ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠣᠷᠣᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠰᠤᠷᠪᠤᠯᠵᠢᠯᠠᠭᠴᠢᠳ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2024-05-17

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 16᠎ᠤ ᠴᠠᠬᠢᠯᠭ᠋ᠠᠨ ᠮᠡᠳᠡᠭᠡ 5 ᠰᠠᠷ᠎ᠠ ᠵᠢᠨ 16᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠬᠡᠯᠡᠯᠴᠡᠭᠡ ᠬᠢᠭᠰᠡᠨ᠎ᠤ ᠳᠠᠷᠠᠭ᠎ᠠ ᠬᠠᠮᠲᠤ᠎ᠪᠠᠷ ᠰᠤᠷᠪᠤᠯᠵᠢᠯᠠᠬ᠍ᠴᠢᠳ᠎ᠲᠠᠢ ᠠᠭᠤᠯᠵᠠᠪᠠ᠃
      ᠰᠢ ᠵᠢᠨ ᠫᠢᠩ᠂ ᠶᠡᠷᠦᠩᠬᠡᠶ᠋ᠢᠯᠡᠭᠴᠢ ᠫᠦᠲ᠋ᠢᠨ ᠡᠨᠡ ᠤᠳᠠᠭ᠎ᠠ ᠳᠤᠮᠳᠠᠳᠤ ᠤᠯᠤᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠭᠰᠡᠨ᠎ᠨᠢ ᠲᠡᠭᠦᠨ᠎ᠤ ᠰᠢᠨ᠎ᠡ ᠨᠢᠭᠡ ᠬᠤᠭᠤᠴᠠᠭ᠋ᠠᠨ᠎ᠤ ᠶᠡᠷᠦᠩᠬᠡᠶ᠋ᠢᠯᠡᠭᠴᠢ ᠵᠢᠨ ᠲᠤᠰᠢᠶᠠᠯ᠎ᠤᠨ ᠬᠤᠭᠤᠴᠠᠭ᠎ᠠ᠎ᠪᠠᠨ ᠡᠬᠢᠯᠡᠭᠦᠯᠦᠭᠰᠡᠨ᠎ᠤ ᠳᠠᠷᠠᠭ᠋ᠠᠬᠢ ᠠᠩᠬᠠᠳᠠᠭᠴᠢ ᠠᠶ᠋ᠢᠯᠴᠢᠯᠠᠯᠲᠠ ᠪᠣᠯᠣᠨ᠎ᠠ᠂ ᠡᠨᠡ᠎ᠨᠢ ᠶᠡᠷᠦᠩᠬᠡᠶ᠋ᠢᠯᠡᠭᠴᠢ ᠫᠦᠲ᠋ᠢᠨ ᠪᠣᠯᠣᠨ ᠤᠷᠤᠰ᠎ᠤᠨ᠎ᠬᠢᠨ ᠳᠤᠮᠳᠠᠳᠤ ᠤᠷᠤᠰ᠎ᠤᠨ ᠬᠠᠷᠢᠯᠴᠠᠭ᠎ᠠ ᠵᠢ ᠬᠥᠭᠵᠢᠭᠦᠯᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠵᠢ ᠭᠦᠢ᠍ᠴᠡᠳ ᠬᠠᠷᠠᠭᠤᠯᠵᠤ ᠪᠠᠶ᠋ᠢᠨ᠎ᠠ᠃ ᠪᠢ ᠶᠡᠷᠦᠩᠬᠡᠶ᠋ᠢᠯᠡᠭᠴᠢ ᠫᠦᠲ᠋ᠢᠨ᠎ᠤ ᠠᠶ᠋ᠢᠯᠴᠢᠯᠠᠬᠤ᠎ᠪᠠᠷ ᠢᠷᠡᠭᠰᠡᠨ᠎ᠢ ᠬᠠᠯᠠᠭᠤᠨ ᠵᠶ᠋ᠠᠷ ᠤᠭᠲᠤᠵᠤ ᠪᠠᠶ᠋ᠢᠬᠤ᠎ᠪᠠᠨ ᠢᠯᠡᠳᠬᠡᠶ᠎ᠡ᠃ ᠰᠠᠶᠢᠬᠠᠨ ᠪᠢ ᠶᠡᠷᠦᠩᠬᠡᠶ᠋ᠢᠯᠡᠭᠴᠢ ᠫᠦᠲ᠋ᠢᠨ᠎ᠲᠠᠢ ᠦᠨᠡᠨᠴᠢ ᠨᠥᠭᠦᠷᠰᠡᠭ᠂ ᠠᠭᠤᠯᠭ᠎ᠠ᠎ᠪᠠᠷ ᠪᠠᠶᠠᠯᠢᠭ ᠬᠡᠯᠡᠯᠴᠡᠭᠡ ᠬᠢᠵᠦ᠂ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 75 ᠵᠢᠯ᠎ᠤᠨ ᠲᠤᠷᠰᠢᠬᠢ ᠬᠤᠶᠠᠷ ᠤᠯᠤᠰ᠎ᠤᠨ ᠬᠠᠷᠢᠯᠴᠠᠭ᠎ᠠ ᠵᠢᠨ ᠬᠥᠭᠵᠢᠯᠲᠡ ᠵᠢᠨ ᠠᠮᠵᠢᠯᠲᠠ᠎ᠲᠠᠢ ᠲᠤᠷᠰᠢᠯᠭ᠎ᠠ ᠵᠢ ᠪᠦᠭᠦ ᠲᠠᠯ᠎ᠠ᠎ᠪᠠᠷ ᠳ᠋ᠦᠩᠨᠡᠵᠦ᠂ ᠬᠤᠶᠠᠷ ᠲᠠᠯ᠎ᠠ ᠵᠢᠨ ᠬᠠᠷᠢᠯᠴᠠᠭ᠎ᠠ ᠵᠢᠴᠢ ᠬᠠᠮᠲᠤ᠎ᠪᠠᠷ ᠠᠩᠬᠠᠷᠴᠤ ᠪᠠᠶ᠋ᠢᠭ᠎ᠠ ᠴᠢᠬᠤᠯᠠ ᠶᠡᠭᠡ ᠳᠡᠯᠡᠬᠡᠢ ᠵᠢᠨ ᠪᠠ ᠭᠠᠵᠠᠷ ᠣᠷᠣᠨ᠎ᠤ ᠠᠰᠠᠭᠤᠳᠠᠯ᠎ᠤᠨ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠲᠠᠷᠠᠭ᠋ᠠᠴᠢ ᠵᠢᠨ ᠱᠠᠲᠤᠨ᠎ᠤ ᠬᠤᠶᠠᠷ ᠤᠯᠤᠰ᠎ᠤᠨ ᠬᠠᠷᠢᠯᠴᠠᠭ᠎ᠠ ᠵᠢᠨ ᠬᠥᠭᠵᠢᠯᠲᠡ ᠪᠣᠯᠣᠨ ᠡᠯ᠎ᠡ ᠬᠦᠷᠢᠶᠡᠨ᠎ᠳᠠᠬᠢ ᠬᠠᠮᠲᠤᠷᠠᠯᠴᠠᠭ᠎ᠠ᠎ᠳᠤ ᠲᠥᠯᠦᠪᠵᠢᠭᠦᠯᠭᠡ ᠪᠠ ᠪᠠᠶ᠋ᠢᠷᠢᠯᠠᠭᠤᠯᠤᠯᠲᠠ ᠬᠢᠪᠡ᠃ ᠪᠢᠳᠡ ᠪᠠᠰᠠ 《ᠪᠦᠭᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ᠎ᠤᠨ ᠬᠤᠯᠪᠣᠭ᠋ᠠᠨ᠎ᠤ ᠬᠤᠶᠠᠷ ᠤᠯᠤᠰ᠎ᠤᠨ ᠬᠠᠷᠢᠯᠴᠠᠭ᠎ᠠ ᠪᠠᠶ᠋ᠢᠭᠤᠯᠤᠭᠰᠠᠨ 75 ᠵᠢᠯ᠎ᠤᠨ ᠤᠢ ᠵᠢᠨ ᠲᠠᠰᠢᠷᠠᠮ᠎ᠳᠤ ᠰᠢᠨ᠎ᠡ ᠴᠠᠭ ᠦᠶ᠎ᠡ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢ ᠭᠦᠨᠵᠡᠭᠡᠶ᠋ᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶ᠋ᠢᠯᠡᠯᠲᠡ》᠎ᠳᠤ ᠬᠠᠮᠲᠤ᠎ᠪᠠᠷ ᠭᠠᠷ᠎ᠤᠨ ᠦᠰᠦᠭ ᠵᠢᠷᠤᠭᠰᠠᠨ ᠪᠥᠭᠡᠳ ᠨᠡᠶ᠋ᠢᠲᠡᠯᠡᠵᠦ᠂ ᠬᠤᠶᠠᠷ ᠤᠯᠤᠰ᠎ᠤᠨ ᠵᠠᠰᠠᠭ᠎ᠤᠨ ᠣᠷᠳᠣᠨ᠎ᠤ ᠬᠤᠭᠤᠷᠣᠨᠳᠣᠭᠢ ᠪᠠ ᠰᠠᠯᠠᠭ᠎ᠠ ᠮᠥᠴᠢᠷ᠎ᠤᠨ ᠬᠤᠭᠤᠷᠣᠨᠳᠣᠭᠢ ᠤᠯᠠᠨ ᠵᠦᠢ᠍ᠯ᠎ᠤᠨ ᠴᠢᠬᠤᠯᠠ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ᠎ᠳᠤ ᠭᠠᠷ᠎ᠤᠨ ᠦᠰᠦᠭ ᠵᠢᠷᠤᠬᠤ ᠵᠢ ᠭᠡᠷᠡᠴᠢᠯᠡᠵᠦ᠂ ᠳᠤᠮᠳᠠᠳᠤ ᠤᠷᠤᠰ᠎ᠤᠨ ᠬᠠᠷᠢᠯᠴᠠᠭ᠎ᠠ ᠵᠢᠨ ᠡᠷᠡᠭᠦᠯ ᠵᠶ᠋ᠠᠷ ᠬᠥᠭᠵᠢᠬᠦ᠎ᠳᠤ ᠰᠢᠨ᠎ᠡ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ ᠭᠡᠵᠦ ᠵᠢᠭ᠋ᠠᠵᠤ ᠭᠠᠷᠭ᠋ᠠᠵᠠᠢ᠃
      ᠰᠢ ᠵᠢᠨ ᠫᠢᠩ᠂ ᠡᠨᠡ ᠵᠢᠯ ᠪᠣᠯ ᠳᠤᠮᠳᠠᠳᠤ ᠤᠷᠤᠰ᠎ᠤᠨ ᠬᠠᠷᠢᠯᠴᠠᠭ᠎ᠠ ᠪᠠᠶ᠋ᠢᠭᠤᠯᠤᠭᠰᠠᠨ 75 ᠵᠢᠯ᠎ᠤᠨ ᠤᠢ ᠪᠣᠯᠣᠨ᠎ᠠ᠃ ᠨᠢᠭᠡ ᠵᠠᠭᠤᠨ᠎ᠤ ᠳᠦᠷᠪᠡᠨ᠎ᠤ ᠭᠤᠷᠪᠠᠨ ᠬᠤᠪᠢ ᠵᠢᠨ ᠶᠠᠪᠤᠴᠠ᠎ᠳᠤ᠂ ᠳᠤᠮᠳᠠᠳᠤ ᠤᠷᠤᠰ᠎ᠤᠨ ᠬᠠᠷᠢᠯᠴᠠᠭ᠎ᠠ ᠰᠠᠯᠬᠢ ᠪᠣᠷᠣᠭ᠋ᠠᠨ᠎ᠢ ᠲᠤᠭᠤᠯᠵᠤ᠂ ᠶᠠᠪᠤᠬᠤ ᠲᠤᠳᠤᠮ ᠪᠠᠬᠢᠵᠢᠪᠡ᠃ ᠢᠯᠠᠩᠭᠤᠶ᠎ᠠ ᠰᠢᠨ᠎ᠡ ᠴᠠᠭ ᠦᠶ᠎ᠡ᠎ᠠᠴᠠ ᠨᠠᠭ᠋ᠠᠰᠢ ᠬᠤᠶᠠᠷ ᠤᠯᠤᠰ᠎ᠤᠨ ᠬᠠᠷᠢᠯᠴᠠᠭ᠋ᠠᠨ᠎ᠤ ᠪᠠᠶ᠋ᠢᠷᠢ ᠲᠣᠭᠲᠠᠭ᠋ᠠᠯᠲᠠ ᠦᠷᠭᠦᠯᠵᠢᠯᠡᠨ ᠳᠡᠭᠡᠭᠰᠢᠯᠡᠵᠦ᠂ ᠬᠠᠮᠲᠤᠷᠠᠯᠴᠠᠭ᠋ᠠᠨ᠎ᠤ ᠠᠭᠤᠯᠤᠭᠳᠠᠬᠤᠨ ᠡᠳᠦᠷ ᠢᠷᠡᠬᠦᠶ᠎ᠡ ᠪᠠᠶᠠᠯᠢᠭᠵᠢᠵᠤ᠂ ᠦᠶ᠎ᠡ ᠵᠢᠨ ᠦᠶ᠎ᠡ᠎ᠳᠡᠭᠡᠨ ᠨᠥᠭᠦᠷᠰᠡᠭ ᠪᠠᠶ᠋ᠢᠬᠤ ᠣᠶ᠋ᠢᠯᠠᠭ᠋ᠠᠭᠳᠠᠬᠤᠨ ᠬᠥᠮᠥᠰ᠎ᠤᠨ ᠰᠡᠳᠬᠢᠯ᠎ᠳᠤ ᠭᠦᠨ ᠬᠠᠳᠠᠩᠰᠢᠪᠠ᠃ ᠳᠤᠮᠳᠠᠳᠤ ᠣᠷᠣᠰ᠎ᠤᠨ ᠬᠠᠷᠢᠯᠴᠠᠭ᠎ᠠ ᠨᠢᠭᠡᠨᠲᠡ ᠰᠢᠨ᠎ᠡ ᠭᠡᠯᠪᠡᠷᠢ ᠵᠢᠨ ᠣᠯᠠᠨ ᠤᠯᠤᠰ᠎ᠤᠨ ᠬᠠᠷᠢᠯᠴᠠᠭ᠎ᠠ ᠪᠠ ᠬᠥᠷᠰᠢ ᠵᠡᠷᠭᠡᠯᠡᠳᠡᠭᠡ ᠲᠣᠮᠣ ᠤᠯᠤᠰ᠎ᠤᠨ ᠬᠠᠷᠢᠯᠴᠠᠭ᠋ᠠᠨ᠎ᠤ ᠦᠯᠢᠭᠡᠷ ᠵᠢᠱ᠌ᠢᠶ᠎ᠡ ᠪᠣᠯᠵᠠᠢ᠃ ᠳᠤᠮᠳᠠᠳᠤ ᠤᠷᠤᠰ᠎ᠤᠨ ᠬᠠᠷᠢᠯᠴᠠᠭ᠎ᠠ ᠡᠳᠡᠭᠡᠷ ᠢᠯᠡᠷᠬᠡᠢ ᠠᠮᠵᠢᠯᠲᠠ ᠣᠯᠣᠭᠰᠠᠨ᠎ᠨᠢ ᠬᠤᠶᠠᠷ ᠲᠠᠯ᠎ᠠ᠎ᠪᠠᠷ ᠵᠶ᠋ᠠᠨ ᠢᠮᠠᠭᠲᠠ 《ᠲᠠᠪᠤ ᠵᠢ ᠪᠠᠷᠢᠮᠲᠠᠯᠠᠭᠰᠠᠨ》᠎ᠳᠤ ᠪᠠᠶ᠋ᠢᠨ᠎ᠠ᠃
     ᠨᠢᠭᠡ᠎ᠳᠤ᠂ ᠬᠠᠷᠢᠯᠴᠠᠨ ᠬᠦᠨᠳᠦᠳᠬᠡᠬᠦ᠎ᠪᠠᠷ ᠦᠨᠳᠦᠰᠦ ᠪᠤᠯᠭ᠋ᠠᠬᠤ ᠵᠢ ᠪᠠᠷᠢᠮᠲᠠᠯᠠᠵᠤ᠂ ᠭᠤᠣᠯᠯᠠᠭᠴᠢ ᠠᠰᠢᠭ ᠲᠤᠰᠠ ᠵᠢᠨ ᠠᠰᠠᠭᠤᠳᠠᠯ ᠳᠡᠭᠡᠷ᠎ᠡ ᠢᠮᠠᠭᠲᠠ ᠬᠠᠷᠢᠯᠴᠠᠨ ᠳᠡᠮᠵᠢᠪᠡ᠃ ᠪᠢ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠳᠤᠮᠳᠠᠳᠤ ᠤᠷᠤᠰ ᠬᠤᠶᠠᠷ ᠤᠯᠤᠰ ᠲᠣᠮᠣ ᠤᠯᠤᠰ᠂ ᠬᠥᠷᠰᠢ ᠤᠯᠤᠰ᠎ᠤᠨ ᠬᠠᠷᠢᠯᠴᠠᠭ᠋ᠠᠨ᠎ᠤ ᠬᠥᠭᠵᠢᠯᠲᠡ ᠵᠢᠨ ᠰᠢᠨ᠎ᠡ ᠠᠷᠭ᠎ᠠ ᠵᠠᠮ ᠵᠶ᠋ᠠᠷ ᠵᠠᠮᠨᠠᠵᠤ ᠴᠢᠳᠠᠭᠰᠠᠨ᠎ᠤ ᠵᠠᠩᠭᠢᠯᠠᠭ᠎ᠠ᠎ᠨᠢ ᠬᠠᠷᠢᠯᠴᠠᠨ ᠭᠦᠨᠳᠦᠳᠭᠡᠵᠦ᠂ ᠡᠷᠬᠡ ᠲᠡᠭᠰᠢ᠎ᠪᠠᠷ ᠬᠠᠨᠳᠤᠵᠤ᠂ ᠢᠮᠠᠭᠲᠠ ᠲᠤᠰ ᠲᠤᠰ᠎ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶ᠋ᠢᠭ᠎ᠠ ᠴᠢᠬᠤᠯᠠ ᠶᠡᠭᠡ ᠠᠰᠠᠭᠤᠳᠠᠯ᠎ᠤᠨ ᠲᠠᠯ᠎ᠠ᠎ᠪᠠᠷ ᠬᠠᠷᠢᠯᠴᠠᠨ ᠡᠷᠡᠰ ᠳᠡᠮᠵᠢᠭᠰᠡᠨ᠎ᠳᠤ ᠪᠠᠶ᠋ᠢᠨ᠎ᠠ ᠭᠡᠵᠦ ᠰᠠᠨᠠᠯ ᠨᠢᠭᠡᠲᠡᠢ ᠦᠵᠡᠪᠡ᠃ ᠡᠨᠡ᠎ᠨᠢ ᠮᠥᠨ ᠴᠦ᠍ ᠳᠤᠮᠳᠠᠳᠤ ᠤᠷᠤᠰ᠎ᠤᠨ ᠰᠢᠨ᠎ᠡ ᠴᠠᠭ ᠦᠶ᠎ᠡ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢᠨ ᠭᠤᠣᠯ ᠠᠭᠤᠯᠭ᠎ᠠ ᠪᠣᠯᠣᠨ᠎ᠠ᠃ ᠬᠤᠶᠠᠷ ᠲᠠᠯ᠎ᠠ᠎ᠪᠠᠷ ᠵᠶ᠋ᠠᠨ 《ᠬᠤᠯᠪᠣᠭ᠋ᠠᠯᠠᠬᠤ ᠦᠭᠡᠢ᠂ ᠡᠰᠡᠷᠭᠦᠴᠡᠯᠳᠦᠬᠦ ᠦᠭᠡᠢ᠂ ᠭᠤᠷᠪᠠᠳᠤᠭ᠋ᠠᠷ ᠡᠲᠡᠭᠡᠳ᠎ᠲᠤ ᠴᠢᠭᠯᠡᠭᠦᠯᠬᠦ ᠦᠭᠡᠢ》 ᠵᠠᠷᠴᠢᠮ᠎ᠢ ᠦᠷᠭᠦᠯᠵᠢᠯᠡᠨ ᠪᠠᠷᠢᠮᠲᠠᠯᠠᠵᠤ᠂ ᠤᠯᠤᠰ ᠲᠦᠷᠦ ᠵᠢᠨ ᠢᠲᠡᠭᠡᠯᠴᠡᠭᠡ᠎ᠪᠠᠨ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠲᠤᠰ ᠲᠤᠰ᠎ᠤᠨ ᠰᠣᠩᠭᠤᠭᠰᠠᠨ ᠬᠥᠭᠵᠢᠯᠲᠡ ᠵᠢᠨ ᠵᠠᠮ᠎ᠢ ᠭᠦᠨᠳᠦᠳᠭᠡᠵᠦ᠂ ᠬᠠᠷᠢᠯᠴᠠᠨ ᠡᠷᠡᠰ ᠳᠡᠮᠵᠢᠬᠦ ᠳᠤᠮᠳᠠ ᠲᠤᠰ ᠲᠤᠰ᠎ᠤᠨ ᠬᠥᠭᠵᠢᠯ ᠮᠠᠨᠳᠤᠯ ᠵᠶ᠋ᠠᠨ ᠪᠡᠶᠡᠯᠡᠭᠦᠯᠦᠨ᠎ᠡ᠃ 
     ᠬᠤᠶᠠᠷ᠎ᠲᠤ᠂ ᠬᠠᠮᠲᠤᠷᠠᠯᠴᠠᠵᠤ ᠬᠠᠮᠲᠤ᠎ᠪᠠᠷ ᠠᠰᠢᠭ ᠭᠦᠷᠳᠡᠭᠦ᠎ᠪᠠᠷ ᠬᠥᠳᠡᠯᠭᠡᠬᠦ ᠬᠦᠴᠦᠨ ᠪᠤᠯᠭ᠋ᠠᠬᠤ ᠵᠢ ᠪᠠᠷᠢᠮᠲᠠᠯᠠᠵᠤ᠂ ᠳᠤᠮᠳᠠᠳᠤ ᠤᠷᠤᠰ᠎ᠤᠨ ᠬᠠᠷᠢᠯᠴᠠᠨ ᠬᠠᠷᠠᠭ᠋ᠠᠯᠵᠠᠵᠤ ᠬᠠᠷᠢᠯᠴᠠᠨ ᠠᠰᠢᠭᠲᠠᠢ ᠪᠠᠶ᠋ᠢᠬᠤ ᠰᠢᠨ᠎ᠡ ᠪᠠᠶ᠋ᠢᠷᠢᠰᠢᠯ᠎ᠢ ᠪᠠᠶ᠋ᠢᠭᠤᠯᠤᠨ᠎ᠠ᠃ ᠨᠢᠳᠤᠨᠤᠨ ᠳᠤᠮᠳᠠᠳᠤ ᠤᠷᠤᠰ᠎ᠤᠨ ᠬᠤᠶᠠᠷ ᠲᠠᠯ᠎ᠠ ᠵᠢᠨ ᠠᠷᠠᠯᠵᠢᠶᠠᠨ᠎ᠤ ᠬᠡᠮᠵᠢᠶ᠎ᠡ 2400 ᠳ᠋ᠦᠩᠰᠢᠭᠤᠷ ᠳ᠋ᠣᠯᠯᠠᠷ᠎ᠢ ᠳᠠᠪᠠᠵᠤ᠂ 10 ᠵᠢᠯ᠎ᠤᠨ ᠡᠮᠦᠨᠡᠬᠢ᠎ᠠᠴᠠ 1.7 ᠲᠠᠭᠢᠨ ᠰᠢᠬᠠᠮ ᠨᠡᠮᠡᠭᠳᠡᠵᠡᠢ᠃ ᠡᠨᠡ ᠪᠣᠯ ᠳᠤᠮᠳᠠᠳᠤ ᠤᠷᠤᠰ ᠬᠤᠶᠠᠷ ᠤᠯᠤᠰ᠎ᠤᠨ ᠪᠦᠭᠦ ᠲᠠᠯ᠎ᠠ ᠵᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠵᠢ ᠲᠠᠰᠤᠷᠠᠯᠳᠠ ᠦᠭᠡᠢ ᠭᠦᠨᠵᠡᠭᠡᠶ᠋ᠢᠷᠡᠭᠦᠯᠦᠭᠰᠡᠨ᠎ᠤ ᠬᠤᠷᠢᠶᠠᠩᠭᠤᠢ ᠳᠦᠷᠰᠦ ᠪᠣᠯᠣᠨ᠎ᠠ᠃ ᠪᠢ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠬᠤᠶᠠᠷ ᠤᠯᠤᠰ᠎ᠤᠨ ᠠᠰᠢᠭ ᠲᠤᠰᠠ ᠵᠢᠨ ᠨᠡᠶ᠋ᠢᠯᠡᠯ ᠴᠡᠭ᠎ᠢ ᠢᠳᠡᠪᠬᠢᠲᠡᠢ ᠡᠷᠢᠯᠬᠢᠯᠡᠵᠦ᠂ ᠲᠤᠰ ᠲᠤᠰ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠠᠰᠢᠭ ᠲᠤᠰᠠ ᠵᠢᠨ ᠠᠭᠤᠰᠤᠯᠴᠠᠯ᠎ᠢ ᠭᠦᠨᠵᠡᠭᠡᠶ᠋ᠢᠷᠡᠭᠦᠯᠵᠦ᠂ ᠬᠠᠮᠲᠤ᠎ᠪᠠᠷ ᠠᠮᠵᠢᠯᠲᠠ ᠪᠦᠲᠦᠮᠵᠢ ᠣᠯᠬᠤ ᠵᠢ ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ ᠦᠵᠡᠪᠡ᠃ ᠬᠠᠮᠲᠤᠷᠠᠯᠴᠠᠭ᠋ᠠᠨ᠎ᠤ ᠪᠦᠲᠦᠴᠡ ᠵᠢ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠢ ᠠᠷᠠᠯᠵᠢᠶ᠎ᠠ ᠵᠡᠷᠭᠡ ᠤᠯᠠᠮᠵᠢᠯᠠᠯᠲᠤ ᠬᠦᠷᠢᠶ᠎ᠡ ᠴᠠᠷᠠᠭ᠋ᠠᠨ᠎ᠳᠠᠬᠢ ᠬᠠᠮᠲᠤᠷᠠᠯᠴᠠᠭ᠋ᠠᠨ᠎ᠤ ᠰᠠᠶ᠋ᠢᠨ ᠰᠠᠶ᠋ᠢᠬᠠᠨ ᠬᠠᠨᠳᠤᠰᠢ ᠵᠢ ᠰᠠᠶ᠋ᠢᠲᠤᠷ ᠪᠠᠬᠢᠵᠢᠭᠦᠯᠵᠦ᠂ ᠰᠠᠭᠤᠷᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠠᠪᠴᠠᠩ᠎ᠤᠨ ᠲᠣᠣᠷ ᠰᠦᠯᠵᠢᠶ᠎ᠡ ᠵᠢ ᠪᠠᠶ᠋ᠢᠭᠤᠯᠬᠤ ᠵᠢ ᠳᠡᠮᠵᠢᠵᠦ᠂ ᠬᠤᠰᠢᠭᠤᠷᠠᠯ ᠬᠦᠷᠢᠶ᠎ᠡ ᠴᠠᠷᠠᠭ᠋ᠠᠨ᠎ᠳᠠᠬᠢ ᠬᠠᠮᠲᠤᠷᠠᠯᠴᠠᠭ᠋ᠠᠨ᠎ᠤ ᠳᠠᠯᠳᠠ ᠬᠦᠴᠦᠨ᠎ᠢ ᠦᠷᠭᠦᠯᠵᠢᠯᠡᠨ ᠪᠠᠳᠠᠷᠠᠭᠤᠯᠵᠤ᠂ ᠪᠣᠭᠤᠮᠲᠠ ᠪᠣᠯᠣᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ᠎ᠢ ᠬᠠᠮᠠᠭ᠋ᠠᠯᠠᠨ᠎ᠠ᠃
      ᠭᠤᠷᠪᠠ᠎ᠳᠤ᠂ ᠦᠶ᠎ᠡ ᠵᠢᠨ ᠦᠶ᠎ᠡ ᠤᠯᠠᠮᠵᠢᠯᠠᠭᠰᠠᠨ ᠨᠥᠬᠦᠷᠯᠡᠯ ᠵᠶ᠋ᠠᠷ ᠰᠠᠭᠤᠷᠢ ᠪᠤᠯᠭ᠋ᠠᠬᠤ ᠵᠢ ᠪᠠᠷᠢᠮᠲᠠᠯᠠᠵᠤ᠂ ᠳᠤᠮᠳᠠᠳᠤ ᠤᠷᠤᠰ᠎ᠤᠨ ᠨᠥᠬᠦᠷᠯᠡᠯ᠎ᠤᠨ ᠭᠠᠯ ᠪᠠᠮᠪᠠᠷ᠎ᠢ ᠬᠠᠮᠲᠤ᠎ᠪᠠᠷ ᠳᠠᠮᠵᠢᠭᠤᠯᠤᠨ᠎ᠠ᠃ ᠳᠤᠮᠳᠠᠳᠤ ᠣᠷᠣᠰ ᠬᠤᠶᠠᠷ ᠤᠯᠤᠰ ᠴᠥᠮ ᠥᠨᠢ ᠤᠳᠠᠭ᠋ᠠᠨ ᠲᠡᠦᠬᠡ ᠪᠠ ᠭᠡᠷᠡᠯ ᠰᠠᠴᠤᠷᠠᠩᠭᠤᠢ ᠰᠣᠶᠣᠯ᠎ᠲᠠᠢ ᠪᠠᠶ᠋ᠢᠵᠤ᠂ ᠫᠦᠱᠺᠢᠨ᠂ ᠲᠤᠯᠰᠲ᠋ᠤᠢ ᠵᠢᠨ ᠪᠦᠲᠦᠭᠡᠯ᠎ᠢ ᠳᠤᠮᠳᠠᠳᠤ ᠤᠯᠤᠰ᠎ᠲᠤ ᠳᠠᠶᠠᠭ᠋ᠠᠷ ᠵᠶ᠋ᠠᠨ ᠮᠡᠳᠡᠳᠡᠭ᠂ ᠪᠡᠭᠡᠵᠢᠩ ᠵᠦᠴᠦᠭᠡ᠂ ᠨᠡᠷᠡᠬᠦᠢ ᠨᠢᠳᠤᠷᠭ᠎ᠠ ᠵᠡᠷᠭᠡ ᠳᠤᠮᠳᠠᠳᠤ ᠤᠯᠤᠰ᠎ᠤᠨ ᠤᠯᠠᠮᠵᠢᠯᠠᠯᠲᠤ ᠰᠣᠶᠣᠯ᠎ᠨᠢ ᠴᠦ᠍ ᠣᠷᠣᠰ᠎ᠤᠨ ᠠᠷᠠᠳ ᠲᠦᠮᠡᠨ᠎ᠤ ᠪᠠᠭ᠍ᠠᠷᠬᠠᠯ᠎ᠢ ᠶᠡᠬᠡᠳᠡ ᠣᠯᠣᠭᠰᠠᠨ ᠶᠤᠮ᠃ ᠣᠳᠣᠬᠠᠨ᠎ᠳᠤ ᠬᠤᠶᠠᠷ ᠲᠠᠯ᠎ᠠ᠎ᠪᠠᠷ ᠵᠶ᠋ᠠᠨ 《2030 ᠣᠨ᠎ᠠᠴᠠ ᠡᠮᠦᠨᠡᠬᠢ ᠳᠤᠮᠳᠠᠳᠤ ᠤᠷᠤᠰ᠎ᠤᠨ ᠰᠣᠶᠣᠯ ᠢᠷᠭᠡᠨᠰᠢᠯ᠎ᠤᠨ ᠬᠠᠮᠲᠤᠷᠠᠯᠴᠠᠭ᠋ᠠᠨ᠎ᠤ ᠵᠠᠮ ᠱᠤᠭᠤᠮ᠎ᠤᠨ ᠵᠢᠷᠤᠭ》᠎ᠢ ᠨᠠᠶ᠋ᠢᠳᠠᠪᠤᠷᠢᠵᠢᠭᠤᠯᠬᠤ᠎ᠪᠠᠷ ᠭᠤᠣᠯ ᠰᠢᠵᠢᠮ ᠪᠤᠯᠭ᠋ᠠᠵᠤ᠂ ᠰᠣᠶᠣᠯ ᠢᠷᠭᠡᠨᠰᠢᠯ᠎ᠤᠨ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠲᠠᠰᠤᠷᠠᠯᠳᠡ ᠦᠭᠡᠢ ᠥᠷᠭᠡᠳᠬᠡᠵᠦ ᠪᠠᠶ᠋ᠢᠨ᠎ᠠ᠃ ᠪᠢ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠡᠨᠡ ᠵᠢᠯ ᠪᠠ ᠢᠷᠡᠬᠦ ᠵᠢᠯ᠎ᠢ 《ᠳᠤᠮᠳᠠᠳᠤ ᠤᠷᠤᠰ᠎ᠤᠨ ᠰᠣᠶᠣᠯ᠎ᠤᠨ ᠣᠨ》 ᠵᠶ᠋ᠠᠷ ᠲᠣᠭᠲᠠᠭ᠋ᠠᠵᠤ᠂ ᠬᠤᠶᠠᠷ ᠲᠠᠯ᠎ᠠ᠎ᠪᠠᠷ ᠵᠶ᠋ᠠᠨ ᠤᠯᠠᠨ ᠲᠦᠮᠡᠨ᠎ᠲᠠᠢ ᠣᠶ᠋ᠢᠷᠠᠲᠤᠭᠰᠠᠨ᠂ ᠠᠷᠠᠳ᠎ᠤᠨ ᠰᠡᠳᠬᠢᠯ᠎ᠢ ᠬᠤᠯᠪᠣᠭᠰᠠᠨ᠂ ᠬᠠᠯᠠᠭᠤᠨ ᠰᠡᠳᠬᠢᠯᠭᠡ᠎ᠲᠠᠢ ᠠᠯᠢ ᠤᠯᠠᠨ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠵᠢ ᠥᠷᠨᠢᠭᠦᠯᠵᠦ᠂ ᠬᠤᠶᠠᠷ ᠤᠯᠤᠰ᠎ᠤᠨ ᠨᠡᠶ᠋ᠢᠭᠡᠮ᠎ᠤᠨ ᠡᠯ᠎ᠡ ᠡᠲᠡᠭᠡᠳ᠂ ᠡᠯ᠎ᠡ ᠭᠠᠵᠠᠷ᠎ᠤᠨ᠎ᠬᠢᠨ᠎ᠤ ᠶᠠᠪᠤᠯᠴᠠᠭ᠎ᠠ᠎ᠪᠠᠨ ᠴᠢᠩᠭ᠋ᠠᠳᠬᠠᠬᠤ ᠵᠢ ᠵᠣᠷᠢᠭᠵᠢᠭᠤᠯᠵᠤ᠂ ᠠᠷᠠᠳ᠎ᠤᠨ ᠰᠡᠳᠬᠢᠯ᠎ᠤᠨ ᠣᠶ᠋ᠢᠯᠠᠭ᠋ᠠᠯᠴᠠᠭ᠎ᠠ ᠨᠡᠪᠲᠡᠷᠡᠯᠴᠡᠭᠡ᠂ ᠳᠣᠲᠣᠨᠣᠰᠤᠭ ᠶᠠᠪᠤᠯᠴᠠᠭ᠎ᠠ ᠵᠢ ᠨᠡᠩ ᠰᠠᠶ᠋ᠢᠲᠤᠷ ᠠᠬᠢᠭᠤᠯᠤᠨ᠎ᠠ᠃
      ᠳᠥᠷᠪᠡ᠎ᠳᠤ᠂ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠎ᠠ᠎ᠪᠠᠷ ᠲᠤᠯᠭ᠋ᠠᠭᠤᠷᠢᠯᠠᠯ ᠪᠤᠯᠭ᠋ᠠᠬᠤ ᠵᠢ ᠪᠠᠷᠢᠮᠲᠠᠯᠠᠵᠤ᠂ ᠪᠦᠭᠦ ᠪᠥᠮᠪᠥᠷᠴᠡᠭ᠎ᠤᠨ ᠵᠠᠰᠠᠯᠲᠠ ᠵᠢᠨ ᠵᠥᠪ ᠴᠢᠭᠯᠡᠯ᠎ᠢ ᠬᠥᠲᠥᠯᠥᠨ ᠳᠠᠭ᠋ᠠᠭᠤᠯᠤᠨ᠎ᠠ᠃ ᠬᠤᠶᠠᠷ ᠲᠠᠯ᠎ᠠ᠎ᠪᠠᠷ ᠵᠶ᠋ᠠᠨ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠎ᠪᠠᠷ ᠭᠤᠣᠯ ᠪᠤᠯᠭ᠋ᠠᠬᠰᠠᠨ ᠤᠯᠠᠨ ᠤᠯᠤᠰ᠎ᠤᠨ ᠰᠢᠰᠲ᠋ᠧᠮ ᠪᠣᠯᠣᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭ᠋ᠠᠬᠰᠠᠨ ᠤᠯᠠᠨ ᠤᠯᠤᠰ᠎ᠤᠨ ᠡᠮᠬᠢ ᠳᠢᠭᠯᠢᠮ᠎ᠢ ᠡᠷᠡᠰ ᠬᠠᠮᠠᠭ᠋ᠠᠯᠠᠵᠤ᠂ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ᠂ ᠬᠤᠷᠢᠨ ᠤᠯᠤᠰ᠎ᠤᠨ ᠪᠦᠯᠦᠭᠯᠡᠯ ᠵᠡᠷᠭᠡ ᠤᠯᠠᠨ ᠲᠠᠯᠠᠲᠤ ᠲᠠᠪᠴᠠᠩ᠎ᠳᠤ ᠵᠣᠬᠢᠴᠠᠭᠤᠯᠭ᠎ᠠ ᠪᠠ ᠬᠠᠮᠵᠢᠯᠴᠠᠭ᠎ᠠ᠎ᠪᠠᠨ ᠨᠢᠭᠲᠠᠷᠠᠭᠤᠯᠵᠤ᠂ ᠵᠢᠩᠬᠢᠨᠢ ᠤᠯᠠᠨ ᠲᠠᠯᠠᠲᠤ ᠦᠵᠡᠯ ᠵᠶ᠋ᠠᠷ ᠳᠡᠯᠡᠬᠡᠢ ᠵᠢᠨ ᠤᠯᠠᠨ ᠲᠤᠶ᠋ᠢᠯᠰᠢᠷᠠᠯᠲᠠ ᠪᠠ ᠠᠵᠤ ᠠᠬᠤᠢ ᠵᠢᠨ ᠳᠡᠯᠡᠬᠡᠶ᠋ᠢᠵᠢᠯᠲᠡ ᠵᠢ ᠠᠬᠢᠭᠤᠯᠤᠨ᠎ᠠ᠃ ᠡᠨᠡ ᠵᠢᠯ ᠤᠷᠤᠰ ᠠᠯᠳᠠᠨ ᠲᠣᠭᠤᠰᠭ᠋᠎ᠠ ᠤᠯᠤᠰ᠎ᠤᠳ᠎ᠤᠨ ᠵᠢᠵᠢᠭᠦᠷ ᠲᠡᠷᠢᠭᠦᠯᠡᠭᠴᠢ ᠤᠯᠤᠰ᠎ᠤᠨ ᠲᠤᠰᠢᠶᠠᠯ᠎ᠢ ᠡᠭᠦᠷᠭᠡᠯᠡᠨ᠎ᠡ᠂ ᠵᠢᠯ᠎ᠤᠨ ᠳᠣᠲᠣᠷ᠎ᠠ ᠳᠤᠮᠳᠠᠳᠤ ᠵᠢᠨ ᠲᠠᠯ᠎ᠠ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠵᠢᠵᠢᠭᠦᠷ ᠲᠡᠷᠢᠭᠦᠯᠡᠭᠴᠢ ᠤᠯᠤᠰ᠎ᠤᠨ ᠲᠤᠰᠢᠶᠠᠯ᠎ᠢ ᠭᠥᠯᠢᠶᠡᠨ ᠠᠪᠤᠨ᠎ᠠ᠂ ᠬᠤᠶᠠᠷ ᠲᠠᠯ᠎ᠠ᠎ᠪᠠᠷ ᠵᠶ᠋ᠠᠨ ᠲᠡᠷᠢᠭᠦᠯᠡᠭᠴᠢ ᠤᠯᠤᠰ᠎ᠤᠨ ᠠᠵᠢᠯ ᠵᠶ᠋ᠠᠨ ᠬᠠᠷᠢᠯᠴᠠᠨ ᠲᠡᠮᠵᠢᠵᠤ᠂ ᠨᠡᠩ ᠪᠦᠭᠦ ᠲᠠᠯ᠎ᠠ ᠵᠢᠨ᠂ ᠨᠠᠷᠢᠨ ᠨᠢᠭᠲᠠ᠂ ᠪᠣᠳᠠᠲᠠᠢ ᠵᠢ ᠡᠷᠬᠢᠮᠯᠡᠭᠰᠡᠨ᠂ ᠪᠠᠭᠲᠠᠭ᠋ᠠᠮᠵᠢᠲᠠᠢ ᠴᠢᠨᠠᠷ ᠰᠠᠶ᠋ᠢᠲᠠᠢ ᠬᠠᠨᠢᠲᠠᠨ᠎ᠤ ᠬᠠᠷᠢᠯᠴᠠᠭ᠎ᠠ ᠵᠢ ᠪᠠᠶ᠋ᠢᠭᠤᠯᠵᠤ᠂ 《ᠪᠦᠭᠦ ᠪᠥᠮᠪᠥᠷᠴᠡᠭ᠎ᠤᠨ ᠬᠥᠭᠵᠢᠵᠦ ᠪᠠᠶ᠋ᠢᠭ᠎ᠠ ᠤᠯᠤᠰ᠎ᠤᠳ》᠎ᠢ ᠪᠦᠯᠬᠦᠮᠳᠡᠭᠦᠯᠦᠨ ᠪᠤᠵᠠᠭ᠋ᠠᠶ᠋ᠢᠷᠠᠭᠤᠯᠤᠨ᠎ᠠ᠃
      ᠲᠠᠪᠤ᠎ᠳᠤ᠂ ᠲᠥᠪ ᠭᠤᠣᠯᠴᠢ ᠰᠢᠳᠤᠷᠭᠤ ᠶᠣᠰᠣ᠎ᠪᠠᠷ ᠵᠣᠷᠢᠯᠲᠠ ᠪᠤᠯᠭ᠋ᠠᠬᠤ ᠵᠢ ᠪᠠᠷᠢᠮᠲᠠᠯᠠᠵᠤ᠂ ᠬᠠᠯᠠᠮᠰᠢᠯ ᠠᠰᠠᠭᠤᠳᠠᠯ᠎ᠢ ᠤᠯᠤᠰ ᠲᠦᠷᠦ᠎ᠪᠠᠷ ᠰᠢᠢ᠍ᠳᠪᠦᠷᠢᠯᠡᠬᠦ ᠵᠢ ᠠᠬᠢᠭᠤᠯᠬᠤ᠎ᠪᠠᠷ ᠴᠢᠷᠮᠠᠶ᠋ᠢᠨ᠎ᠠ᠃ ᠣᠳᠣᠬᠠᠨ᠎ᠤ ᠳᠡᠯᠡᠬᠡᠢ ᠶᠢᠷᠲᠢᠨᠴᠦ᠎ᠳᠤ ᠬᠦᠢ᠍ᠲᠡᠨ ᠲᠠᠶ᠋ᠢᠨ᠎ᠤ ᠰᠡᠳᠬᠢᠬᠦᠢ ᠰᠠᠷᠨᠢᠭ᠎ᠠ ᠦᠭᠡᠢ ᠪᠠᠶ᠋ᠢᠵᠤ᠂ ᠭᠠᠭᠴᠠ ᠲᠠᠯ᠎ᠠ᠎ᠪᠠᠷ ᠵᠶ᠋ᠠᠨ ᠡᠵᠡᠷᠬᠡᠭᠴᠢ ᠪᠤᠯᠬᠤ᠂ ᠯᠡᠭᠧᠷ᠎ᠤᠨ ᠡᠰᠡᠷᠭᠦᠴᠡᠯᠳᠦᠯ᠂ ᠬᠦᠴᠦᠷᠬᠡᠭᠯᠡᠯ᠎ᠤᠨ ᠤᠯᠤᠰ ᠲᠦᠷᠦ᠎ᠨᠢ ᠳᠡᠯᠡᠬᠡᠢ ᠵᠢᠨ ᠡᠩᠬᠡ ᠲᠠᠶ᠋ᠢᠪᠤᠩ ᠪᠠ ᠡᠯ᠎ᠡ ᠤᠯᠤᠰ᠎ᠤᠨ ᠠᠮᠤᠷ ᠲᠦᠪᠰᠢᠨ᠎ᠢ ᠰᠦᠷᠳᠡᠭᠦᠯᠵᠦ ᠪᠠᠶ᠋ᠢᠨ᠎ᠠ᠃ ᠫᠠᠯᠧᠰᠲ᠋ᠠᠶ᠋ᠢᠨ ᠢᠰᠷᠧᠯ᠎ᠤᠨ ᠮᠥᠷᠭᠦᠯᠳᠦᠭᠡᠨ᠎ᠤ ᠠᠰᠠᠭᠤᠳᠠᠯ᠎ᠢ ᠰᠢᠢ᠍ᠳᠪᠦᠷᠢᠯᠡᠬᠦ ᠶᠠᠪᠤᠳᠠᠯ ᠲᠤᠯᠭ᠋ᠠᠮ ᠪᠣᠯᠣᠭ᠋ᠠᠳ ᠪᠠᠶ᠋ᠢᠨ᠎ᠠ ᠭᠡᠵᠦ ᠪᠢ ᠶᠡᠷᠦᠩᠬᠡᠶ᠋ᠢᠯᠡᠭᠴᠢ ᠫᠦᠲ᠋ᠢᠨ᠎ᠲᠠᠢ ᠰᠠᠨᠠᠯ ᠨᠢᠭᠡᠲᠡᠢ ᠦᠵᠡᠪᠡ᠃ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠰᠢᠢ᠍ᠳᠪᠦᠷᠢ ᠵᠢ ᠦᠨᠡᠨ ᠬᠦ᠌ ᠬᠡᠷᠡᠭᠵᠢᠭᠦᠯᠵᠦ᠂ 《ᠬᠤᠶᠠᠷ ᠤᠯᠤᠰ᠎ᠤᠨ ᠲᠥᠰᠥᠯ》 ᠵᠶ᠋ᠠᠷ ᠰᠠᠭᠤᠷᠢ ᠪᠣᠯᠭ᠋ᠠᠨ ᠫᠠᠯᠧᠰᠲ᠋ᠠᠶ᠋ᠢᠨ᠎ᠤ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ᠃ ᠦᠺᠷᠠᠶ᠋ᠢᠨ᠎ᠤ ᠬᠢᠮᠤᠷᠠᠯ᠎ᠢ ᠤᠯᠤᠰ ᠲᠥᠷᠥ᠎ᠪᠠᠷ ᠰᠢᠢ᠍ᠳᠪᠦᠷᠢᠯᠡᠬᠦ ᠪᠣᠯ ᠵᠥᠪ ᠴᠢᠭᠯᠡᠯ ᠮᠥᠨ ᠭᠡᠵᠦ ᠬᠤᠶᠠᠷ ᠲᠠᠯ᠎ᠠ᠎ᠪᠠᠷ ᠵᠶ᠋ᠠᠨ ᠰᠠᠨᠠᠯ ᠨᠢᠭᠡᠲᠡᠢ ᠦᠵᠡᠵᠦ ᠪᠠᠶ᠋ᠢᠨ᠎ᠠ᠃ ᠳᠤᠮᠳᠠᠳᠤ ᠤᠯᠤᠰ᠎ᠤᠨ ᠡᠨᠡ ᠬᠦ᠌ ᠠᠰᠠᠭᠤᠳᠠᠯ ᠳᠡᠭᠡᠷᠡᠬᠢ ᠵᠣᠭᠰᠣᠯᠲᠠ ᠪᠣᠯ ᠢᠮᠠᠭᠲᠠ ᠵᠢᠨ ᠪᠥᠭᠡᠳ ᠲᠣᠳᠣᠷᠬᠠᠢ ᠶᠤᠮ᠂ ᠡᠭᠦᠨ᠎ᠳᠤ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠦᠨᠳᠦᠰᠦᠨ ᠳᠦᠷᠢᠮ᠎ᠤᠨ ᠵᠣᠷᠢᠯᠲᠠ ᠪᠠ ᠵᠠᠷᠴᠢᠮ᠎ᠢ ᠵᠢᠷᠤᠮᠯᠠᠬᠤ᠂ ᠡᠯ᠎ᠡ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠶ᠋ᠢᠬᠤ ᠵᠢ ᠬᠦᠨᠳᠦᠳᠬᠡᠬᠦ᠂ ᠡᠯ᠎ᠡ ᠲᠠᠯ᠎ᠠ ᠵᠢᠨ᠎ᠬᠢᠨ᠎ᠤ ᠠᠮᠤᠷ ᠲᠦᠪᠰᠢᠨ᠎ᠤ ᠲᠤᠬᠠᠢ ᠵᠦᠢ ᠶᠣᠰᠣᠨ᠎ᠤ ᠠᠩᠬᠠᠷᠤᠯ᠎ᠢ ᠬᠦᠨᠳᠦᠳᠬᠡᠬᠦ᠂ ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ ᠰᠢᠨ᠎ᠡ ᠮᠠᠶᠢᠭ᠎ᠤᠨ ᠠᠮᠤᠷ ᠲᠦᠪᠰᠢᠨ᠎ᠤ ᠪᠣᠷᠣ ᠲᠥᠯᠥᠪ᠎ᠢ ᠪᠠᠶ᠋ᠢᠭᠤᠯᠬᠤ ᠵᠡᠷᠭᠡ ᠵᠢ ᠪᠠᠭᠲᠠᠭ᠋ᠠᠨ᠎ᠠ᠃ ᠳᠤᠮᠳᠠᠳᠤ ᠤᠯᠤᠰ ᠡᠸᠦ᠋ᠷᠦᠫᠡ ᠲᠢᠪ᠎ᠤᠨ ᠡᠬᠡ ᠬᠠᠭᠤᠷᠠᠢ ᠡᠷᠲᠡᠬᠡᠨ ᠡᠩᠬᠡ ᠲᠠᠶ᠋ᠢᠪᠤᠩ ᠲᠣᠭᠲᠠᠭᠤᠨ ᠪᠠᠶ᠋ᠢᠳᠠᠯ ᠵᠶ᠋ᠠᠨ ᠰᠡᠷᠭᠦᠭᠡᠬᠦ ᠵᠢ ᠬᠦᠰᠡᠵᠦ ᠪᠠᠶ᠋ᠢᠨ᠎ᠠ᠂ ᠳᠤᠷᠠᠲᠠᠶ᠎ᠠ ᠡᠭᠦᠨ᠎ᠤ ᠲᠥᠯᠥᠭᠡ ᠦᠷᠭᠦᠯᠵᠢᠯᠡᠨ ᠪᠦᠲᠦᠭᠡᠯᠴᠢ ᠴᠢᠨᠠᠷᠲᠠᠢ ᠦᠢ᠍ᠯᠡᠳᠦᠯ ᠦᠵᠡᠭᠦᠯᠦᠨ᠎ᠡ ᠭᠡᠵᠦ ᠴᠢᠬᠤᠯᠠᠴᠢᠯᠠᠪᠠ᠃
      ᠰᠢ ᠵᠢᠨ ᠫᠢᠩ᠂ ᠤᠯᠠᠨ᠎ᠤ ᠬᠦᠴᠦᠨ᠎ᠳᠤ ᠣᠪᠣᠭ᠎ᠠ ᠪᠣᠰᠣᠨ᠎ᠠ᠂ ᠲᠤᠰᠤᠯ ᠬᠤᠷᠠᠮᠳᠤᠵᠤ ᠲᠠᠯᠠᠢ ᠪᠣᠯᠣᠨ᠎ᠠ᠃ 75 ᠵᠢᠯ᠎ᠤᠨ ᠪᠠᠲᠤ ᠪᠠᠬᠢ ᠬᠤᠷᠠᠮᠳᠤᠭᠤᠯᠤᠯ ᠵᠶ᠋ᠠᠷ ᠳᠡᠮᠵᠢᠨ ᠳᠤᠮᠳᠠᠳᠤ ᠣᠷᠣᠰ ᠬᠤᠶᠠᠷ ᠤᠯᠤᠰ᠎ᠤᠨ ᠦᠶ᠎ᠡ ᠵᠢᠨ ᠦᠶ᠎ᠡ᠎ᠳᠡᠭᠡᠨ ᠨᠥᠭᠦᠷᠰᠡᠭ ᠪᠠᠶ᠋ᠢᠬᠤ ᠪᠠ ᠪᠦᠭᠦ ᠲᠠᠯ᠎ᠠ ᠵᠢᠨ ᠬᠠᠮᠲᠤᠷᠠᠯᠴᠠᠭ᠎ᠠ᠎ᠨᠢ ᠨᠢᠭᠡᠨᠲᠡ ᠬᠤᠶᠠᠷ ᠲᠠᠯ᠎ᠠ ᠵᠢᠨ ᠬᠦᠴᠢᠷ ᠪᠡᠷᠬᠡᠰᠢᠶᠡᠯ᠎ᠠᠴᠠ ᠠᠶᠤᠬᠤ ᠦᠭᠡᠢ᠂ ᠲᠠᠰᠤᠷᠠᠯᠲᠠ ᠦᠭᠡᠢ ᠤᠷᠤᠭᠰᠢᠯᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠵᠤ ᠪᠦᠷᠢᠯᠳᠦᠪᠡ᠃ ᠲᠡᠦᠬᠡ ᠵᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠷᠤᠰ ᠬᠤᠶᠠᠷ ᠲᠠᠯ᠎ᠠ᠎ᠪᠠᠷ ᠵᠶ᠋ᠠᠨ ᠢᠮᠠᠭᠲᠠ ᠤᠭ ᠰᠠᠨᠠᠭ᠎ᠠ᠎ᠪᠠᠨ ᠪᠠᠲᠤ ᠰᠠᠬᠢᠵᠤ᠂ ᠬᠦᠴᠦ᠎ᠪᠠᠨ ᠬᠠᠮᠲᠤᠳᠬᠠᠨ ᠬᠠᠷᠢᠭᠤᠴᠠᠯᠭ᠎ᠠ ᠡᠭᠦᠷᠭᠡᠯᠡᠵᠦ᠂ ᠬᠤᠶᠠᠷ ᠤᠯᠤᠰ᠎ᠤᠨ ᠠᠷᠠᠳ ᠲᠦᠮᠡᠨ᠎ᠳᠤ ᠨᠡᠩ ᠤᠯᠠᠨ ᠪᠤᠶᠠᠨ ᠦᠢ᠍ᠯᠡᠳᠴᠦ᠂ ᠳᠡᠯᠡᠬᠡᠢ ᠵᠢᠨ ᠠᠮᠤᠷ ᠲᠦᠪᠰᠢᠨ ᠲᠣᠭᠲᠠᠭᠤᠨ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ ᠭᠡᠵᠦ ᠵᠢᠭ᠋ᠠᠵᠤ ᠭᠠᠷᠭ᠋ᠠᠪᠠ᠃
      ᠫᠦᠲ᠋ᠢᠨ᠂ ᠨᠢᠳᠤᠨᠤᠨ ᠲᠡᠷᠢᠭᠦᠯᠡᠭᠴᠢ ᠰᠢ ᠵᠢᠨ ᠫᠢᠩ ᠦᠷᠭᠦᠯᠵᠢᠯᠡᠨ ᠲᠤᠰᠢᠶᠠᠯ ᠡᠭᠦᠷᠭᠡᠯᠡᠭᠡᠳ ᠤᠳᠠᠭᠰᠠᠨ ᠦᠭᠡᠢ ᠤᠷᠤᠰ᠎ᠲᠤ ᠲᠦᠷᠦ ᠵᠢᠨ  ᠶᠠᠪᠤᠳᠠᠯ᠎ᠤᠨ ᠠᠶ᠋ᠢᠯᠴᠢᠯᠠᠯᠲᠠ ᠬᠢᠭᠰᠡᠨ ᠪᠠᠶ᠋ᠢᠨ᠎ᠠ᠂ ᠪᠢ ᠡᠨᠡ ᠤᠳᠠᠭ᠎ᠠ ᠦᠷᠭᠦᠯᠵᠢᠯᠡᠨ ᠲᠤᠰᠢᠶᠠᠯ ᠡᠭᠦᠷᠭᠡᠯᠡᠭᠰᠡᠨ᠎ᠤ ᠲᠠᠷᠠᠭ᠎ᠠ ᠳᠤᠮᠳᠠᠳᠤ ᠤᠯᠤᠰ᠎ᠢ ᠠᠩᠬ᠎ᠠ ᠤᠳᠠᠭ᠎ᠠ ᠠᠶ᠋ᠢᠯᠴᠢᠯᠠᠯᠲᠠ ᠬᠢᠬᠦ ᠤᠯᠤᠰ ᠪᠤᠯᠭ᠋ᠠᠬᠰᠠᠨ᠎ᠨᠢ ᠤᠷᠤᠰ ᠳᠤᠮᠳᠠᠳᠤ ᠵᠢᠨ ᠬᠠᠷᠢᠯᠴᠠᠭ᠎ᠠ ᠵᠢᠨ ᠣᠨᠴᠠᠭ᠋ᠠᠢ ᠴᠢᠨᠠᠷ ᠪᠣᠯᠣᠨ ᠥᠨᠳᠥᠷ ᠲᠦᠪᠰᠢᠨ ᠵᠢᠴᠢ ᠤᠷᠤᠰ ᠳᠤᠮᠳᠠᠳᠤ ᠬᠤᠶᠠᠷ ᠲᠠᠯ᠎ᠠ᠎ᠪᠠᠷ ᠵᠶ᠋ᠠᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ᠎ᠪᠠᠨ ᠴᠢᠨᠠᠭᠰᠢᠳᠠ ᠭᠦᠨᠵᠡᠭᠡᠶ᠋ᠢᠷᠡᠭᠦᠯᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠵᠢ ᠳᠠᠬᠢᠨᠲᠠ ᠢᠯᠡᠳᠬᠡᠪᠡ᠃ ᠤᠷᠤᠰ ᠳᠤᠮᠳᠠᠳᠤ ᠬᠠᠷᠢᠯᠴᠠᠭ᠎ᠠ ᠪᠠᠶ᠋ᠢᠭᠤᠯᠤᠭᠰᠠᠨ 75 ᠵᠢᠯ᠎ᠤᠨ ᠲᠤᠷᠰᠢ ᠬᠤᠶᠠᠷ ᠤᠯᠤᠰ᠎ᠤᠨ ᠬᠠᠷᠢᠯᠴᠠᠭ᠎ᠠ ᠨᠢᠭᠡᠨᠲᠡ ᠲᠣᠮᠣ ᠤᠯᠤᠰ᠂ ᠬᠥᠷᠰᠢ ᠤᠯᠤᠰ᠎ᠤᠨ ᠬᠠᠨᠢᠲᠠᠨ᠎ᠤ ᠬᠠᠷᠢᠯᠴᠠᠭ᠎ᠠ᠎ᠪᠠᠨ ᠬᠥᠭᠵᠢᠭᠦᠯᠬᠦ ᠬᠡᠪ ᠳᠠᠭᠤᠷᠢᠶᠠᠯ ᠪᠣᠯᠵᠤ᠂ ᠬᠤᠶᠠᠷ ᠤᠯᠤᠰ᠎ᠤᠨ ᠬᠠᠮᠲᠤᠷᠠᠯᠴᠠᠭ᠋ᠠᠨ᠎ᠤ ᠠᠭᠤᠯᠭ᠎ᠠ ᠪᠠᠶᠠᠯᠢᠭ᠂ ᠦᠷ᠎ᠡ ᠪᠦᠲᠦᠭᠡᠯ ᠡᠯᠪᠡᠭ ᠪᠣᠯᠵᠠᠢ᠃ ᠪᠢ ᠲᠡᠷᠢᠭᠦᠯᠡᠭᠴᠢ ᠰᠢ ᠵᠢᠨ ᠫᠢᠩ᠎ᠲᠠᠢ ᠨᠢᠭᠲᠠ ᠣᠯᠣᠯᠴᠠᠭ᠎ᠠ ᠪᠠ ᠰᠠᠶ᠋ᠢᠨ ᠰᠠᠶ᠋ᠢᠬᠠᠨ ᠬᠠᠷᠢᠯᠴᠠᠭ᠎ᠠ᠎ᠪᠠᠨ ᠪᠠᠲᠤᠯᠠᠵᠤ᠂ ᠮᠠᠨ᠎ᠤ ᠬᠤᠶᠠᠷ ᠲᠠᠯ᠎ᠠ᠎ᠪᠠᠷ ᠵᠶ᠋ᠠᠨ ᠤᠷᠤᠰ ᠳᠤᠮᠳᠠᠳᠤ ᠵᠢᠨ ᠬᠠᠷᠢᠯᠴᠠᠭ᠋ᠠᠨ᠎ᠤ ᠣᠳᠣᠬᠢ ᠪᠠᠶ᠋ᠢᠳᠠᠯ᠎ᠳᠤ ᠰᠡᠳᠬᠢᠯ ᠬᠠᠨᠤᠮᠵᠢᠲᠠᠢ ᠪᠠᠶ᠋ᠢᠬᠤ᠎ᠪᠠᠨ ᠢᠯᠡᠳᠬᠡᠵᠦ᠂ ᠢᠷᠡᠭᠡᠳᠦᠢ ᠵᠢᠨ ᠬᠠᠮᠲᠤᠷᠠᠯᠴᠠᠭ᠎ᠠ᠎ᠳᠤ ᠢᠲᠡᠭᠡᠯ ᠳᠦᠭᠦᠷᠡᠩ ᠪᠠᠶ᠋ᠢᠨ᠎ᠠ᠃ ᠤᠷᠤᠰ᠎ᠤᠨ ᠲᠠᠯ᠎ᠠ ᠵᠢᠨ᠎ᠬᠢᠨ ᠳᠤᠮᠳᠠᠳᠤ ᠤᠯᠤᠰ᠎ᠢ ᠤᠷᠳᠤ ᠬᠤᠭᠤᠴᠠᠭ᠋ᠠᠨ᠎ᠤ ᠨᠠᠶ᠋ᠢᠳᠠᠪᠤᠷᠢᠲᠠᠢ ᠬᠠᠮᠲᠤᠷᠠᠯᠴᠠᠭ᠋ᠠᠨ᠎ᠤ ᠬᠠᠨᠢᠲᠠᠨ ᠵᠶ᠋ᠠᠨ ᠪᠤᠯᠭ᠋ᠠᠵᠤ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠤᠰ ᠲᠦᠷᠦ᠂ ᠠᠵᠤ ᠠᠬᠤᠢ᠂ ᠰᠣᠶᠣᠯ᠂ ᠰᠤᠷᠭ᠋ᠠᠨ ᠬᠥᠮᠦᠵᠢᠯ᠂ ᠠᠮᠤᠷ ᠲᠦᠪᠰᠢᠨ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠦᠷᠭᠦᠯᠵᠢᠯᠡᠨ ᠥᠷᠭᠡᠳᠬᠡᠵᠦ᠂ 《ᠤᠷᠤᠰ ᠳᠤᠮᠳᠠᠳᠤ ᠵᠢᠨ ᠰᠣᠶᠣᠯ᠎ᠤᠨ ᠣᠨ》᠎ᠢ ᠰᠠᠶ᠋ᠢᠲᠤᠷ ᠡᠷᠭᠢᠯᠡᠵᠦ᠂ ᠰᠣᠶᠣᠯ ᠢᠷᠭᠡᠨᠰᠢᠯ᠎ᠤᠨ ᠰᠣᠯᠢᠯᠴᠠᠭ᠎ᠠ᠎ᠪᠠᠨ ᠭᠦᠨᠵᠡᠭᠡᠶ᠋ᠢᠷᠡᠭᠦᠯᠦᠨ᠎ᠡ᠃ ᠤᠷᠤᠰ ᠳᠤᠮᠳᠠᠳᠤ ᠤᠯᠠᠨ ᠤᠯᠤᠰ᠎ᠤᠨ ᠲᠠᠪᠴᠠᠩ ᠳᠡᠭᠡᠷ᠎ᠡ ᠨᠢᠭᠲᠠ ᠬᠠᠮᠵᠢᠯᠴᠠᠭ᠎ᠠ᠎ᠪᠠᠨ ᠪᠠᠲᠤᠯᠠᠵᠤ᠂ ᠨᠡᠩ ᠠᠷᠠᠳᠴᠢᠯᠠᠯ᠎ᠲᠠᠢ ᠤᠯᠠᠨ ᠲᠤᠶ᠋ᠢᠯᠵᠢᠭᠰᠠᠨ ᠳᠡᠯᠡᠬᠡᠢ ᠵᠢᠨ ᠡᠮᠬᠢ ᠳᠢᠭᠯᠢᠮ᠎ᠢ ᠪᠠᠶ᠋ᠢᠭᠤᠯᠬᠤ᠎ᠪᠠᠷ ᠬᠠᠮᠲᠤ᠎ᠪᠠᠷ ᠴᠢᠷᠮᠠᠶ᠋ᠢᠵᠤ᠂ ᠳᠤᠷᠠᠲᠠᠶ᠎ᠠ ᠠᠯᠳᠠᠨ ᠲᠣᠭᠤᠰᠭ᠋᠎ᠠ ᠤᠯᠤᠰ᠎ᠤᠳ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠡᠷᠭᠡ ᠪᠣᠷᠣ ᠲᠥᠯᠥᠪ᠎ᠤᠨ ᠳᠣᠲᠣᠷᠠᠬᠢ ᠬᠠᠮᠲᠤᠷᠠᠯᠴᠠᠭ᠎ᠠ ᠵᠢᠴᠢ ᠳᠡᠯᠡᠬᠡᠢ ᠵᠢᠨ ᠪᠠ ᠭᠠᠵᠠᠷ ᠣᠷᠣᠨ᠎ᠤ ᠴᠢᠬᠤᠯᠠ ᠶᠡᠭᠡ ᠠᠰᠠᠭᠤᠳᠠᠯ᠎ᠤᠨ ᠲᠠᠯ᠎ᠠ᠎ᠪᠠᠷ᠎ᠬᠢ ᠣᠯᠣᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠭᠠᠵᠠᠷ ᠣᠷᠣᠨ ᠪᠣᠯᠣᠨ ᠳᠡᠯᠡᠬᠡᠢ ᠵᠢᠨ ᠡᠩᠬᠡ ᠲᠠᠶ᠋ᠢᠪᠤᠩ ᠬᠥᠭᠵᠢᠯᠲᠡ ᠵᠢ ᠠᠬᠢᠭᠤᠯᠤᠨ᠎ᠠ ᠭᠡᠵᠦ ᠢᠯᠡᠳᠬᠡᠪᠡ᠃
      ᠼᠠᠢ ᠴᠢ᠂ ᠳ᠋ᠢᠩ ᠰᠢᠤᠸᠠᠢ ᠰᠢᠶᠠᠩ᠂ ᠸᠠᠩ ᠢ᠂ ᠾᠧ ᠯᠢ ᠹᠧᠩ᠂ ᠵᠠᠩ ᠭᠦᠸᠧ ᠴᠢᠩ᠂ ᠱᠧᠨ ᠢ ᠴᠢᠨ ᠨᠠᠷ ᠣᠷᠣᠯᠴᠠᠪᠠ᠃






   

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ