ᠰᠢᠨᠬᠤᠸᠠ ᠬᠤᠷᠢᠶ᠎ᠠ ᠵᠢᠨ ᠪᠡᠭᠡᠵᠢᠩ᠎ᠤᠨ 11 ᠰᠠᠷ᠎ᠠ ᠵᠢᠨ 6᠎ᠤ ᠴᠠᠭᠢᠯᠭ᠋ᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠶ᠋ᠢᠷ᠎ᠠ᠎ᠳᠤ ᠨᠡᠶ᠋ᠢᠭᠡᠮ᠎ᠤᠨ ᠠᠵᠢᠯ᠎ᠳᠤ ᠴᠢᠬᠤᠯᠠ ᠵᠢᠭ᠋ᠠᠪᠤᠷᠢ ᠥᠭᠴᠦ᠂ ᠨᠡᠶ᠋ᠢᠭᠡᠮ᠎ᠤᠨ ᠠᠵᠢᠯ ᠪᠣᠯ ᠨᠠᠮ ᠪᠣᠯᠣᠨ ᠤᠯᠤᠰ᠎ᠤᠨ ᠠᠵᠢᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠂ ᠨᠠᠮ᠎ᠤᠨ ᠣᠷᠳᠣ ᠬᠤᠭᠤᠴᠠᠭ᠎ᠠ᠎ᠪᠠᠷ ᠲᠥᠷᠥ ᠪᠠᠷᠢᠬᠤ ᠪᠠ ᠤᠯᠤᠰ᠎ᠤᠨ ᠥᠨᠢ ᠤᠳᠠᠭ᠋ᠠᠨ ᠠᠮᠤᠷ ᠲᠣᠭᠲᠠᠭᠤᠨ ᠪᠠᠶ᠋ᠢᠬᠤ᠎ᠲᠠᠢ ᠬᠤᠯᠪᠣᠭᠳᠠᠵᠤ᠂ ᠨᠡᠶ᠋ᠢᠭᠡᠮ᠎ᠤᠨ ᠡᠶ᠎ᠡ ᠵᠣᠬᠢᠴᠠᠩᠭᠤᠢ ᠲᠣᠭᠲᠠᠭᠤᠨ ᠪᠠ ᠠᠷᠠᠳ ᠲᠦᠮᠡᠨ᠎ᠤ ᠵᠣᠯ ᠵᠢᠷᠭ᠋ᠠᠯ ᠠᠮᠤᠷ ᠲᠦᠪᠰᠢᠨ᠎ᠲᠠᠢ ᠬᠤᠯᠪᠣᠭᠳᠠᠨ᠎ᠠ᠃ ᠰᠢᠨ᠎ᠡ ᠴᠠᠭ ᠦᠶ᠎ᠡ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ ᠠᠯᠢ ᠤᠯᠠᠨ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠬᠢᠵᠦ᠂ ᠨᠡᠶ᠋ᠢᠭᠡᠮ᠎ᠤᠨ ᠠᠵᠢᠯ᠎ᠤᠨ ᠴᠢᠬᠤᠯᠠ ᠠᠮᠵᠢᠯᠲᠠ ᠪᠦᠲᠦᠮᠵᠢ ᠣᠯᠬᠤ ᠵᠢ ᠠᠬᠢᠭᠤᠯᠪᠠ᠃ ᠣᠳᠣᠬᠠᠨ᠎ᠳᠤ ᠮᠠᠨ᠎ᠤ ᠤᠯᠤᠰ᠎ᠤᠨ ᠨᠡᠶ᠋ᠢᠭᠡᠮ᠎ᠤᠨ ᠪᠦᠲᠦᠴᠡ᠎ᠳᠤ ᠶᠠᠭ ᠭᠦᠨᠵᠡᠭᠡᠢ ᠬᠤᠪᠢᠷᠠᠯᠲᠠ ᠭᠠᠷᠴᠤ ᠪᠤᠢ᠂ ᠢᠯᠠᠩᠭᠤᠶ᠎ᠠ ᠰᠢᠨ᠎ᠡ᠎ᠪᠠᠷ ᠮᠠᠨᠳᠤᠭᠰᠠᠨ ᠬᠦᠷᠢᠶ᠎ᠡ ᠦᠳᠲᠡᠷ ᠲᠦᠷᠭᠡᠨ ᠬᠥᠭᠵᠢᠵᠦ᠂ ᠰᠢᠨ᠎ᠡ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ᠂ ᠰᠢᠨ᠎ᠡ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠶᠡᠭᠡ ᠬᠡᠮᠵᠢᠶ᠎ᠡ᠎ᠪᠠᠷ ᠢᠯᠡᠷᠡᠨ ᠭᠠᠷᠴᠤ᠂ ᠰᠢᠨ᠎ᠡ ᠠᠵᠢᠯ ᠬᠢᠵᠦ ᠪᠠᠶ᠋ᠢᠭ᠎ᠠ ᠬᠥᠮᠥᠰ᠎ᠤᠨ ᠬᠡᠪᠴᠢᠶ᠎ᠡ ᠦᠷᠭᠦᠯᠵᠢᠯᠡᠨ ᠥᠷᠭᠡᠳᠴᠦ᠂ ᠨᠡᠶ᠋ᠢᠭᠡᠮ᠎ᠤᠨ ᠠᠵᠢᠯ᠎ᠳᠤ ᠰᠢᠨ᠎ᠡ ᠪᠠᠶ᠋ᠢᠳᠠᠯ ᠰᠢᠨ᠎ᠡ ᠡᠭᠦᠷᠭᠡ ᠲᠤᠯᠭ᠋ᠠᠷᠠᠵᠤ ᠪᠠᠶ᠋ᠢᠭ᠎ᠠ ᠪᠣᠯᠬᠤᠷ ᠡᠷᠬᠡᠪᠰᠢ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ᠂ ᠭᠤᠷᠪᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠠᠷᠠᠳ ᠲᠦᠮᠡᠨ ᠵᠶ᠋ᠠᠷ ᠭᠤᠣᠯ ᠪᠤᠯᠭ᠋ᠠᠬᠤ ᠵᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠤᠯᠠᠨ ᠲᠦᠮᠡᠨᠴᠢ ᠱᠤᠭᠤᠮ᠎ᠢ ᠦᠢ᠍ᠯᠡᠳᠦᠯᠭᠡᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠨᠡᠶ᠋ᠢᠭᠡᠮ᠎ᠤᠨ ᠵᠠᠰᠠᠯᠲᠠ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠨᠡᠶ᠋ᠢᠭᠡᠮ᠎ᠤᠨ ᠠᠵᠢᠯ᠎ᠤᠨ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠵᠦ᠂ ᠰᠢᠨ᠎ᠡ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ᠂ ᠰᠢᠨ᠎ᠡ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠰᠢᠨ᠎ᠡ ᠠᠵᠢᠯ ᠬᠢᠵᠦ ᠪᠠᠶ᠋ᠢᠭ᠎ᠠ ᠬᠥᠮᠥᠰ᠎ᠤᠨ ᠨᠠᠮ᠎ᠤᠨ ᠪᠠᠶ᠋ᠢᠭᠤᠯᠤᠯᠲᠠ ᠵᠢ ᠲᠣᠪᠤᠶ᠋ᠢᠯᠭ᠋ᠠᠨ ᠰᠠᠶ᠋ᠢᠲᠤᠷ ᠠᠳᠬᠤᠵᠤ᠂ ᠨᠠᠮ᠎ᠤᠨ ᠰᠢᠨ᠎ᠡ᠎ᠪᠠᠷ ᠮᠠᠨᠳᠤᠭᠰᠠᠨ ᠬᠦᠷᠢᠶᠡᠨ᠎ᠳᠠᠬᠢ ᠤᠷᠢᠶᠠᠯᠠᠬᠤ ᠬᠦᠴᠦᠨ ᠨᠢᠭᠲᠠᠷᠠᠭᠤᠯᠬᠤ ᠬᠦᠴᠦᠨ ᠨᠥᠯᠥᠭᠡᠯᠡᠬᠦ ᠬᠦᠴᠦᠨ᠎ᠢ ᠲᠠᠰᠤᠷᠠᠯᠳᠠ ᠦᠭᠡᠢ ᠴᠢᠩᠭ᠋ᠠᠳᠬᠠᠬᠤ ᠭᠡᠷᠡᠭᠲᠡᠢ; ᠨᠠᠮ᠎ᠤᠨ ᠪᠠᠶ᠋ᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠪᠠ ᠦᠨᠳᠦᠰᠦᠨ ᠱᠠᠲᠤᠨ᠎ᠤ ᠵᠠᠰᠠᠭ᠎ᠤᠨ ᠡᠷᠬᠡ ᠵᠢᠨ ᠪᠠᠶ᠋ᠢᠭᠤᠯᠤᠯᠲᠠ ᠵᠢ ᠬᠥᠲᠥᠯᠥᠨ ᠳᠠᠭ᠋ᠠᠭᠤᠯᠬᠤ ᠵᠢ ᠰᠠᠶ᠋ᠢᠲᠤᠷ ᠠᠳᠬᠤᠬᠤ ᠭᠡᠷᠡᠭᠳᠠᠢ; ᠤᠯᠠᠨ ᠲᠦᠮᠡᠨ᠎ᠢ ᠨᠢᠭᠲᠠᠷᠠᠭᠤᠯᠵᠤ ᠤᠯᠠᠨ ᠲᠦᠮᠡᠨ᠎ᠳᠤ ᠦᠢ᠍ᠯᠡᠴᠢᠯᠡᠬᠦ ᠠᠵᠢᠯ᠎ᠢ ᠰᠠᠶ᠋ᠢᠲᠤᠷ ᠠᠳᠬᠤᠵᠤ᠂ ᠰᠢᠨ᠎ᠡ ᠴᠠᠭ ᠦᠶ᠎ᠡ ᠵᠢᠨ ᠨᠡᠶ᠋ᠢᠭᠡᠮ᠎ᠤᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠨᠡᠶ᠋ᠢᠭᠡᠮ᠎ᠤᠨ ᠠᠵᠢᠯ᠎ᠢ ᠰᠠᠶ᠋ᠢᠲᠤᠷ ᠬᠢᠬᠦ ᠪᠣᠯ ᠪᠦᠭᠦ ᠨᠠᠮ᠎ᠤᠨ ᠬᠠᠮᠲᠤ ᠵᠢᠨ ᠬᠠᠷᠢᠭᠤᠴᠠᠯᠭ᠎ᠠ ᠮᠥᠨ᠃ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠵᠣᠬᠢᠶᠠᠨ ᠪᠠᠶ᠋ᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠨᠠᠮ᠎ᠤᠨ ᠲᠥᠪ ᠬᠤᠷᠢᠶ᠎ᠠ ᠵᠢᠨ ᠨᠡᠶ᠋ᠢᠭᠡᠮ᠎ᠤᠨ ᠠᠵᠢᠯ᠎ᠤᠨ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠭᠡᠷᠡᠭᠲᠡᠢ; ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠬᠠᠮᠵᠢᠯᠴᠠᠨ ᠬᠤᠯᠪᠤᠭ᠋ᠠᠯᠠᠨ ᠬᠥᠳᠡᠯᠦᠯᠴᠡᠵᠦ᠂ ᠠᠵᠢᠯ ᠲᠦᠷᠦᠯ᠎ᠢ ᠬᠠᠮᠢᠶᠠᠷᠬᠤ ᠪᠥᠭᠡᠳ ᠪᠠᠰᠠ ᠨᠠᠮ᠎ᠤᠨ ᠪᠠᠶ᠋ᠢᠭᠤᠯᠤᠯᠲᠠ ᠵᠢ ᠬᠠᠮᠢᠶᠠᠷᠬᠤ ᠵᠢ ᠪᠠᠷᠢᠮᠲᠠᠯᠠᠵᠤ᠂ ᠨᠡᠶ᠋ᠢᠭᠡᠮ᠎ᠤᠨ ᠠᠵᠢᠯ᠎ᠢ ᠰᠠᠶ᠋ᠢᠲᠤᠷ ᠬᠢᠬᠦ ᠬᠦᠴᠦᠷᠬᠡᠭ ᠶᠡᠭᠡ ᠬᠠᠮᠲᠤᠷᠠᠯ ᠬᠦᠴᠦᠨ᠎ᠢ ᠪᠦᠷᠢᠯᠳᠦᠭᠦᠯᠬᠦ ᠭᠡᠷᠡᠭᠲᠡᠢ; ᠨᠡᠶ᠋ᠢᠭᠡᠮ᠎ᠤᠨ ᠠᠵᠢᠯ᠎ᠤᠨ ᠰᠠᠯᠠᠭ᠎ᠠ ᠮᠥᠴᠢᠷ᠎ᠤᠨ᠎ᠬᠢᠨ ᠲᠣᠰ ᠪᠡᠶ᠎ᠡ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠵᠤ᠂ ᠤᠯᠤᠰ ᠲᠥᠷᠥ ᠵᠢᠨ ᠡᠭᠦᠷᠭᠡᠯᠡᠯ ᠵᠶ᠋ᠠᠨ ᠴᠢᠩᠭ᠋ᠠᠳᠬᠠᠵᠤ᠂ ᠵᠣᠷᠢᠭᠲᠠᠢ᠎ᠪᠠᠷ ᠦᠢ᠍ᠯᠡᠳᠦᠯᠭᠡᠵᠢᠭᠦᠯᠦᠨ ᠰᠦᠪᠡᠭᠴᠢᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢ᠍ᠴᠡᠳᠬᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
ᠲᠥᠪ᠎ᠤᠨ ᠨᠡᠶ᠋ᠢᠭᠡᠮ᠎ᠤᠨ ᠠᠵᠢᠯ᠎ᠤᠨ ᠬᠤᠷᠠᠯ 11 ᠰᠠᠷ᠎ᠠ ᠵᠢᠨ 5᠎ᠠᠴᠠ 6᠎ᠤ ᠡᠳᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ᠃ ᠬᠤᠷᠠᠯ ᠳᠡᠭᠡᠷ᠎ᠡ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠤᠯᠠᠮᠵᠢᠯᠠᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ ᠼᠠᠢ ᠴᠢ ᠬᠤᠷᠠᠯ᠎ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠪᠠ᠃
ᠼᠠᠢ ᠴᠢ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠥᠨᠳᠥᠷ᠎ᠲᠤ ᠵᠣᠭᠰᠣᠨ ᠠᠯᠤᠰ᠎ᠢ ᠪᠡᠷᠡᠯᠡᠵᠦ᠂ ᠨᠠᠷᠢᠨ ᠲᠣᠳᠣᠷᠬᠠᠢ ᠭᠦᠨ ᠭᠦᠨᠵᠡᠭᠡᠢ ᠪᠠᠶ᠋ᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭ᠋ᠠᠴᠢ ᠴᠢᠨᠠᠷ᠂ ᠵᠢᠯᠤᠭᠤᠳᠬᠤ ᠴᠢᠨᠠᠷᠲᠠᠢ ᠪᠠᠶ᠋ᠢᠵᠤ᠂ ᠰᠢᠨ᠎ᠡ ᠴᠠᠭ ᠦᠶ᠎ᠡ ᠵᠢᠨ ᠨᠡᠶ᠋ᠢᠭᠡᠮ᠎ᠤᠨ ᠠᠵᠢᠯ᠎ᠢ ᠰᠠᠶ᠋ᠢᠲᠤᠷ ᠬᠢᠬᠦ᠎ᠳᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠂ ᠡᠷᠬᠡᠪᠰᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠼᠠᠢ ᠴᠢ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠨᠡᠶ᠋ᠢᠭᠡᠮ᠎ᠤᠨ ᠠᠵᠢᠯ᠎ᠢ ᠴᠢᠬᠤᠯᠠ ᠪᠠᠶ᠋ᠢᠷᠢᠨ᠎ᠳᠤ ᠲᠠᠯᠪᠢᠵᠤ᠂ ᠶᠡᠷᠦᠩᠬᠡᠢ ᠱᠦᠵᠢ ᠰᠢ ᠵᠢᠨ ᠫᠢᠩ ᠨᠡᠶ᠋ᠢᠭᠡᠮ᠎ᠤᠨ ᠠᠵᠢᠯ᠎ᠢ ᠶᠠᠭᠤᠨ᠎ᠳᠤ ᠴᠢᠩᠭ᠋ᠠᠳᠬᠠᠬᠤ ᠪᠤᠢ᠂ ᠨᠡᠶ᠋ᠢᠭᠡᠮ᠎ᠤᠨ ᠠᠵᠢᠯ᠎ᠢ ᠬᠡᠷᠬᠢᠨ ᠴᠢᠩᠭ᠋ᠠᠳᠬᠠᠬᠤ ᠵᠢᠨ ᠲᠣᠭᠤᠷᠢᠨ᠎ᠳᠤ ᠠᠯᠢ ᠤᠯᠠᠨ ᠴᠢᠬᠤᠯᠠ ᠥᠭᠦᠯᠡᠯᠲᠡ ᠬᠢᠵᠦ᠂ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠵᠢ ᠳᠤᠷᠠᠳᠴᠠᠢ᠃ ᠶᠡᠷᠦᠩᠬᠡᠢ ᠱᠦᠵᠢ ᠰᠢ ᠵᠢᠨ ᠫᠢᠩ᠎ᠤᠨ ᠨᠡᠶ᠋ᠢᠭᠡᠮ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠨᠢ ᠰᠢᠨ᠎ᠡ ᠴᠠᠭ ᠦᠶ᠎ᠡ ᠵᠢᠨ ᠨᠡᠶ᠋ᠢᠭᠡᠮ᠎ᠤᠨ ᠠᠵᠢᠯ᠎ᠤᠨ ᠦᠨᠳᠦᠰᠦᠨ ᠵᠠᠷᠴᠢᠮ᠂ ᠦᠷᠳᠡᠭ᠎ᠤᠨ ᠬᠠᠨᠳᠤᠰᠢ᠂ ᠬᠥᠭᠵᠢᠯᠲᠡ ᠵᠢᠨ ᠴᠢᠭᠯᠡᠯ᠂ ᠭᠤᠣᠯᠳᠠᠯᠭ᠎ᠠ᠎ᠲᠠᠢ ᠡᠭᠦᠷᠭᠡ᠂ ᠰᠠᠭᠤᠷᠢ ᠪᠠᠲᠤᠯᠠᠭ᠎ᠠ ᠵᠡᠷᠭᠡ ᠵᠢ ᠭᠦᠨᠵᠡᠭᠡᠢ ᠲᠣᠳᠣᠷᠬᠠᠶ᠋ᠢᠯᠠᠨ ᠥᠭᠦᠯᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠴᠢᠬᠤᠯᠠ ᠪᠦᠷᠢᠯᠳᠦᠭᠦᠨ ᠬᠡᠰᠡᠭ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃
ᠼᠠᠢ ᠴᠢ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠪᠣᠯᠣᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠤᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠰᠢᠨ᠎ᠡ ᠴᠠᠭ ᠦᠶ᠎ᠡ ᠵᠢᠨ ᠨᠡᠶ᠋ᠢᠭᠡᠮ᠎ᠤᠨ ᠠᠵᠢᠯ᠎ᠢ ᠰᠠᠶ᠋ᠢᠲᠤᠷ ᠬᠢᠬᠦ ᠶᠡᠷᠦᠩᠬᠡᠢ ᠱᠠᠭ᠋ᠠᠷᠳᠠᠯᠭ᠎ᠠ ᠵᠢ ᠭᠦᠨᠵᠡᠭᠡᠢ ᠡᠵᠡᠮᠳᠡᠵᠦ᠂ ᠬᠠᠷᠢᠭᠤᠴᠠᠯᠭ᠋ᠠᠲᠤ ᠰᠡᠳᠬᠢᠯᠭᠡ᠎ᠪᠠᠨ ᠦᠨᠡᠨ ᠬᠦ᠌ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠨᠡᠶ᠋ᠢᠭᠡᠮ᠎ᠤᠨ ᠠᠵᠢᠯ᠎ᠤᠨ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠬᠦ ᠬᠡᠷᠡᠭᠲᠡᠢ᠃ ᠰᠢᠨ᠎ᠡ᠎ᠪᠠᠷ ᠮᠠᠨᠳᠤᠭᠰᠠᠨ ᠬᠦᠷᠢᠶᠡᠨ᠎ᠤ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢ ᠴᠢᠬᠤᠯᠠ᠎ᠠᠴᠠ ᠴᠢᠬᠤᠯᠠ ᠵᠦᠢ᠍ᠯ ᠪᠤᠯᠭ᠋ᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠲᠦᠷᠦᠯ ᠬᠤᠪᠢᠶᠠᠨ ᠵᠢᠯᠤᠭᠤᠳᠬᠤ ᠵᠢ ᠪᠠᠷᠢᠮᠲᠠᠯᠠᠵᠤ᠂ ᠰᠢᠨ᠎ᠡ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ᠂ ᠰᠢᠨ᠎ᠡ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠰᠢᠨ᠎ᠡ ᠠᠵᠢᠯ ᠣᠯᠣᠭᠰᠠᠨ ᠬᠥᠮᠥᠰ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠲᠣᠪᠣᠶ᠋ᠢᠮ᠎ᠠ ᠰᠠᠶ᠋ᠢᠲᠤᠷ ᠠᠳᠬᠤᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠦᠷᠬᠦᠴᠡ ᠪᠠ ᠠᠵᠢᠯ᠎ᠤᠨ ᠪᠦᠷᠬᠦᠴᠡ ᠵᠢ ᠠᠬᠢᠭᠤᠯᠵᠤ᠂ ᠰᠢᠨ᠎ᠡ᠎ᠪᠠᠷ ᠮᠠᠨᠳᠤᠭᠰᠠᠨ ᠬᠦᠷᠢᠶᠡᠨ᠎ᠤ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠡᠷᠡᠭᠲᠡᠢ᠃ ᠠᠵᠢᠯ ᠲᠥᠷᠥᠯ᠎ᠤᠨ ᠨᠡᠶ᠋ᠢᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠨᠠᠮ᠎ᠤᠨ ᠪᠠᠶ᠋ᠢᠭᠤᠯᠤᠯᠲᠠ ᠪᠠ ᠥᠭᠡᠷᠡᠴᠢᠯᠡᠯᠲᠡ ᠬᠥᠭᠵᠢᠯᠲᠡ ᠵᠢ ᠦᠷᠭᠦᠯᠵᠢᠯᠡᠨ ᠰᠠᠶ᠋ᠢᠲᠤᠷ ᠠᠳᠬᠤᠬᠤ ᠬᠡᠷᠡᠭᠲᠡᠢ᠃ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ ᠦᠨᠳᠦᠰᠦᠨ ᠱᠠᠲᠤᠨ᠎ᠤ ᠵᠠᠰᠠᠯᠲᠠ ᠪᠠ ᠦᠨᠳᠦᠰᠦᠨ ᠱᠠᠲᠤᠨ᠎ᠤ ᠵᠠᠰᠠᠭ᠎ᠤᠨ ᠡᠷᠬᠡ ᠵᠢᠨ ᠪᠠᠶ᠋ᠢᠭᠤᠯᠤᠯᠲᠠ ᠵᠢ ᠬᠥᠲᠥᠯᠥᠨ ᠳᠠᠭ᠋ᠠᠭᠤᠯᠵᠤ᠂ ᠦᠨᠳᠦᠰᠦᠨ ᠱᠠᠲᠤᠨ᠎ᠤ ᠵᠠᠰᠠᠯᠲᠠ ᠵᠢᠨ 《ᠴᠢᠳᠠᠯᠠᠴᠠᠨᠢ ᠬᠡᠲᠦᠷᠡᠭᠦᠯᠬᠦ》 ᠲᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠵᠦ᠂ ᠦᠨᠳᠦᠰᠦᠨ ᠱᠠᠲᠤᠨ᠎ᠳᠤ ᠴᠢᠳᠠᠪᠬᠢ ᠣᠯᠭᠤᠬᠤ ᠪᠠ ᠳᠠᠷᠤᠭ᠋ᠠᠰᠤ ᠵᠢ᠎ᠨᠢ ᠬᠥᠩᠭᠡᠷᠡᠭᠦᠯᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠣᠯᠠᠨ ᠲᠦᠮᠡᠨ᠎ᠢ ᠨᠢᠭᠲᠠᠷᠠᠭᠤᠯᠤᠨ ᠦᠢ᠍ᠯᠡᠴᠢᠯᠡᠬᠦ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢ᠎ᠪᠠᠷ ᠵᠠᠰᠠᠬᠤ ᠵᠢ ᠠᠬᠢᠭᠤᠯᠵᠤ᠂ ᠠᠷᠠᠳ ᠲᠦᠮᠡᠨ᠎ᠤ ᠰᠠᠨᠠᠭᠤᠯᠭ᠎ᠠ ᠴᠤᠭᠯᠠᠭᠤᠯᠬᠤ᠂ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠨᠡᠶ᠋ᠢᠭᠡᠮ᠎ᠤᠨ ᠠᠵᠢᠯ᠎ᠳᠠᠬᠢ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠤᠯᠤᠰ ᠲᠦᠷᠦ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠠᠵᠢᠯ᠎ᠤᠨ ᠰᠢᠰᠲ᠋ᠧᠮ᠎ᠢ ᠪᠦᠷᠢᠨᠰᠢᠭᠦᠯᠵᠦ᠂ ᠨᠡᠶ᠋ᠢᠭᠡᠮ᠎ᠤᠨ ᠠᠵᠢᠯᠲᠠᠨ᠎ᠤ ᠡᠩᠨᠡᠭᠡ ᠵᠢ ᠪᠠᠶ᠋ᠢᠭᠤᠯᠤᠨ ᠬᠦᠴᠦᠷᠬᠡᠭᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠣᠷᠢᠭ ᠰᠠᠨᠠᠭ᠎ᠠ᠎ᠪᠠᠷ ᠨᠡᠶ᠋ᠢᠭᠡᠮ᠎ᠤᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠯᠢ ᠭᠠᠨ ᠵᠢᠶᠧ ᠬᠤᠷᠠᠯ᠎ᠢ ᠡᠷᠭᠢᠯᠡᠪᠡ᠃ ᠯᠢ ᠱᠤ᠌ ᠯᠧᠢ᠂ ᠴᠧᠨ ᠸᠧᠨ ᠴᠢᠩ᠂ ᠮᠦ᠍ ᠬᠤᠩ ᠬᠤᠷᠠᠯ᠎ᠳᠤ ᠣᠷᠣᠯᠴᠠᠪᠠ᠃
ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠂ ᠲᠥᠪ᠎ᠤᠨ ᠰᠦᠯᠵᠢᠶᠡᠨ᠎ᠤ ᠠᠮᠤᠷ ᠲᠦᠪᠰᠢᠨ ᠪᠣᠯᠣᠨ ᠮᠡᠳᠡᠭᠡ ᠵᠠᠩᠭᠢᠴᠢᠯᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠤᠷᠢᠶ᠎ᠠ᠂ ᠪᠡᠭᠡᠵᠢᠩ ᠬᠤᠳᠠ᠂ ᠵᠧᠵᠢᠶᠠᠩ ᠮᠤᠵᠢ᠂ ᠭᠤᠸᠠᠩᠳᠦ᠋ᠩ ᠮᠤᠵᠢ᠂ ᠱᠠᠨᠰᠢ ᠮᠤᠵᠢ ᠵᠢᠨ ᠬᠠᠷᠢᠭᠤᠴᠠᠯᠭ᠋ᠠᠲᠠᠨ ᠨᠥᠬᠦᠳ ᠰᠠᠨᠠᠯ ᠵᠶ᠋ᠠᠨ ᠰᠣᠯᠢᠯᠴᠠᠬᠤ ᠦᠭᠡ ᠬᠡᠯᠡᠵᠡᠢ᠃
ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠣᠨ ᠲᠤᠰᠠᠭ᠋ᠠᠷ ᠲᠥᠯᠥᠪᠯᠡᠭᠡᠲᠦ ᠬᠤᠳᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠂ ᠲᠥᠪ᠎ᠤᠨ ᠪᠠ ᠳᠦᠷᠦ ᠵᠢᠨ ᠪᠠᠶ᠋ᠢᠭᠤᠯᠭ᠎ᠠ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠠᠷᠠᠳ᠎ᠤᠨ ᠪᠦᠯᠭᠦᠮ᠂ ᠲᠥᠪ᠎ᠠᠴᠠ ᠬᠠᠮᠢᠶᠠᠷᠴᠤ ᠪᠠᠶ᠋ᠢᠭ᠎ᠠ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠬᠡᠰᠡᠭ ᠠᠵᠤ ᠠᠬᠤᠶ᠋ᠢᠯᠠᠯ᠂ ᠶᠡᠭᠡ ᠳᠡᠭᠡᠳᠦ ᠰᠤᠷᠭ᠋ᠠᠭᠤᠯᠢ ᠵᠢᠨ ᠬᠠᠷᠢᠭᠤᠴᠠᠯᠭ᠋ᠠᠲᠠᠨ ᠨᠠᠷ ᠬᠤᠷᠠᠯ᠎ᠳᠤ ᠣᠷᠣᠯᠴᠠᠵᠠᠢ᠃