ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠳᠥᠷᠪᠡᠳᠦᠭᠡᠷ ᠤᠳᠠᠭ᠎ᠠ ᠵᠢᠨ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠶᠠᠷᠢᠯᠴᠠᠬᠤ ᠬᠤᠷᠠᠯ ᠳᠡᠭᠡᠷ᠎ᠡ ᠴᠢᠬᠤᠯᠠᠴᠢᠯᠠᠭᠰᠠᠨ᠎ᠨᠢ — ᠪᠠᠶ᠋ᠢᠯᠳᠤᠬᠤ ᠪᠣᠳᠣᠯᠭ᠎ᠠ ᠵᠢᠨ ᠢᠲᠡᠭᠡᠯ ᠵᠶ᠋ᠠᠨ ᠪᠠᠲᠤᠳᠬᠠᠵᠤ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠴᠢᠨᠠᠷ ᠰᠠᠶ᠋ᠢᠲᠠᠢ ᠬᠥᠭᠵᠢᠯᠲᠡ ᠵᠢ ᠪᠦᠭᠦ ᠲᠠᠯ᠎ᠠ᠎ᠪᠠᠷ ᠠᠬᠢᠭᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2024-12-03

      ᠼᠠᠢ ᠴᠢ ᠣᠷᠣᠯᠴᠠᠵᠤ ᠳ᠋ᠢᠩ ᠰᠢᠤᠸᠠᠢ ᠰᠢᠶᠠᠩ ᠬᠤᠷᠠᠯ᠎ᠢ ᠡᠷᠭᠢᠯᠡᠪᠡ
       ᠰᠢᠨᠬᠤᠸᠠ ᠬᠤᠷᠢᠶ᠎ᠠ ᠵᠢᠨ ᠪᠡᠭᠡᠵᠢᠩ᠎ᠤᠨ 12 ᠰᠠᠷ᠎ᠠ ᠵᠢᠨ 2᠎ᠤᠨ ᠴᠠᠭᠢᠯᠭ᠋ᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 2᠎ᠤᠨ ᠡᠳᠦᠷ ᠪᠡᠭᠡᠵᠢᠩ᠎ᠳᠤ ᠳᠥᠷᠪᠡᠳᠦᠭᠡᠷ ᠤᠳᠠᠭ᠎ᠠ ᠵᠢᠨ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠶᠠᠷᠢᠯᠴᠠᠬᠤ ᠬᠤᠷᠠᠯ᠎ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠣᠳᠣᠬᠠᠨ᠎ᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠣᠯᠠᠨ ᠤᠯᠤᠰ᠎ᠤᠨ ᠣᠷᠴᠢᠨ ᠨᠥᠬᠦᠴᠡᠯ ᠳᠣᠣᠷ᠎ᠠ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠠᠵᠠ ᠲᠣᠭᠢᠶᠠᠯ ᠪᠠ ᠥᠷᠢᠰᠦᠯᠳᠦᠭᠡᠨ ᠵᠡᠷᠭᠡ᠎ᠪᠠᠷ ᠣᠷᠣᠰᠢᠵᠤ ᠪᠠᠶ᠋ᠢᠬᠤ ᠪᠤᠯᠪᠠᠴᠤ ᠶᠡᠷᠦᠩᠬᠡᠢ᠎ᠳᠡᠭᠡᠨ ᠠᠵᠠ ᠲᠣᠭᠢᠶᠠᠯ᠎ᠨᠢ ᠥᠷᠢᠰᠦᠯᠳᠦᠭᠡᠨ᠎ᠠᠴᠠ ᠶᠡᠭᠡ ᠪᠠᠶ᠋ᠢᠨ᠎ᠠ᠃ ᠪᠢᠳᠡ ᠪᠠᠶ᠋ᠢᠯᠳᠤᠬᠤ ᠪᠣᠳᠣᠯᠭ᠎ᠠ ᠵᠢᠨ ᠢᠲᠡᠭᠡᠯ ᠵᠶ᠋ᠠᠨ ᠪᠠᠲᠤᠳᠬᠠᠵᠤ᠂ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠨᠠᠩ ᠭᠡᠭᠡᠨ ᠰᠠᠷᠠᠭᠤᠯ ᠢᠷᠡᠭᠡᠳᠦᠢ ᠵᠢ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠵᠠᠢ᠃
    ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠥᠪ᠎ᠤᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠶᠠᠷᠢᠯᠴᠠᠬᠤ ᠬᠤᠷᠠᠯ᠎ᠳᠤ ᠣᠷᠣᠯᠴᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠶ᠋ᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ᠎ᠢ ᠡᠷᠭᠢᠯᠡᠪᠡ᠃
    01.jpg

      12 ᠰᠠᠷ᠎ᠠ ᠵᠢᠨ 2᠎ᠤᠨ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠤ ᠳᠥᠷᠪᠡᠳᠦᠭᠡᠷ ᠤᠳᠠᠭ᠎ᠠ ᠵᠢᠨ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠶᠠᠷᠢᠯᠴᠠᠬᠤ ᠬᠤᠷᠠᠯ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃
       ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠰᠢᠶᠧ ᠬᠤᠸᠠᠨ ᡂᠢ ᠰᠡᠭᠦᠳᠡᠷᠯᠡᠪᠡ

       ᠶᠠᠷᠢᠯᠴᠠᠬᠤ ᠬᠤᠷᠠᠯ ᠳᠡᠭᠡᠷ᠎ᠡ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠷᠭᠢᠯᠡᠭᠴᠢ ᠵᠧᠩ ᠱᠠᠨ ᠵᠢᠶᠧ᠂ ᠭᠠᠳᠠᠭ᠋ᠠᠳᠤ ᠶᠠᠪᠤᠳᠠᠯ᠎ᠤᠨ ᠶᠠᠮᠤᠨ᠎ᠤ ᠳᠡᠳ᠋ ᠰᠠᠶ᠋ᠢᠳ ᠮᠠ ᠵᠣᠣ ᠰᠢᠦᠢ᠂ ᠪᠡᠭᠡᠵᠢᠩ ᠬᠤᠲᠠ ᠵᠢᠨ ᠨᠠᠮ᠎ᠤᠨ ᠬᠤᠷᠢᠶ᠎ᠠ ᠵᠢᠨ ᠱᠦᠵᠢ ᠶᠢᠨ ᠯᠢ᠂ ᠬᠤᠪᠧᠢ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠸᠠᠩ ᠮᠧᠩ ᠬᠤᠶ᠂ ᠳᠤᠮᠳᠠᠳᠤ ᠤᠯᠤᠰ᠎ᠤᠨ ᠪᠦᠦ ᠦ᠋ ᠪᠣᠯᠣᠳ ᠲᠡᠮᠦᠷ᠎ᠤᠨ ᠪᠦᠯᠦᠭᠯᠡᠯ ᠬᠢᠵᠠᠭ᠋ᠠᠷᠲᠤ ᠺᠤᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠬᠤ᠌ ᠸᠠᠩ ᠮᠢᠩ᠂ ᠢ ᠰᠢᠨ ᠧᠦ ᠠᠷᠠᠯᠵᠢᠶᠠᠨ᠎ᠤ ᠦᠢ᠍ᠯᠡᠴᠢᠯᠡᠭᠡᠨ᠎ᠤ ᠪᠦᠯᠦᠭᠯᠡᠯ ᠬᠢᠵᠠᠭ᠋ᠠᠷᠲᠤ ᠺᠤᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠹᠧᠩ ᠰᠢᠦᠢ ᠪᠢᠨ᠂ ᠳᠤᠮᠳᠠᠳᠤ ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠤᠮᠳᠠᠳᠤ ᠤᠯᠤᠰ᠎ᠤᠨ ᠬᠢᠯᠢ ᠬᠢᠵᠠᠭ᠋ᠠᠷ᠎ᠤᠨ ᠰᠤᠳᠤᠯᠭ᠋ᠠᠨ᠎ᠤ ᠭᠠᠵᠠᠷ᠎ᠤᠨ ᠳᠠᠷᠤᠭ᠎ᠠ ᠰᠢᠩ ᠭᠤᠸᠠᠩ ᠴᠧᠩ ᠤᠷᠢᠳ ᠬᠤᠵᠢᠳ ᠦᠭᠡ ᠬᠡᠯᠡᠵᠦ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠠᠵᠢᠯ᠎ᠤᠨ ᠪᠠᠶ᠋ᠢᠳᠠᠯ ᠵᠶ᠋ᠠᠨ ᠲᠠᠨᠢᠯᠴᠠᠭᠤᠯᠵᠤ᠂ ᠰᠠᠨᠠᠯ ᠰᠠᠨᠠᠭᠤᠯᠭ᠎ᠠ ᠳᠤᠷᠠᠳᠪᠠ᠃
      ᠤᠯᠠᠨ᠎ᠤ ᠬᠡᠯᠡᠬᠦ ᠵᠢ ᠰᠣᠨᠣᠰᠤᠭᠰᠠᠨ᠎ᠤ ᠳᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ 2013 ᠣᠨ᠎ᠳᠤ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠰᠠᠨᠠᠭ᠋ᠠᠴᠢᠯᠠᠭ᠎ᠠ ᠵᠢ ᠳᠤᠷᠠᠳᠤᠭᠰᠠᠨ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠲᠠᠯ᠎ᠠ ᠵᠢᠨ ᠬᠠᠮᠲᠤ ᠵᠢᠨ ᠴᠢᠷᠮᠠᠶ᠋ᠢᠯᠭ᠎ᠠ᠎ᠪᠠᠷ ᠳᠠᠮᠵᠢᠨ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠨᠢ ᠨᠠᠶ᠋ᠢᠷᠠᠮᠳᠠᠯ ᠵᠶ᠋ᠠᠷ ᠬᠠᠮᠲᠤᠷᠠᠯᠴᠠᠬᠤ᠂ ᠨᠡᠭᠡᠭᠡᠯᠲᠡᠲᠡᠢ ᠪᠠᠭᠲᠠᠭ᠋ᠠᠮᠵᠢᠲᠠᠢ ᠪᠠᠶ᠋ᠢᠬᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭ᠋ᠠᠬᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠲᠡᠭᠦ ᠲᠣᠷᠭ᠋ᠠᠨ ᠵᠠᠮ᠎ᠤᠨ ᠵᠣᠷᠢᠭ ᠰᠠᠨᠠᠭ᠎ᠠ ᠵᠢ ᠢᠮᠠᠭᠲᠠ ᠪᠠᠷᠢᠮᠲᠠᠯᠠᠵᠤ᠂ ᠬᠠᠮᠲᠤ᠎ᠪᠠᠷ ᠵᠥᠪᠳᠡᠯᠴᠡᠬᠦ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠡᠳ᠋ᠯᠡᠬᠦ ᠵᠠᠷᠴᠢᠮ᠎ᠢ ᠢᠮᠠᠭᠲᠠ ᠪᠠᠷᠢᠮᠲᠠᠯᠠᠵᠤ᠂ ᠬᠠᠮᠲᠤᠷᠠᠯᠴᠠᠭ᠋ᠠᠨ᠎ᠤ ᠬᠦᠷᠢᠶ᠎ᠡ ᠲᠠᠰᠤᠷᠠᠯᠲᠠ ᠦᠭᠡᠢ ᠥᠷᠭᠡᠵᠢᠵᠦ᠂ ᠬᠠᠮᠲᠤᠷᠠᠯᠴᠠᠭ᠋ᠠᠨ᠎ᠤ ᠬᠡᠪᠴᠢᠶ᠎ᠡ ᠲᠠᠰᠤᠷᠠᠯᠲᠠ ᠦᠭᠡᠢ ᠶᠡᠬᠡᠰᠴᠦ᠂ ᠬᠠᠮᠲᠤᠷᠠᠯᠴᠠᠭ᠋ᠠᠨ᠎ᠤ ᠳᠡᠰ ᠳᠠᠪᠬᠤᠷᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠳᠡᠯᠡᠬᠡᠢ᠎ᠳᠠᠬᠢ ᠤᠷᠢᠶᠠᠯᠠᠬᠤ ᠬᠦᠴᠦᠨ᠂ ᠨᠥᠯᠥᠭᠡᠯᠡᠬᠦ ᠬᠦᠴᠦᠨ᠂ ᠨᠢᠭᠲᠠᠷᠠᠯ᠎ᠤᠨ ᠬᠦᠴᠦᠨ ᠲᠠᠰᠤᠷᠠᠯᠲᠠ ᠦᠭᠡᠢ ᠴᠢᠩᠭ᠋ᠠᠷᠠᠵᠤ᠂ ᠴᠢᠬᠤᠯᠠ ᠶᠡᠭᠡ ᠠᠮᠵᠢᠯᠲᠠ ᠪᠦᠳᠦᠮᠵᠢ ᠣᠯᠵᠤ᠂ ᠬᠠᠮᠲᠤ᠎ᠪᠠᠷ ᠪᠦᠲᠦᠭᠡᠨ ᠪᠠᠶ᠋ᠢᠭᠤᠯᠤᠭᠰᠠᠨ ᠤᠯᠤᠰ᠎ᠯᠤᠭ᠎ᠠ ᠵᠢᠨ ᠨᠥᠬᠦᠷᠯᠡᠯ᠎ᠢ ᠵᠤᠵᠠᠭ᠋ᠠᠳᠬᠠᠬᠤ᠂ ᠬᠠᠮᠲᠤ᠎ᠪᠠᠷ ᠪᠦᠲᠦᠭᠡᠨ ᠪᠠᠶ᠋ᠢᠭᠤᠯᠤᠭᠰᠠᠨ ᠤᠯᠤᠰ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ᠎ᠳᠤ ᠳᠤᠮᠳᠠᠳᠤ ᠤᠯᠤᠰ᠎ᠤᠨ ᠬᠤᠪᠢ ᠨᠡᠮᠡᠷᠢ ᠵᠢ ᠦᠵᠡᠭᠦᠯᠪᠡ ᠭᠡᠵᠦ ᠵᠢᠭ᠋ᠠᠵᠤ ᠭᠠᠷᠭ᠋ᠠᠵᠠᠢ᠃
    02.jpg

      12 ᠰᠠᠷ᠎ᠠ ᠵᠢᠨ 2᠎ᠤᠨ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠤ ᠳᠥᠷᠪᠡᠳᠦᠭᠡᠷ ᠤᠳᠠᠭ᠎ᠠ ᠵᠢᠨ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠶᠠᠷᠢᠯᠴᠠᠬᠤ ᠬᠤᠷᠠᠯ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃
      ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠰᠢᠶᠧ ᠬᠤᠸᠠᠨ ᡂᠢ ᠰᠡᠭᠦᠳᠡᠷᠯᠡᠪᠡ

       ᠰᠢ ᠵᠢᠨ ᠫᠢᠩ᠂ ᠣᠶ᠋ᠢᠷ᠎ᠠ ᠵᠢᠨ ᠵᠢᠯ᠎ᠳᠤ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠵᠢᠨ ᠬᠤᠭᠤᠴᠠᠭ᠋ᠠᠨ᠎ᠳᠤ ᠣᠷᠣᠵᠤ᠂ ᠭᠠᠭᠴᠠ ᠲᠠᠯᠠᠲᠤ ᠦᠵᠡᠯ᠂ ᠬᠠᠮᠠᠭ᠋ᠠᠯᠠᠬᠤ ᠦᠵᠡᠯ ᠢᠯᠡᠳᠲᠡ ᠳᠡᠭᠡᠭᠰᠢᠯᠡᠵᠦ᠂ ᠬᠡᠰᠡᠭ ᠲᠠᠯ᠎ᠠ ᠵᠢᠨ ᠮᠥᠷᠭᠦᠯᠳᠦᠭᠡᠨ ᠪᠠ ᠣᠷᠤᠭ᠎ᠠ ᠪᠤᠰᠬᠠᠭ᠎ᠠ ᠪᠠᠶ᠋ᠢᠳᠠᠯ ᠪᠠᠶ᠋ᠢᠨ ᠲᠠᠭᠢᠨ ᠡᠭᠦᠰᠴᠦ ᠪᠠᠶ᠋ᠢᠨ᠎ᠠ᠃ ᠡᠨᠡ ᠬᠦ᠌ ᠠᠬᠤᠢ ᠪᠠᠶ᠋ᠢᠳᠠᠯ ᠳᠣᠣᠷ᠎ᠠ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠡᠷᠬᠡᠪᠰᠢ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠦᠯᠳᠦᠭᠡᠨ᠎ᠢ ᠵᠣᠬᠢᠰᠲᠠᠢ ᠠᠷᠭ᠋ᠠᠴᠠᠭ᠋ᠠᠵᠤ᠂ ᠭᠠᠵᠠᠷ ᠣᠷᠣᠨ᠎ᠤ ᠮᠥᠷᠭᠦᠯᠳᠦᠭᠡᠨ᠎ᠤ ᠨᠥᠯᠥᠭᠡ ᠵᠢ ᠪᠦᠲᠦᠮᠵᠢᠲᠡᠶ ᠢᠯᠡᠨ ᠳᠠᠪᠠᠵᠤ᠂ ᠬᠠᠮᠲᠤ᠎ᠪᠠᠷ ᠪᠦᠲᠦᠭᠡᠨ ᠪᠠᠶ᠋ᠢᠭᠤᠯᠬᠤ ᠤᠯᠤᠰ᠎ᠤᠳ᠎ᠤᠨ ᠬᠦᠷᠲᠡᠮᠵᠢ ᠵᠢᠨ ᠲᠥᠷᠥᠭᠳᠡᠯ᠎ᠢ ᠨᠡᠮᠡᠭᠳᠡᠭᠦᠯᠬᠦ ᠪᠠ ᠪᠢᠳᠡᠨ᠎ᠳᠤ ᠠᠰᠢᠭᠲᠠᠢ ᠬᠠᠷᠢᠯᠴᠠᠭ᠎ᠠ ᠵᠢ ᠪᠠᠷᠢᠮᠲᠠᠯᠠᠬᠤ ᠵᠢ ᠵᠥᠪ ᠰᠢᠢ᠍ᠳᠪᠦᠷᠢᠯᠡᠵᠦ᠂ ᠮᠠᠨ᠎ᠤ ᠤᠯᠤᠰ᠎ᠤᠨ ᠭᠠᠳᠠᠭ᠋ᠠᠳᠤ᠎ᠳᠠᠬᠢ ᠠᠰᠢᠭ ᠲᠤᠰᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
       ᠰᠢ ᠵᠢᠨ ᠫᠢᠩ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠠᠵᠢᠯ ᠨᠢᠭᠡᠨᠲᠡ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠱᠠᠲᠤᠨ᠎ᠳᠤ ᠣᠷᠣᠪᠠ᠃ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠨ ᠪᠠᠶ᠋ᠢᠭᠤᠯᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠲᠤᠭ᠎ᠢ ᠥᠨᠳᠥᠷ ᠮᠠᠨᠳᠤᠭᠤᠯᠵᠤ᠂ ᠬᠠᠮᠲᠤ᠎ᠪᠠᠷ ᠵᠥᠪᠳᠡᠯᠴᠡᠬᠦ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠡᠳ᠋ᠯᠡᠬᠦ᠂ ᠨᠡᠭᠡᠭᠡᠯᠲᠡᠲᠤ ᠪᠣᠬᠢᠷᠳᠤᠯ ᠦᠭᠡᠢ ᠠᠷᠢᠭᠤᠨ ᠴᠢᠬᠡᠴᠢ᠂ ᠥᠨᠳᠥᠷ ᠪᠠᠷᠢᠮᠵᠢᠶ᠎ᠠ᠎ᠪᠠᠷ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠦᠷᠭᠦᠯᠵᠢᠯᠡᠬᠦ ᠵᠢᠯᠤᠭᠤᠳᠬᠤ ᠵᠠᠷᠴᠢᠮ᠎ᠢ ᠪᠠᠷᠢᠮᠲᠠᠯᠠᠵᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ ᠨᠠᠢ᠍ᠮᠠᠨ ᠵᠦᠢ᠍ᠯ᠎ᠤᠨ ᠠᠵᠢᠯᠯᠠᠭ᠎ᠠ᠎ᠪᠠᠷ ᠵᠢᠯᠣᠭᠤᠳᠤᠯᠭ᠎ᠠ ᠪᠤᠯᠭ᠋ᠠᠵᠤ᠂ ᠬᠤᠯᠪᠣᠯᠳᠤᠨ ᠨᠡᠪᠲᠡᠷᠡᠯᠴᠡᠬᠦ᠎ᠪᠠᠷ ᠭᠤᠣᠯ ᠰᠢᠵᠢᠮ ᠪᠤᠯᠭ᠋ᠠᠵᠤ᠂ ᠴᠢᠨᠠᠷ ᠰᠠᠶ᠋ᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠤᠶᠠᠯᠳᠤᠭᠤᠯᠬᠤ᠂ ᠵᠠᠰᠠᠭ᠎ᠤᠨ ᠣᠷᠳᠣᠨ ᠬᠥᠲᠥᠯᠥᠨ ᠵᠢᠯᠤᠭᠤᠳᠬᠤ ᠪᠠ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠢ ᠤᠶᠠᠯᠳᠤᠭᠤᠯᠬᠤ᠂ ᠰᠢᠨᠵᠢᠯᠡᠬᠦ ᠤᠬᠠᠭ᠋ᠠᠨᠴᠢ ᠪᠠᠶ᠋ᠢᠷᠢᠰᠢᠯ ᠪᠠ ᠬᠥᠳᠡᠯᠦᠩᠭᠦᠢ ᠰᠢᠯᠢᠳᠡᠭᠵᠢᠭᠦᠯᠦᠯᠲᠡ ᠵᠢ ᠤᠶᠠᠯᠳᠤᠭᠤᠯᠬᠤ᠂ ᠲᠣᠭ᠋ᠠᠨ᠎ᠤ ᠨᠡᠮᠡᠭᠳᠡᠯ ᠪᠠ ᠴᠢᠨᠠᠷ᠎ᠤᠨ ᠳᠡᠭᠡᠭᠰᠢᠯᠡᠯᠲᠡ ᠵᠢ ᠤᠶᠠᠯᠳᠤᠭᠤᠯᠬᠤ ᠵᠢ ᠪᠠᠷᠢᠮᠲᠠᠯᠠᠵᠤ᠂ ᠰᠠᠭᠤᠷᠢ ᠲᠥᠬᠦᠭᠡᠷᠦᠮᠵᠢ ᠵᠢᠨ 《ᠬᠠᠲᠠᠭᠤ ᠨᠡᠪᠲᠡᠷᠡᠯᠴᠡᠭᠡ》᠂ ᠳᠦᠷᠢᠮ᠎ᠤᠨ ᠪᠠᠷᠢᠮᠵᠢᠶ᠎ᠠ ᠵᠢᠨ 《ᠵᠥᠭᠡᠯᠡᠨ ᠨᠡᠪᠲᠡᠷᠡᠯᠴᠡᠭᠡ》 ᠪᠠ ᠬᠠᠮᠲᠤ᠎ᠪᠠᠷ ᠪᠦᠲᠦᠭᠡᠨ ᠪᠠᠶ᠋ᠢᠭᠤᠯᠬᠤ ᠤᠯᠤᠰ᠎ᠤᠳ᠎ᠤᠨ ᠠᠷᠠᠳ ᠲᠦᠮᠡᠨ᠎ᠤ 《ᠰᠡᠳᠬᠢᠯ᠎ᠤᠨ ᠨᠡᠪᠲᠡᠷᠡᠯᠴᠡᠭᠡ》 ᠵᠢ ᠨᠢᠭᠡᠳᠦᠯᠲᠡᠢ ᠲᠥᠯᠥᠪᠵᠢᠭᠦᠯᠦᠨ ᠭᠦᠨᠵᠡᠭᠡᠶ᠋ᠢᠷᠡᠭᠦᠯᠵᠦ᠂ ᠴᠢᠬᠤᠯᠠ ᠶᠡᠭᠡ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ ᠪᠠ 《ᠵᠢᠵᠢᠭ ᠪᠥᠭᠡᠳ ᠭᠤᠶ᠋ᠢᠳᠠ》 ᠠᠷᠠᠳ᠎ᠤᠨ ᠠᠮᠢᠳᠤᠷᠠᠯ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠠᠮᠵᠢᠯᠠᠯᠲᠤ ᠬᠦᠷᠢᠶᠡᠨ᠎ᠳᠠᠬᠢ ᠬᠠᠮᠲᠤᠷᠠᠯᠴᠠᠭ᠎ᠠ ᠵᠢ ᠪᠠᠬᠢᠵᠢᠭᠦᠯᠬᠦ ᠪᠠ ᠰᠢᠨ᠎ᠡ᠎ᠪᠠᠷ ᠮᠠᠨᠳᠤᠭᠰᠠᠨ ᠬᠦᠷᠢᠶᠡᠨ᠎ᠤ ᠬᠠᠮᠲᠤᠷᠠᠯᠴᠠᠭ᠎ᠠ ᠵᠢ ᠲᠣᠭᠲᠠᠭᠤᠨ ᠵᠶ᠋ᠠᠷ ᠥᠷᠭᠡᠳᠬᠡᠬᠦ ᠵᠢ ᠨᠢᠭᠡᠳᠦᠯᠲᠡᠢ ᠲᠥᠯᠥᠪᠵᠢᠭᠦᠯᠵᠦ᠂ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠨᠠᠩ ᠥᠨᠳᠥᠷ ᠲᠦᠪᠰᠢᠨ᠂ ᠨᠠᠩ ᠤᠶᠠᠨ ᠬᠠᠳᠠᠨ ᠴᠢᠨᠠᠷ᠎ᠲᠠᠢ᠂ ᠨᠡᠩ ᠦᠷᠭᠦᠯᠵᠢᠯᠡᠬᠦ ᠬᠥᠭᠵᠢᠯᠲᠡ ᠵᠢᠨ ᠰᠢᠨ᠎ᠡ ᠣᠷᠣᠨ ᠵᠠᠢ ᠵᠢ ᠲᠡᠰᠤᠷᠠᠯᠳᠠ ᠦᠭᠡᠢ ᠥᠷᠭᠡᠳᠬᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
       ᠰᠢ ᠵᠢᠨ ᠫᠢᠩ᠂ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ ᠲᠣᠭᠲᠠᠴᠠ ᠵᠢᠨ ᠪᠠᠶ᠋ᠢᠭᠤᠯᠤᠯᠲᠠ ᠵᠢ ᠭᠤᠣᠯᠳᠠᠯᠭ᠎ᠠ᠎ᠲᠠᠢ ᠠᠬᠢᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠬᠠᠮᠲᠤᠷᠠᠯᠴᠠᠭ᠋ᠠᠨ᠎ᠤ ᠲᠥᠯᠦᠪᠵᠢᠭᠦᠯᠭᠡ ᠵᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠲᠣᠭᠲᠠᠴᠠ ᠵᠢ ᠲᠡᠭᠦᠯᠳᠡᠷᠵᠢᠭᠦᠯᠵᠦ᠂ 《ᠬᠠᠲᠠᠭᠤ ᠨᠡᠪᠲᠡᠷᠡᠯᠴᠡᠭᠡ》᠂ 《ᠵᠥᠭᠡᠯᠡᠨ ᠨᠡᠪᠲᠡᠷᠡᠯᠴᠡᠭᠡ》᠂ 《ᠰᠡᠳᠬᠢᠯ᠎ᠤᠨ ᠨᠡᠪᠲᠡᠷᠡᠯᠴᠡᠭᠡ》 ᠵᠢ ᠵᠣᠬᠢᠴᠠᠭᠤᠯᠤᠨ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠪᠣᠳᠠᠲᠠᠢ ᠵᠢ ᠡᠷᠭᠢᠮᠯᠡᠭᠦ ᠬᠠᠮᠲᠤᠷᠠᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠰᠢᠨ᠎ᠡ᠎ᠪᠠᠷ ᠮᠠᠨᠳᠤᠭᠰᠠᠨ ᠬᠦᠷᠢᠶᠡᠨ᠎ᠳᠠᠬᠢ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠵᠢᠨ ᠤᠯᠠᠨ ᠡᠰᠢᠵᠢᠭᠰᠡᠨ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠳᠣᠲᠣᠭ᠋ᠠᠳᠤ ᠭᠠᠳᠠᠭ᠋ᠠᠳᠤ ᠬᠠᠮᠵᠢᠯᠴᠠᠬᠤ ᠲᠣᠭᠲᠠᠴᠠ ᠵᠢ ᠲᠡᠭᠦᠯᠳᠡᠷᠵᠢᠭᠦᠯᠵᠦ᠂ ᠭᠠᠳᠠᠭ᠋ᠠᠳᠤ᠎ᠳᠠᠬᠢ ᠠᠰᠢᠭ ᠲᠤᠰᠠ ᠵᠢᠨ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠥᠨᠳᠥᠷ ᠲᠦᠪᠰᠢᠨ ᠪᠦᠬᠦᠢ ᠤᠯᠠᠨ ᠤᠯᠤᠰ᠎ᠤᠨ ᠳᠠᠮᠵᠢᠭᠤᠯᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠠᠷᠢᠭᠤᠨ ᠴᠢᠬᠡᠴᠢ ᠲᠣᠷᠭ᠋ᠠᠨ ᠵᠠᠮ᠎ᠤᠨ ᠬᠠᠮᠲᠤᠷᠠᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠵᠤ ᠯᠠᠪᠳᠠᠭᠤᠨ ᠵᠶ᠋ᠠᠷ ᠬᠤᠯᠠ ᠠᠶᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠵᠢᠷᠤᠭ ᠲᠥᠰᠥᠪ᠎ᠢ ᠡᠴᠦᠰ᠎ᠲᠤᠨᠢ ᠲᠤᠯᠲᠠᠯ᠎ᠠ ᠵᠢᠷᠤᠭᠯᠠᠬᠤ ᠵᠢ ᠪᠠᠷᠢᠮᠲᠠᠯᠠᠵᠤ᠂ ᠬᠤᠶ᠋ᠢᠨ᠎ᠠ ᠬᠤᠶ᠋ᠢᠨ᠎ᠠ᠎ᠠᠴᠠ᠎ᠪᠠᠨ ᠵᠠᠯᠭ᠋ᠠᠨ ᠠᠵᠢᠯᠯᠠᠵᠤ᠂ ᠵᠣᠷᠢᠭᠲᠠᠢ᠎ᠪᠠᠷ ᠡᠯ᠎ᠡ ᠵᠦᠢ᠍ᠯ᠎ᠤᠨ ᠠᠶᠤᠯ ᠲᠦᠭᠰᠢᠭᠦᠷᠢ ᠵᠢ ᠢᠯᠠᠨ ᠳᠠᠪᠠᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠬᠤ ᠵᠢ ᠡᠷᠡᠰ ᠭᠤᠶ᠋ᠢᠪᠢᠰᠢ ᠦᠭᠡᠢ ᠠᠬᠢᠭᠤᠯᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ᠎ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    03.jpg   

      12 ᠰᠠᠷ᠎ᠠ ᠵᠢᠨ 2᠎ᠤᠨ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠤ ᠳᠥᠷᠪᠡᠳᠦᠭᠡᠷ ᠤᠳᠠᠭ᠎ᠠ ᠵᠢᠨ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠶᠠᠷᠢᠯᠴᠠᠬᠤ ᠬᠤᠷᠠᠯ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃
       ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠶᠤᠸᠠᠢ ᠶᠤᠸᠠᠢ ᠸᠧᠢ ᠰᠡᠭᠦᠳᠡᠷᠯᠡᠪᠡ

       ᠳ᠋ᠢᠩ ᠰᠢᠤᠸᠠᠢ ᠰᠢᠶᠠᠩ ᠬᠤᠷᠠᠯ᠎ᠢ ᠡᠷᠭᠢᠯᠡᠭᠦ᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠵᠤ ᠣᠯᠣᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠵᠢ ᠭᠦᠢ᠍ᠴᠡᠳ ᠨᠤᠲᠠᠯᠠᠵᠤ᠂ ᠣᠳᠣᠬᠠᠨ᠎ᠤ ᠪᠠ ᠬᠤᠶ᠋ᠢᠰᠢᠳᠠ ᠵᠢᠨ ᠬᠡᠰᠡᠭ ᠬᠤᠭᠤᠴᠠᠭ᠋ᠠᠨ᠎ᠤ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠪᠦᠭᠦ ᠲᠠᠯ᠎ᠠ ᠵᠢᠨ ᠪᠠᠶ᠋ᠢᠷᠢᠯᠠᠭᠤᠯᠤᠯᠲᠠ ᠬᠢᠵᠡᠢ᠃ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ᠎ᠨᠢ ᠠᠯᠤᠰ ᠭᠡᠳᠦ ᠵᠢᠨ ᠤᠳᠬ᠎ᠠ ᠰᠠᠨᠠᠭ᠎ᠠ᠎ᠲᠠᠢ᠂ ᠦᠵᠡᠯ ᠰᠠᠨᠠᠭ᠎ᠠ ᠭᠦᠨ ᠭᠦᠨᠵᠡᠭᠡᠢ᠂ ᠥᠭᠦᠯᠡᠯᠲᠡ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶ᠋ᠢᠵᠤ᠂ ᠳᠠᠷᠠᠭ᠋ᠠᠴᠢ ᠵᠢᠨ ᠰᠢᠵᠢᠷ ᠠᠯᠳᠠᠨ ᠠᠷᠪᠠᠨ ᠵᠢᠯ᠎ᠳᠤ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠵᠢᠷᠤᠮᠯᠠᠯ ᠬᠠᠩᠭ᠋ᠠᠵᠤ᠂ ᠤᠷᠤᠭᠰᠢᠯᠠᠯᠲᠠ ᠵᠢᠨ ᠴᠢᠭᠯᠡᠯ᠎ᠢ ᠵᠢᠭ᠋ᠠᠨ ᠥᠭᠴᠡᠢ᠂ ᠪᠢᠳᠡ ᠨᠠᠷᠢᠨ ᠬᠢᠨᠠᠮᠠᠭ᠋ᠠᠢ ᠰᠤᠷᠤᠯᠴᠠᠨ ᠣᠶ᠋ᠢᠯᠠᠭ᠋ᠠᠵᠤ᠂ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢᠨ᠎ᠬᠢᠨ ᠪᠠᠶ᠋ᠢᠯᠳᠤᠬᠤ ᠪᠣᠳᠣᠯᠭ᠎ᠠ ᠵᠢᠨ ᠰᠡᠳᠬᠢᠬᠦᠢ᠂ ᠠᠮᠤᠷ ᠲᠦᠪᠰᠢᠨ᠎ᠤ ᠤᠬᠠᠮᠰᠠᠷ᠂ ᠰᠢᠰᠲ᠋ᠧᠮ᠎ᠤᠨ ᠦᠵᠡᠯᠲᠡ᠂ ᠤᠯᠠᠨ ᠤᠯᠤᠰ᠎ᠤᠨ ᠬᠠᠷᠠᠭ᠋ᠠᠰᠤ᠎ᠪᠠᠨ ᠲᠠᠰᠤᠷᠠᠯᠳᠠ ᠦᠭᠡᠢ ᠴᠢᠩᠭ᠋ᠠᠳᠬᠠᠵᠤ᠂ ᠰᠢᠰᠲ᠋ᠧᠮᠵᠢᠯᠳᠡ ᠲᠤᠬᠳᠠᠴᠠᠵᠢᠯᠳᠠ ᠵᠢ ᠠᠬᠢᠭᠤᠯᠬᠤ᠎ᠪᠠᠷ ᠭᠤᠣᠯᠳᠠᠯᠭ᠎ᠠ ᠪᠤᠯᠭ᠋ᠠᠵᠤ᠂ ᠦᠵᠦ ᠲᠥᠯᠥᠪᠯᠡᠭᠡ ᠵᠢ ᠦᠷᠭᠦᠯᠵᠢᠯᠡᠨ ᠲᠡᠭᠦᠯᠳᠡᠷᠵᠢᠭᠦᠯᠵᠦ᠂ ᠪᠣᠳᠠᠲᠠᠢ ᠵᠢ ᠡᠷᠭᠢᠮᠯᠡᠭᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠭᠠᠳᠠᠭ᠋ᠠᠳᠤ᠎ᠯᠤᠭ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠨᠢᠭᠡ ᠪᠦᠯᠦᠭ ᠠᠯᠳᠠᠷᠲᠠᠢ᠂ ᠴᠢᠨᠠᠷᠯᠢᠭ ᠬᠠᠮᠲᠤᠷᠠᠯᠴᠠᠭ᠋ᠠᠨ᠎ᠤ ᠲᠦᠷᠦᠯ ᠲᠡᠮᠳᠡᠭ᠎ᠢ ᠬᠦᠴᠦᠯᠡᠨ ᠪᠣᠶ᠋ᠢᠵᠢᠭᠤᠯᠵᠤ᠂ ᠵᠢᠱ᠌ᠢᠶ᠎ᠡ ᠦᠵᠡᠭᠦᠯᠭᠦ ᠴᠢᠨᠠᠷ ᠬᠥᠲᠥᠯᠥᠨ ᠳᠠᠭ᠋ᠠᠭᠤᠯᠬᠤ ᠴᠢᠨᠠᠷ ᠪᠦᠬᠦᠢ ᠨᠡᠩ ᠤᠯᠠᠨ ᠴᠢᠬᠤᠯᠠ ᠶᠡᠭᠡ ᠦᠷ᠎ᠡ ᠪᠦᠲᠦᠭᠡᠯ᠎ᠢ ᠪᠦᠷᠢᠯᠳᠦᠭᠦᠯᠵᠦ᠂ ᠨᠡᠩ ᠥᠨᠳᠥᠷ ᠲᠦᠪᠰᠢᠨ ᠪᠦᠬᠦᠢ ᠨᠡᠩ ᠤᠶᠠᠨ ᠬᠠᠳᠠᠨ ᠴᠢᠨᠠᠷ᠎ᠲᠠᠢ ᠨᠡᠩ ᠦᠷᠭᠦᠯᠵᠢᠯᠡᠬᠦ ᠴᠢᠨᠠᠷᠲᠠᠢ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠵᠤ ᠬᠠᠮᠲᠤ᠎ᠪᠠᠷ ᠠᠰᠢᠭ ᠭᠦᠷᠳᠡᠭᠦ ᠬᠥᠭᠵᠢᠯᠲᠡ ᠵᠢᠨ ᠰᠢᠨ᠎ᠡ ᠣᠷᠣᠨ ᠵᠠᠢ ᠵᠢ ᠬᠠᠮᠲᠤ᠎ᠪᠠᠷ ᠡᠭᠦᠳᠬᠦ ᠬᠡᠷᠡᠭᠲᠡᠢ ᠭᠡᠵᠦ ᠢᠯᠡᠳᠬᠡᠪᠡ᠃
       ᠸᠠᠩ ᠢ᠂ ᠾᠧ ᠯᠢ ᠹᠧᠩ᠂ ᠦ᠋ ᠵᠧᠩ ᠯᠦᠩ ᠶᠠᠷᠢᠯᠴᠠᠬᠤ ᠬᠤᠷᠠᠯ᠎ᠳᠤ ᠣᠷᠣᠯᠴᠠᠪᠠ᠃
      《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ ᠨᠢᠭᠡᠴᠢ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠭᠤᠣᠯ ᠬᠠᠷᠢᠭᠤᠴᠠᠯᠭ᠋ᠠᠲᠠᠨ ᠨᠥᠬᠦᠳ᠂ ᠬᠤᠯᠪᠣᠭᠳᠠᠯ ᠪᠦᠬᠦᠢ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠂ ᠲᠤᠰᠬᠠᠢ ᠮᠡᠷᠭᠡᠵᠢᠯᠲᠡᠨ ᠡᠷᠳᠡᠮᠲᠡᠨ᠎ᠤ ᠲᠥᠯᠥᠭᠡᠯᠡᠭᠴᠢ ᠨᠠᠷ ᠶᠠᠷᠢᠯᠴᠠᠬᠤ ᠬᠤᠷᠠᠯ᠎ᠳᠤ ᠣᠷᠣᠯᠴᠠᠵᠠᠢ᠃
   



ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ