ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠮᠠᠨ᠎ᠤ ᠤᠯᠤᠰ ᠪᠠᠲᠤᠯᠠᠨ ᠲᠤᠰᠢᠶᠠᠬᠤ ᠠᠰᠠᠷ ᠵᠡᠷᠭᠡ ᠠᠵᠢᠯ᠎ᠢ ᠪᠦᠬᠦ ᠲᠠᠯ᠎ᠠ᠎ᠪᠠᠷ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2024-05-22

      5 ᠳ᠋ᠤᠭ᠋ᠠᠷ ᠰᠠᠷ᠎ᠠ ᠵᠢᠨ 17᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠡᠷᠬᠢᠯᠡᠭᠰᠡᠨ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠥᠷᠥ ᠵᠢᠨ ᠪᠣᠳᠣᠯᠭ᠎ᠠ ᠵᠢᠨ ᠵᠤᠷᠰᠢᠯᠲᠤ ᠲᠣᠪᠴᠢ ᠮᠡᠳᠡᠭᠡᠯᠡᠯ᠎ᠤᠨ ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠳ ᠪᠠᠲᠤᠯᠠᠨ ᠲᠤᠰᠢᠶᠠᠬᠤ ᠠᠰᠠᠷ᠎ᠤᠨ ᠠᠵᠢᠯ᠎ᠢ ᠦᠨᠡᠨ ᠬᠦ᠌ ᠰᠠᠶ᠋ᠢᠲᠤᠷ ᠬᠢᠬᠦ ᠢᠵᠢ ᠲᠥᠬᠦᠷ ᠲᠥᠷᠥ ᠵᠢᠨ ᠪᠣᠳᠣᠯᠭ᠎ᠠ ᠵᠢᠨ ᠬᠤᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠪᠠ᠃
       ᠣᠳᠣᠬᠠᠨ᠎ᠳᠤ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ ᠶᠠᠭ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠬᠤᠲᠠ ᠵᠢᠨ ᠲᠠᠸᠠᠷ᠎ᠤᠨ ᠣᠷᠣᠨ ᠰᠠᠭᠤᠴᠠ ᠵᠢᠨ ᠲᠥᠰᠥᠯ᠎ᠤᠳ᠎ᠤᠨ ᠪᠠᠲᠤᠯᠠᠨ ᠲᠤᠰᠢᠶᠠᠬᠤ ᠠᠰᠠᠷ᠎ᠤᠨ ᠰᠢᠪᠲᠤᠯᠤᠯᠲᠠ ᠵᠢᠨ ᠠᠵᠢᠯ᠎ᠤᠨ ᠲᠥᠰᠥᠯ᠎ᠢ ᠨᠡᠶ᠋ᠢᠲᠡᠯᠡᠨ᠂ ᠲᠥᠰᠥᠯ᠎ᠤᠳ᠎ᠤᠨ ᠲᠣᠭᠲᠠᠭᠰᠠᠨ ᠴᠠᠭ᠎ᠲᠤ᠎ᠪᠠᠨ ᠲᠤᠭ᠎ᠠ ᠶᠣᠰᠣᠭ᠋ᠠᠷ ᠴᠢᠨᠠᠷ᠎ᠢ ᠪᠠᠲᠤᠯᠠᠨ ᠲᠤᠰᠢᠶᠠᠬᠤ ᠵᠢ᠎ᠨᠢ ᠠᠬᠢᠭᠤᠯᠵᠤ᠂ ᠰᠢᠯᠭ᠋ᠠᠭ᠋ᠠᠳ ᠬᠢᠷᠢ ᠲᠡᠩᠴᠡᠭᠰᠡᠨ ᠠᠰᠠᠷ᠎ᠢ ᠭᠡᠷ᠎ᠡ᠎ᠳᠤ ᠲᠣᠭᠲᠠᠭᠰᠠᠨ ᠬᠤᠭᠤᠴᠠᠭ᠋ᠠᠨ᠎ᠳᠤ᠎ᠨᠢ ᠠᠷᠠᠳ ᠣᠯᠠᠨ᠎ᠳᠤ ᠣᠯᠭᠤᠨ᠎ᠠ᠃ ᠳᠤᠮᠳᠠᠳᠤ ᠤᠯᠤᠰ᠎ᠤᠨ ᠠᠷᠠᠳ᠎ᠤᠨ ᠪᠠᠩᠬᠢ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠳᠠᠬᠢᠯᠲᠠ ᠵᠢᠭᠡᠯᠡᠯᠭᠡ 3000 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠣᠷᠣᠨ ᠨᠤᠲᠤᠭ᠎ᠤᠨ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠳ᠎ᠢ ᠳᠡᠮᠵᠢᠨ ᠵᠣᠬᠢᠰᠲᠠᠢ ᠦᠨ᠎ᠡ᠎ᠪᠠᠷ ᠪᠠᠷᠢᠵᠤ ᠳᠠᠭᠤᠰᠬᠠᠭᠰᠠᠨ ᠴᠤ᠌ ᠬᠤᠳᠠᠯᠳᠤᠵᠤ ᠭᠠᠷᠤᠭ᠎ᠠ ᠦᠭᠡᠢ ᠲᠠᠸᠠᠷ᠎ᠤᠨ ᠣᠷᠣᠨ ᠰᠠᠭᠤᠴᠠ᠎ᠨᠤᠭᠤᠳ᠎ᠢ ᠬᠤᠳᠠᠯᠳᠤᠨ ᠠᠪᠤᠭᠤᠯᠵᠤ᠂ ᠲᠦᠭᠡᠭᠡᠨ ᠬᠤᠳᠠᠯᠳᠤᠬᠤ ᠪᠤᠶᠤ ᠲᠦᠭᠡᠭᠡᠨ ᠲᠦᠷᠢᠶᠡᠰᠦᠯᠡᠭᠦᠯᠬᠦ ᠬᠡᠯᠪᠡᠷᠢ ᠵᠢᠨ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠪᠣᠯᠭ᠋ᠠᠨ᠎ᠠ᠃ ᠣᠳᠣᠬᠠᠨ᠎ᠳᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠴᠤ᠌ ᠰᠤᠯᠠ ᠪᠠᠶ᠋ᠢᠭ᠎ᠠ ᠭᠠᠵᠠᠷ ᠰᠢᠷᠣᠢ ᠵᠢ ᠵᠣᠬᠢᠰᠲᠠᠢ ᠰᠢᠢ᠍ᠳᠪᠦᠷᠢᠯᠡᠬᠦ᠂ ᠦᠯᠡᠳᠡᠭᠡᠯ ᠭᠠᠵᠠᠷ ᠰᠢᠷᠣᠢ ᠵᠢ ᠭᠦᠢ᠍ᠯᠭᠡᠭᠡᠨ᠎ᠲᠠᠢ ᠪᠣᠯᠭ᠋ᠠᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠨᠡᠶ᠋ᠢᠲᠡᠯᠡᠬᠦ᠎ᠪᠠᠷ ᠪᠡᠯᠡᠳᠬᠡᠵᠦ ᠪᠠᠶ᠋ᠢᠨ᠎ᠠ᠃ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠢᠯᠡᠷᠬᠡᠶ᠋ᠢᠯᠡᠬᠦ᠎ᠳᠤ᠎ᠪᠠᠨ᠂ ᠬᠤᠳᠠᠯᠳᠤᠭ᠋ᠠᠨ᠎ᠤ ᠪᠠᠩᠬᠢ ᠵᠢ ᠵᠢᠯᠤᠭᠤᠳᠬᠤ᠎ᠪᠠᠷ ᠳᠠᠮᠵᠢᠭᠤᠯᠤᠨ ᠬᠤᠲᠠ ᠵᠢᠨ ᠵᠣᠬᠢᠴᠠᠭᠤᠯᠬᠤ ᠲᠣᠭᠲᠠᠴᠠ᠎ᠲᠠᠢ ᠢᠳᠡᠪᠬᠢᠲᠡᠢ ᠵᠣᠯᠭ᠋ᠠᠭᠤᠯᠵᠤ᠂ ᠣᠳᠣᠬᠠᠨ᠎ᠳᠤ ᠬᠤᠳᠠᠯᠳᠤᠭ᠋ᠠᠨ᠎ᠤ ᠪᠠᠩᠬᠢ ᠨᠢᠭᠡᠨᠲᠡ ᠳᠣᠲᠣᠭ᠋ᠠᠳᠤ ᠵᠢᠨ ᠬᠢᠨᠠᠨ ᠵᠥᠪᠰᠢᠶᠡᠷᠡᠬᠦ ᠶᠠᠪᠤᠴᠠ᠎ᠪᠠᠷ 《ᠴᠠᠭ᠋ᠠᠨ ᠳᠠᠩᠰᠠ》᠎ᠳᠠᠬᠢ ᠲᠥᠰᠥᠯ᠎ᠤᠳ᠎ᠤᠨ 9350 ᠳ᠋ᠦᠩᠰᠢᠭᠤᠷ ᠲᠥᠭᠦᠷᠢᠭ᠎ᠤᠨ ᠵᠢᠭᠡᠯᠡᠯᠭᠡ ᠵᠢ ᠨᠢᠭᠡᠨᠲᠡ ᠬᠢᠨᠠᠨ ᠵᠥᠪᠰᠢᠶᠡᠷᠡᠪᠡ ᠭᠡᠵᠡᠢ᠃
   

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ