠠ᠎ᠪᠠᠷ ᠢᠳᠡᠪᠬᠢᠲᠡᠢ ᠵᠢᠳᠬᠦᠯ ᠴᠢᠷᠮᠠᠶ᠋ᠢᠯᠭ᠎ᠠ ᠭᠠᠷᠭ᠋ᠠᠬᠤ ᠬᠡᠷᠡᠭᠲᠡᠢ᠃ ᠰᠣᠶᠣᠯ᠎ᠤᠨ ᠢᠲᠡᠭᠡᠯ ᠵᠶ᠋ᠠᠨ ᠪᠠᠲᠤᠳᠬᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠤᠭᠢ ᠰᠣᠳᠣ ᠵᠢ ᠭᠦᠨᠵᠡᠭᠡᠢ ᠠᠭᠤᠳᠠᠯᠯᠠᠵᠤ᠂ ᠪᠦᠲᠦᠭᠡᠯᠴᠢ ᠴᠢᠨᠠᠷᠲᠠᠢ᠎ᠪᠠᠷ ᠣᠨᠳᠣᠣᠰᠢᠭᠤᠯᠬᠤ᠂ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠵᠢ ᠪᠠᠷᠢᠮᠲᠠᠯᠠᠵᠤ᠂ ᠤᠯᠠᠨ ᠤᠯᠤᠰ᠎ᠤᠨ ᠺᠦᠩᠽᠢ ᠵᠢᠨ ᠰᠣᠶᠣᠯ᠎ᠤᠨ ᠨᠠᠶ᠋ᠢᠷ ᠵᠡᠷᠭᠡ᠎ᠪᠠᠷ ᠠᠴᠢᠶᠠᠯᠠᠪᠤᠷᠢ ᠪᠣᠯᠭ᠋ᠠᠨ ᠪᠣᠯᠪᠠᠰᠤᠨ᠎ᠤ ᠰᠣᠯᠢᠯᠴᠠᠭ᠎ᠠ ᠲᠣᠯᠢᠳᠠᠯ᠎ᠢ ᠭᠦᠨᠵᠡᠭᠡᠶ᠋ᠢᠷᠡᠭᠦᠯᠵᠦ᠂ ᠳᠤᠮᠳᠠᠳᠤ ᠵᠢᠨ ᠰᠣᠶᠣᠯ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠭᠦ ᠬᠡᠷᠡᠭᠲᠡᠢ᠃ ᠬᠤᠪᠢᠰᠬᠠᠯᠲᠤ ᠡᠬᠢ ᠪᠠᠶᠠᠯᠢᠭ᠎ᠢ ᠰᠠᠶ᠋ᠢᠲᠤᠷ ᠬᠠᠮᠠᠭ᠋ᠠᠯᠠᠨ ᠠᠰᠢᠭᠯᠠᠵᠤ᠂ ᠢ ᠮᠧᠩ᠎ᠤᠨ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠬᠤᠪᠢᠰᠬᠠᠯᠲᠤ ᠤᠳᠤᠮᠰᠢᠯ᠎ᠢ ᠦᠶ᠎ᠡ ᠵᠢᠨ ᠦᠶ᠎ᠡ᠎ᠳᠤ ᠤᠯᠠᠮᠵᠢᠯᠠᠬᠤ ᠵᠢ ᠠᠬᠢᠭᠤᠯᠬᠤ ᠬᠡᠷᠡᠭᠲᠡᠢ᠃ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ ᠵᠢ ᠥᠷᠭᠡᠨ ᠵᠶ᠋ᠠᠷ ᠦᠢ᠍ᠯᠡᠳᠦᠯᠭᠡᠵᠢᠭᠦᠯᠵᠦ᠂ ᠬᠤᠳᠠ ᠬᠥᠳᠡᠭᠡ ᠵᠢᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠬᠥᠳᠡᠭᠡ ᠲᠣᠰᠬᠤᠨ᠎ᠤ ᠬᠡᠪ ᠵᠠᠩᠰᠢᠯ᠎ᠢ ᠥᠭᠡᠷᠡᠴᠢᠯᠡᠬᠦ ᠵᠢ ᠰᠠᠶ᠋ᠢᠲᠤᠷ ᠠᠳᠬᠤᠵᠤ᠂ ᠤᠳᠤ ᠦᠶ᠎ᠡ ᠵᠢᠨ ᠪᠣᠯᠪᠠᠰᠤᠨ᠎ᠤ ᠣᠶ᠋ᠢᠯᠠᠭ᠋ᠠᠭᠳᠠᠬᠤᠨ᠎ᠢ ᠬᠥᠳᠡᠭᠡ ᠲᠣᠰᠬᠤᠨ᠎ᠳᠤ ᠭᠦᠨ ᠦᠨᠳᠦᠰᠦᠯᠡᠭᠦᠯᠬᠦ ᠬᠡᠷᠡᠭᠲᠡᠢ᠃ ᠰᠣᠶᠣᠯ᠎ᠤᠨ ᠦᠢ᠍ᠯᠡᠰ ᠪᠠ ᠰᠣᠶᠣᠯ᠎ᠤᠨ ᠠᠵᠤ ᠦᠢ᠍ᠯᠡᠰ᠎ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠢ ᠰᠢᠨ᠎ᠡ ᠵᠢ ᠡᠭᠦᠳᠦᠨ ᠬᠡᠷᠡᠭᠵᠢᠭᠦᠯᠵᠦ᠂ ᠰᠣᠶᠣᠯ᠎ᠤᠨ ᠲᠣᠭ᠋ᠠᠴᠢᠯᠠᠯᠲᠠ ᠵᠢ ᠶᠡᠭᠡ᠎ᠪᠠᠷ ᠠᠬᠢᠭᠤᠯᠵᠤ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ ᠵᠶ᠋ᠠᠷ ᠠᠵᠤ ᠠᠬᠤᠢ ᠵᠢᠨ ᠬᠥᠭᠵᠢᠯᠲᠡ᠎ᠳᠤ ᠬᠥᠳᠡᠯᠭᠡᠭᠴᠢ ᠡᠨᠧᠷᠭᠢ ᠵᠢ ᠨᠡᠮᠡᠭᠳᠡᠭᠦᠯᠦᠨ ᠦᠷ᠎ᠡ ᠠᠰᠢᠭ᠎ᠢ ᠨᠡᠮᠡᠭᠳᠡᠭᠦᠯᠵᠦ᠂ ᠵᠢᠭᠤᠯᠴᠢᠯᠠᠯ ᠰᠡᠯᠡᠭᠦᠴᠡᠯ᠎ᠳᠤ ᠠᠭᠤᠯᠤᠭᠳᠠᠬᠤᠨ᠎ᠢ ᠨᠡᠮᠡᠭᠳᠡᠭᠦᠯᠦᠨ ᠷᠢᠳᠢ ᠰᠢᠳᠢ ᠵᠢ ᠨᠡᠮᠡᠭᠳᠡᠭᠦᠯᠵᠦ᠂ ᠬᠤᠳᠠ ᠬᠥᠳᠡᠭᠡ ᠵᠢᠨ ᠨᠡᠶ᠋ᠢᠭᠡᠮ᠎ᠳᠤ ᠲᠥᠪ ᠰᠤᠷᠲᠠᠯ᠎ᠢ ᠨᠡᠮᠡᠭᠳᠡᠭᠦᠯᠦᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠡᠷᠬᠡᠪᠰᠢ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠤᠨ ᠪᠠᠶ᠋ᠢᠭᠤᠯᠤᠯᠲᠠ ᠵᠢ ᠰᠠᠶ᠋ᠢᠲᠤᠷ ᠠᠳᠬᠤᠬᠤ ᠬᠡᠷᠡᠭᠲᠡᠢ᠃ ᠪᠦᠭᠦ ᠨᠠᠮ᠎ᠤᠨ ᠬᠡᠪᠴᠢᠶᠡᠨ᠎ᠳᠤ ᠥᠷᠨᠢᠭᠦᠯᠵᠦ ᠪᠠᠶ᠋ᠢᠭ᠎ᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠪᠣᠯ ᠡᠨᠡ ᠵᠢᠯ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠭᠤᠣᠯᠳᠠᠯᠭ᠎ᠠ᠎ᠲᠠᠢ ᠡᠭᠦᠷᠭᠡ ᠮᠥᠨ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠷᠢᠨ ᠨᠢᠮᠪᠠᠢ ᠵᠣᠬᠢᠶᠠᠨ ᠪᠠᠶ᠋ᠢᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ᠃ ᠰᠡᠷᠡᠮᠵᠢᠯᠡᠭᠦᠯᠦᠯ ᠬᠥᠮᠦᠵᠢᠯ᠎ᠢ ᠴᠢᠩᠭ᠋ᠠᠳᠬᠠᠵᠤ᠂ ᠬᠡᠷᠡᠭ᠎ᠤᠨ ᠵᠢᠰᠢᠶ᠎ᠡ᠎ᠪᠠᠷ ᠰᠤᠷᠤᠯᠴᠠᠯᠭ᠎ᠠ ᠵᠢ ᠠᠬᠢᠭᠤᠯᠬᠤ᠂ ᠬᠡᠷᠡᠭ᠎ᠤᠨ ᠵᠢᠰᠢᠶ᠎ᠡ᠎ᠪᠠᠷ ᠰᠠᠬᠢᠯᠭ᠎ᠠ ᠪᠠᠲᠤ ᠵᠢ ᠲᠠᠶ᠋ᠢᠯᠪᠤᠷᠢᠯᠠᠬᠤ ᠵᠢ ᠰᠠᠶ᠋ᠢᠲᠤᠷ ᠠᠳᠬᠤᠵᠤ᠂ ᠰᠡᠳᠬᠢᠯ᠎ᠳᠡᠭᠡᠨ ᠪᠢᠰᠢᠷᠡᠨ ᠵᠢᠷᠦᠬᠡᠰᠢᠶᠡᠬᠦ ᠪᠤᠳᠤᠯ᠎ᠲᠠᠢ᠂ ᠴᠡᠭᠡᠷ ᠰᠠᠬᠢᠯ᠎ᠲᠠᠢ ᠪᠠᠶ᠋ᠢᠬᠤ ᠵᠢ ᠦᠨᠡᠨ ᠬᠦ᠌ ᠡᠳᠦᠷ ᠲᠤᠳᠤᠮ᠎ᠤᠨ ᠤᠬᠠᠮᠰᠠᠷ ᠪᠤᠯᠭ᠋ᠠᠬᠤ ᠬᠡᠷᠡᠭᠲᠡᠢ᠃ ᠨᠠᠮ᠎ᠤᠨ ᠭᠡᠰᠢᠭᠦᠨ᠂ ᠺᠠᠳ᠋ᠷᠴᠤᠳ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠨᠠᠮ᠎ᠤᠨ ᠰᠠᠬᠢᠯᠭ᠎ᠠ ᠪᠠᠲᠤ ᠵᠢ ᠪᠦᠭᠦ ᠲᠠᠯ᠎ᠠ᠎ᠪᠠᠷ ᠣᠶ᠋ᠢᠯᠠᠭ᠋ᠠᠨ ᠬᠡᠷᠡᠭᠵᠢᠭᠦᠯᠵᠦ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠭᠰᠠᠨ ᠤᠷᠢᠲᠠᠯ ᠳᠣᠣᠷ᠎ᠠ᠂ ᠰᠠᠨᠠᠭ᠎ᠠ ᠠᠮᠤᠷ ᠠᠵᠢᠯᠯᠠᠵᠤ᠂ ᠵᠣᠷᠢᠭᠲᠠᠢ ᠠᠵᠢᠯᠯᠠᠵᠤ᠂ ᠰᠡᠳᠬᠢᠯ ᠰᠢᠭᠤᠳᠤᠨ ᠡᠷᠡᠯᠬᠡᠭᠯᠡᠨ ᠤᠷᠤᠭᠰᠢᠯᠠᠵᠤ᠂ ᠢᠳᠡᠪᠬᠢᠲᠡᠢ ᠠᠵᠢᠯᠯᠠᠵᠤ᠂ ᠠᠷᠠᠳ ᠲᠦᠮᠡᠨ᠎ᠢ ᠬᠥᠰᠡᠷᠳᠡᠭᠦᠯᠬᠦ ᠦᠭᠡᠢ᠂ ᠴᠠᠭ ᠦᠶ᠎ᠡ ᠵᠢ ᠬᠥᠰᠡᠷᠳᠡᠭᠦᠯᠬᠦ ᠦᠭᠡᠢ ᠠᠮᠵᠢᠯᠲᠠ ᠪᠦᠲᠦᠮᠵᠢ ᠡᠭᠦᠳᠬᠦ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠵᠶ᠋ᠠᠷ ᠠᠵᠠ ᠲᠣᠭᠢᠶᠠᠯ ᠪᠤᠯᠭ᠋ᠠᠵᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠵᠦ᠂ ᠦᠨᠳᠦᠰᠦᠨ ᠱᠠᠲᠤᠨ᠎ᠤ ᠺᠠᠳ᠋ᠷ᠎ᠤᠨ ᠠᠵᠢᠯ ᠬᠢᠵᠦ ᠦᠢ᠍ᠯᠡᠰ ᠪᠣᠰᠬᠠᠬᠤ᠎ᠳᠤ ᠰᠠᠶ᠋ᠢᠨ ᠰᠠᠶ᠋ᠢᠬᠠᠨ ᠣᠷᠴᠢᠨ ᠨᠥᠬᠦᠴᠡᠯ᠎ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ ᠬᠥᠭᠵᠢᠯᠲᠡ ᠪᠣᠯᠣᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠳᠤᠮᠳᠠ ᠪᠠᠭ᠎ᠠ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ᠂ ᠭᠡᠷ ᠭᠠᠵᠠᠷ᠎ᠤᠨ ᠬᠥᠷᠥᠩᠭᠡ ᠵᠡᠷᠭᠡ ᠭᠤᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠪᠠ ᠠᠷᠢᠯᠭ᠋ᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠠᠳᠬᠤᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠨᠠᠷᠢᠯᠢᠭ ᠨᠠᠶ᠋ᠢᠳᠠᠪᠤᠷᠢᠵᠢᠭᠤᠯᠵᠤ᠂ ᠡᠭᠦᠰᠴᠦ ᠮᠡᠳᠡᠬᠦ ᠦᠶᠡᠷ ᠤᠰᠤᠲᠤᠯ ᠵᠡᠷᠭᠡ ᠭᠠᠮᠰᠢᠭ᠎ᠢ ᠡᠷᠲᠡᠬᠡᠨ ᠰᠡᠷᠭᠡᠶ᠋ᠢᠯᠡᠵᠦ᠂ ᠡᠯ᠎ᠡ ᠬᠦᠷᠢᠶᠡᠨ᠎ᠤ ᠠᠮᠤᠷ ᠲᠦᠪᠰᠢᠨ᠎ᠤ ᠠᠶᠤᠯ ᠲᠦᠭᠰᠢᠭᠦᠷᠢ ᠭᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠪᠦᠭᠦ ᠲᠠᠯ᠎ᠠ᠎ᠪᠠᠷ ᠴᠢᠩᠭ᠋ᠠᠳᠬᠠᠵᠤ᠂ ᠤᠷᠢᠳᠴᠢᠯᠠᠨ ᠰᠡᠷᠭᠡᠶ᠋ᠢᠯᠡᠬᠦ ᠵᠢ ᠦᠨᠡᠨ ᠬᠦ᠌ ᠪᠠᠲᠤᠯᠠᠵᠤ᠂ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
       ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃
      ᠯᠢ ᠭᠠᠨ ᠵᠢᠶᠧ᠂ ᠾᠧ ᠯᠢ ᠹᠧᠩ ᠵᠢᠴᠢ ᠲᠥᠪ᠎ᠤᠨ ᠪᠠ ᠲᠥᠷᠥ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃
      5 ᠰᠠᠷ᠎ᠠ ᠵᠢᠨ 23᠎ᠤ ᠦᠳᠡ ᠵᠢᠨ ᠡᠮᠦᠨ᠎ᠡ᠂ ᠰᠢ ᠵᠢᠨ ᠫᠢᠩ ᠵᠢᠨᠠᠨ᠎ᠳᠤ ᠰᠠᠭᠤᠭ᠎ᠠ ᠴᠡᠷᠢᠭ ᠠᠩᠭᠢ ᠵᠢᠨ ᠬᠤᠷᠠᠩᠳᠠ᠎ᠠᠴᠠ ᠳᠡᠭᠡᠭᠰᠢᠬᠢ ᠤᠳᠤᠷᠢᠳᠬᠤ ᠺᠠᠳ᠋ᠷ᠎ᠲᠠᠢ ᠵᠢᠨᠠᠨ᠎ᠳᠤ ᠳᠣᠲᠣᠨᠣ᠎ᠪᠠᠷ ᠠᠭᠤᠯᠵᠠᠵᠤ᠂ ᠨᠠᠮ᠎ᠤᠨ ᠲᠥᠪ ᠬᠤᠷᠢᠶ᠎ᠠ ᠪᠣᠯᠣᠨ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠡᠮᠦᠨ᠎ᠡ᠎ᠠᠴᠠ ᠵᠢᠨᠠᠨ᠎ᠳᠤ ᠰᠠᠭᠤᠭ᠎ᠠ ᠴᠡᠷᠢᠭ ᠠᠩᠭᠢ ᠵᠢᠨ ᠪᠦᠭᠦ ᠳᠠᠷᠤᠭ᠎ᠠ ᠪᠠᠶ᠋ᠢᠯᠳᠤᠭᠴᠢᠳ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ᠎ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠩ ᠶᠢᠤ ᠰᠢᠶᠠ ᠪᠠᠷ᠎ᠠ ᠪᠣᠯᠵᠤ ᠠᠭᠤᠯᠵᠠᠪᠠ᠃
   


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ