ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠴᠢᠬᠤᠯᠠ ᠣᠶᠤᠨ᠎ᠤ ᠬᠥᠮᠥᠷᠭᠡ ᠵᠢᠨ ᠮᠡᠳᠡᠭᠦᠯᠦᠯᠲᠡ ᠵᠢ ᠨᠡᠶ᠋ᠢᠲᠡᠯᠡᠪᠡ!
ᠨᠡᠶ᠋ᠢᠲᠡᠯᠡᠭᠰᠡᠨ ᠴᠠᠭ᠄ 2024-11-28

      ᠰᠢᠨᠬᠤᠸᠠ ᠬᠤᠷᠢᠶᠠᠨ᠎ᠤ ᠡᠷᠬᠡ ᠰᠦᠷᠲᠦ ᠲᠦᠷᠭᠡᠨ ᠮᠡᠳᠡᠭᠡ | 《ᠳᠡᠯᠡᠬᠡᠢ ᠳ᠋ᠠᠬᠢᠨ᠎ᠳᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ 〈ᠪᠣᠬᠢᠷᠳᠤᠯ ᠦᠭᠡᠢ ᠨᠢᠭᠤᠴᠠ〉 ᠵᠢ ᠲᠠᠨᠢᠭᠤᠯᠤᠶ᠎ᠠ - ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠳᠤᠮᠳᠠᠳᠤ ᠤᠯᠤᠰ᠎ᠤᠨ ᠦᠢ᠍ᠯᠡᠳᠦᠯᠭᠡ ᠪᠠ ᠳᠡᠯᠡᠬᠡᠢ ᠳ᠋ᠠᠬᠢᠨ᠎ᠳᠠᠬᠢ ᠬᠤᠪᠢ ᠨᠡᠮᠡᠷᠢ》 ᠭᠡᠬᠦ ᠤᠶᠤᠨ᠎ᠤ ᠬᠥᠮᠥᠷᠭᠡ ᠵᠢᠨ ᠮᠡᠳᠡᠭᠦᠯᠦᠯᠲᠡ ᠵᠢ ᠨᠡᠶ᠋ᠢᠲᠡᠯᠡᠪᠡ
    00.jpg


      11 ᠳ᠋ᠦ᠍ᠭᠡᠷ ᠰᠠᠷ᠎ᠠ ᠵᠢᠨ 26᠎ᠤ ᠡᠳᠦᠷ᠂ ᠴᠧᠩᠳᠦ᠋᠎ᠳᠤ ᠶᠠᠪᠤᠭᠳᠠᠭᠰᠠᠨ 2024 ᠪᠦᠬᠦ ᠪᠥᠮᠪᠥᠷᠴᠡᠭ᠎ᠤᠨ ᠮᠠᠯᠤᠷ ᠦᠳᠡᠭᠡ ᠵᠢᠨ ᠬᠠᠨᠢᠲᠠᠳ᠎ᠤᠨ ᠶᠡᠭᠡ ᠬᠤᠷᠠᠯ ᠳᠡᠭᠡᠷ᠎ᠡ᠂ ᠰᠢᠨᠬᠤᠸᠠ ᠬᠤᠷᠢᠶᠠᠨ᠎ᠤ ᠤᠯᠤᠰ᠎ᠤᠨ ᠳᠡᠭᠡᠳᠦ ᠲᠡᠰ᠎ᠤᠨ ᠤᠶᠤᠨ᠎ᠤ ᠬᠥᠮᠥᠷᠭᠡ ᠪᠠ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠰᠤᠳᠤᠯᠭ᠋ᠠᠨ᠎ᠤ ᠲᠥᠪ᠎ᠤᠨ ᠬᠠᠮᠲᠤ᠎ᠪᠠᠷ ᠲᠤᠭᠤᠷᠪᠢᠭᠰᠠᠨ 《ᠳᠡᠯᠡᠬᠡᠢ ᠳ᠋ᠠᠬᠢᠨ᠎ᠳᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ 〈ᠪᠣᠬᠢᠷᠳᠤᠯ ᠦᠭᠡᠢ ᠨᠢᠭᠤᠴᠠ〉 ᠵᠢ ᠲᠠᠨᠢᠭᠤᠯᠤᠶ᠎ᠠ - ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠳᠤᠮᠳᠠᠳᠤ ᠤᠯᠤᠰ᠎ᠤᠨ ᠦᠢ᠍ᠯᠡᠳᠦᠯᠭᠡ ᠪᠠ ᠳᠡᠯᠡᠬᠡᠢ ᠳ᠋ᠠᠬᠢᠨ᠎ᠳᠠᠬᠢ ᠬᠤᠪᠢ ᠨᠡᠮᠡᠷᠢ》 ᠭᠡᠬᠦ ᠤᠶᠤᠨ᠎ᠤ ᠬᠥᠮᠥᠷᠭᠡ ᠵᠢᠨ ᠮᠡᠳᠡᠭᠦᠯᠦᠯᠲᠡ ᠵᠢ ᠪᠦᠬᠦ ᠪᠦᠮᠪᠦᠷᠴᠡᠭ᠎ᠲᠤ ᠬᠠᠨᠳᠤᠭᠤᠯᠤᠨ ᠨᠡᠶ᠋ᠢᠲᠡᠯᠡᠪᠡ᠃
      ᠤᠶᠤᠨ᠎ᠤ ᠬᠥᠮᠥᠷᠭᠡ ᠵᠢᠨ ᠮᠡᠳᠡᠭᠦᠯᠦᠯᠲᠡ᠎ᠳᠤ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠴᠠᠭ ᠦᠶ᠎ᠡ ᠵᠢᠨ ᠠᠬᠤᠢ ᠪᠠᠶ᠋ᠢᠳᠠᠯ ᠬᠢᠭᠡᠳ ᠡᠯᠪᠡᠭ ᠪᠠᠶᠠᠯᠢᠭ ᠠᠭᠤᠯᠬᠤᠨ᠎ᠢ ᠭᠦᠨᠵᠡᠭᠡᠢ ᠲᠠᠶ᠋ᠢᠯᠪᠤᠷᠢᠯᠠᠵᠤ᠂ ᠠᠮᠢ ᠠᠬᠤᠢ ᠵᠢᠨ ᠪᠣᠯᠪᠠᠰᠤᠨ᠎ᠢ ᠪᠦᠲᠦᠭᠡᠨ ᠪᠠᠶ᠋ᠢᠭᠤᠯᠵᠤ ᠪᠠᠶ᠋ᠢᠭ᠎ᠠ ᠳᠤᠮᠳᠠᠳᠤ ᠤᠯᠤᠰ᠎ᠤᠨ ᠦᠢ᠍ᠯᠡᠳᠦᠯᠭᠡ ᠵᠢ ᠳ᠋ᠦᠩᠨᠡᠵᠦ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠡᠶᠡᠯᠡᠭᠦᠯᠬᠦ ᠪᠠᠶ᠋ᠢᠭᠤᠯᠤᠯ᠎ᠤᠨ ᠪᠠᠲᠤᠯᠠᠭ᠎ᠠ ᠵᠢ ᠲᠣᠳᠣᠷᠬᠠᠶ᠋ᠢᠯᠠᠨ ᠥᠭᠦᠯᠡᠵᠦ᠂ ᠠᠷᠢᠭᠤᠨ ᠴᠡᠪᠡᠷ ᠦᠵᠡᠰᠬᠦᠯᠡᠩᠲᠦ ᠰᠠᠶ᠋ᠢᠬᠠᠨ ᠳᠡᠯᠡᠬᠡᠢ ᠶᠢᠷᠲᠢᠨᠴᠦ ᠵᠢ ᠬᠠᠮᠲᠤ᠎ᠪᠠᠷ ᠪᠠᠶ᠋ᠢᠭᠤᠯᠬᠤ ᠳᠤᠮᠳᠠᠳᠤ ᠤᠯᠤᠰ᠎ᠤᠨ ᠤᠶᠤᠨ ᠤᠬᠠᠭ᠋ᠠᠨ᠎ᠢ ᠬᠠᠷᠠᠭᠤᠯᠵᠠᠢ᠃

ᠢᠷᠡᠯᠲᠡ᠄ ᠰᠢᠨᠬᠤᠸᠠ ᠬᠣᠷᠢᠶ᠎ᠠ ᠰᠢᠨᠬᠤᠸᠠ ᠬᠣᠷᠢᠶ᠎ᠠ