11 ᠳ᠋ᠦ᠍ᠭᠡᠷ ᠰᠠᠷ᠎ᠠ ᠵᠢᠨ 13᠎ᠠᠴᠠ 21᠎ᠤ ᠡᠳᠦᠷ ᠪᠣᠯᠲᠠᠯ᠎ᠠ᠂ ᠫᠧᠷᠦ᠋ ᠵᠢᠨ ᠶᠡᠷᠦᠩᠬᠡᠶ᠋ᠢᠯᠡᠭᠴᠢ ᠪᠦᠷᠤ᠋ ᠊ ᠠᠷᠲ᠋ᠧ᠂ ᠪᠷᠠᠽᠢᠯ᠎ᠤᠨ ᠶᠡᠷᠦᠩᠬᠡᠶ᠋ᠢᠯᠡᠭᠴᠢ ᠯᠦᠯᠠ ᠵᠢᠨ ᠤᠷᠢᠯᠭ᠎ᠠ᠎ᠪᠠᠷ ᠤᠯᠤᠰ᠎ᠤᠨ ᠲᠡᠷᠢᠭᠦᠯᠡᠭᠴᠢ ᠰᠢ ᠵᠢᠨ ᠫᠢᠩ ᠯᠢᠮᠠ᠎ᠳᠤ ᠬᠦᠷᠴᠦ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠭᠤᠴᠢᠨ ᠨᠢᠭᠡᠳᠦᠭᠡᠷ ᠤᠳᠠᠭ᠎ᠠ ᠵᠢᠨ ᠤᠳᠤᠷᠢᠳᠬᠤ ᠬᠥᠮᠦᠰ᠎ᠤᠨ ᠠᠯᠪᠠᠨ ᠶᠣᠰᠣᠨ᠎ᠤ ᠪᠤᠰᠤ ᠬᠤᠷᠠᠯ᠂ ᠷᠢᠦ᠋ ᠳ᠋ᠢ ᠿᠧᠨᠧᠶ᠋ᠢᠷᠦ᠋᠎ᠳᠤ ᠬᠦᠷᠴᠦ ᠬᠤᠷᠢᠨ ᠤᠯᠤᠰ᠎ᠤᠨ ᠪᠦᠯᠦᠭᠯᠡᠯ᠎ᠤᠨ ᠤᠳᠤᠷᠢᠳᠬᠤ ᠬᠥᠮᠦᠰ᠎ᠤᠨ ᠠᠷᠪᠠ ᠶᠢᠰᠦᠳᠦᠭᠡᠷ ᠤᠳᠠᠭ᠎ᠠ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠭᠰᠠᠨ ᠪᠥᠭᠡᠳ ᠫᠧᠷᠦ᠋᠂ ᠪᠷᠠᠽᠢᠯ᠎ᠳᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠵᠡᠢ᠃
APEC᠎ᠤᠨ ᠬᠤᠷᠠᠯ᠎ᠠᠴᠠ G20 ᠵᠢᠨ ᠲᠦᠷᠦᠭᠦᠴᠦᠳ᠎ᠤᠨ ᠬᠤᠷᠠᠯ ᠬᠦᠷᠲᠡᠯ᠎ᠡ᠂ ᠲᠡᠷᠢᠭᠦᠯᠡᠭᠴᠢ ᠰᠢ ᠵᠢᠨ ᠫᠢᠩ ᠣᠯᠠᠨᠲᠠ ᠴᠢᠬᠤᠯᠠ ᠶᠠᠷᠢᠶ᠎ᠠ ᠲᠠᠯᠪᠢᠵᠤ᠂ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ ᠵᠢᠨ ᠴᠢᠬᠤᠯᠠ ᠴᠢᠨᠠᠷ᠂ ᠨᠡᠭᠡᠭᠡᠯᠲᠡᠲᠦ ᠬᠠᠮᠲᠤᠷᠠᠯᠴᠠᠭ᠎ᠠ ᠵᠢᠨ ᠵᠠᠶ᠋ᠢᠯᠠᠰᠢ ᠦᠭᠡᠢ ᠴᠢᠨᠠᠷ᠎ᠢ ᠠᠮᠢᠳᠤᠯᠢᠭ ᠵᠶ᠋ᠠᠷ ᠵᠦᠢ᠍ᠷᠯᠡᠵᠦ᠂ ᠡᠯ᠎ᠡ ᠤᠯᠤᠰ᠎ᠤᠨ ᠣᠷᠣᠨ ᠪᠦᠰᠡ ᠵᠢᠨ ᠠᠵᠤ ᠠᠬᠤᠢ᠂ ᠤᠯᠠᠨ ᠲᠠᠯᠠᠲᠤ ᠠᠷᠠᠯᠵᠢᠶ᠎ᠠ᠂ ᠲᠦᠷᠦ ᠵᠢᠨ ᠪᠤᠳᠤᠯᠭ᠎ᠠ ᠵᠢᠨ ᠵᠣᠬᠢᠴᠠᠭᠤᠯᠭ᠎ᠠ ᠵᠢᠴᠢ ᠢᠯᠵᠠᠷᠠᠯ᠎ᠢ ᠡᠰᠡᠷᠭᠦᠴᠡᠬᠦ ᠵᠡᠷᠭᠡ ᠬᠦᠷᠢᠶᠡᠨ᠎ᠳᠠᠬᠢ ᠤᠯᠠᠨ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠬᠥᠭᠵᠢᠯ ᠴᠡᠴᠡᠭᠯᠡᠯ᠎ᠢ ᠬᠠᠮᠲᠤ᠎ᠪᠠᠷ ᠠᠬᠢᠭᠤᠯᠵᠤ᠂ ᠨᠡᠩ ᠤᠯᠠᠨ ᠠᠵᠤ ᠠᠬᠤᠢ ᠵᠢᠨ ᠴᠣᠭᠴᠠ᠂ ᠨᠡᠩ ᠤᠯᠠᠨ ᠠᠷᠠᠳ ᠲᠦᠮᠡᠨ᠎ᠳᠤ ᠬᠥᠭᠵᠢᠯᠲᠡ ᠵᠢᠨ ᠦᠷ᠎ᠡ ᠪᠦᠲᠦᠭᠡᠯ ᠵᠶ᠋ᠠᠨ ᠡᠳ᠋ᠯᠡᠭᠦᠯᠬᠦ ᠵᠢ ᠵᠥᠪ ᠪᠤᠷᠤᠭᠤ ᠬᠤᠶᠠᠷ ᠲᠠᠯ᠎ᠠ᠎ᠪᠠᠷ ᠠᠮᠢᠳᠤᠯᠢᠭ ᠵᠦᠢ᠍ᠷᠯᠡᠪᠡ᠃ ᠬᠠᠮᠲᠤ᠎ᠪᠠᠷ ᠰᠤᠷᠤᠯᠴᠠᠶ᠎ᠠ!





