ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠠᠵᠢᠯ᠎ᠤᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ
ᠨᠡᠶ᠋ᠢᠲᠡᠯᠡᠭᠰᠡᠨ ᠴᠠᠭ᠄ 2024-05-27

      ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ 5 ᠳ᠋ᠤᠭ᠋ᠠᠷ ᠰᠠᠷ᠎ᠠ ᠵᠢᠨ 24᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠠᠵᠢᠯ᠎ᠤᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ 《ᠬᠢᠯᠢ ᠠᠯᠤᠰᠯᠠᠭᠰᠠᠨ  ᠡᠯᠸᠺᠲᠷᠤᠨ ᠬᠤᠳᠠᠯᠳᠤᠭ᠋ᠠᠨ᠎ᠤ ᠭᠠᠳᠠᠭ᠋ᠠᠳᠤ ᠭᠠᠷᠭ᠋ᠠᠯᠲᠠ ᠵᠢ ᠥᠷᠭᠡᠳᠬᠡᠨ ᠭᠠᠳᠠᠭ᠋ᠠᠳᠤ᠎ᠳᠠᠬᠢ ᠬᠥᠮᠥᠷᠭᠡ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠢ ᠰᠠᠨᠠᠯ》᠎ᠢ ᠶᠠᠷᠢᠯᠴᠠᠨ ᠪᠠᠲᠤᠯᠠᠪᠠ᠃
       ᠬᠤᠷᠠᠯ᠎ᠳᠤ ᠵᠢᠭ᠋ᠠᠵᠤ ᠭᠠᠷᠭ᠋ᠠᠭᠰᠠᠨ᠎ᠨᠢ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠣᠯ ᠵᠠᠰᠠᠭ᠎ᠤᠨ ᠣᠷᠳᠣᠨ᠎ᠤ ᠰᠢᠰᠲ᠋ᠧᠮ᠎ᠤᠨ ᠥᠪᠡᠷ᠎ᠤᠨ ᠠᠯᠳᠠᠭ᠎ᠠ᠎ᠪᠠᠨ ᠵᠠᠯᠠᠷᠠᠭᠤᠯᠬᠤ᠎ᠳᠤ ᠬᠢᠨᠠᠯᠲᠠ ᠲᠠᠯᠪᠢᠬᠤ ᠳᠦᠷᠢᠮ ᠪᠠ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠰᠢᠢ᠍ᠳᠪᠦᠷᠢᠯᠡᠬᠦ ᠲᠡᠳᠬᠦᠮᠵᠢ ᠵᠢᠨ ᠳᠦᠷᠢᠮ ᠮᠥᠨ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠠᠬᠢᠭᠤᠯᠬᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠢ ᠪᠠᠶ᠋ᠢᠭᠤᠯᠬᠤ ᠴᠢᠬᠤᠯᠠ ᠭᠠᠷᠳᠠᠴᠠ ᠮᠥᠨ᠃ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠵᠢᠨ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠨᠠᠮᠳᠠᠭᠤᠯᠬᠤ ᠭᠤᠣᠯ ᠠᠷᠭ᠎ᠠ ᠵᠠᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ ᠵᠢ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠵᠦ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ ᠵᠢᠨ ᠬᠡᠷᠡᠭᠵᠢᠭᠦᠯᠬᠦ ᠳᠦᠷᠢᠮ᠎ᠳᠤ ᠱᠠᠯᠠᠪᠳᠠᠨ ᠵᠠᠰᠠᠪᠤᠷᠢ ᠣᠷᠣᠭᠤᠯᠵᠤ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠵᠢᠨ ᠬᠠᠤᠯᠢ᠎ᠳᠤ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠪᠦᠷᠢᠮᠦᠰᠦᠨ ᠭᠦᠢ᠍ᠴᠡᠳᠬᠡᠭᠰᠡᠨ ᠦᠭᠡᠢ᠂ ᠳᠠᠷᠠᠭ᠋ᠠᠯᠠᠯ᠎ᠨᠢ ᠬᠠᠤᠯᠢ᠎ᠠᠴᠠ ᠵᠥᠷᠢᠴᠡᠭᠰᠡᠨ᠂ ᠳᠤᠷ᠎ᠠ᠎ᠪᠠᠷ ᠵᠣᠭᠤᠰ ᠲᠣᠷᠭ᠋ᠠᠬᠤ ᠵᠡᠷᠭᠡ ᠦᠢ᠍ᠯᠡ ᠠᠵᠢᠯᠯᠠᠭ᠎ᠠ᠎ᠨᠤᠭᠤᠳ᠎ᠲᠤ ᠬᠢᠨᠠᠯᠲᠠ ᠲᠠᠯᠪᠢᠵᠤ ᠬᠢᠵᠠᠭ᠋ᠠᠷᠯᠠᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠎ᠪᠠᠷ ᠬᠠᠤᠯᠢ ᠶᠣᠰᠣᠭ᠋ᠠᠷ ᠵᠠᠰᠠᠭ ᠶᠠᠪᠤᠭᠤᠯᠬᠤ ᠲᠦᠪᠰᠢᠨ᠎ᠤ ᠳᠡᠭᠡᠭᠰᠢᠯᠡᠯᠲᠡ ᠵᠢ ᠠᠬᠢᠭᠤᠯᠵᠤ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠵᠢᠨ ᠠᠷᠠᠳ᠎ᠲᠤ ᠨᠠᠩ ᠳᠥᠭᠦᠮᠯᠡᠬᠦ ᠵᠢ ᠠᠬᠢᠭᠤᠯᠤᠨ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠦᠲᠦᠮᠵᠢ ᠪᠠ ᠨᠡᠶ᠋ᠢᠲᠡ ᠵᠢᠨ ᠢᠲᠡᠭᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠵᠢ ᠠᠷᠠᠳ᠎ᠤᠨ ᠡᠶᠡᠳᠡᠭᠦᠯᠭᠡ᠂ ᠵᠠᠰᠠᠭ ᠵᠠᠬᠢᠷᠭ᠋ᠠᠨ᠎ᠤ ᠵᠠᠷᠭᠤ᠂ ᠵᠠᠬᠢᠳᠠᠯ ᠰᠤᠷᠪᠤᠯᠵᠢᠯᠠᠯ ᠵᠡᠷᠭᠡ᠎ᠯᠦᠭᠡ ᠵᠣᠯᠭ᠋ᠠᠭᠤᠯᠬᠤ ᠵᠢ ᠴᠢᠩᠭ᠋ᠠᠳᠬᠠᠵᠤ᠂ ᠨᠥᠬᠦᠴᠡᠯ᠎ᠳᠤ ᠨᠡᠶ᠋ᠢᠴᠡᠬᠦ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠵᠠᠰᠠᠭ ᠵᠠᠬᠢᠷᠭ᠋ᠠᠨ᠎ᠤ ᠵᠠᠷᠭᠤ᠂ ᠵᠠᠬᠢᠳᠠᠯ ᠰᠤᠷᠪᠤᠯᠵᠢᠯᠠᠯ ᠵᠡᠷᠭᠡ᠎ᠠᠴᠠ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠠᠷᠭ᠎ᠠ ᠵᠠᠮ᠎ᠳᠤ ᠣᠷᠣᠭᠤᠯᠤᠨ ᠰᠢᠢ᠍ᠳᠪᠦᠷᠢᠯᠡᠬᠦ ᠲᠣᠭᠲᠠᠴᠠ ᠵᠢ ᠰᠦᠪᠡᠭᠴᠢᠯᠡᠨ ᠪᠠᠶ᠋ᠢᠭᠤᠯᠬᠤ ᠬᠡᠷᠡᠭᠲᠡᠢ ᠭᠡᠵᠡᠢ᠃
      ᠬᠤᠷᠠᠯ᠎ᠳᠤ ᠵᠢᠭ᠋ᠠᠵᠤ ᠭᠠᠷᠭ᠋ᠠᠭᠰᠠᠨ᠎ᠨᠢ᠂ ᠬᠢᠯᠢ ᠠᠯᠤᠰᠯᠠᠭᠰᠠᠨ  ᠡᠯᠸᠺᠲᠷᠤᠨ ᠬᠤᠳᠠᠯᠳᠤᠭ᠎ᠠ᠂ ᠭᠠᠳᠠᠭ᠋ᠠᠳᠤ᠎ᠳᠠᠬᠢ ᠬᠥᠮᠥᠷᠭᠡ ᠵᠡᠷᠭᠡ ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠵᠢ ᠬᠥᠭᠵᠢᠭᠦᠯᠬᠦ᠎ᠨᠢ ᠭᠠᠳᠠᠭ᠋ᠠᠳᠤ ᠠᠷᠠᠯᠵᠢᠶᠠᠨ᠎ᠤ ᠪᠦᠲᠦᠴᠡ ᠵᠢ ᠰᠢᠯᠢᠳᠡᠭᠵᠢᠭᠦᠯᠬᠦ᠂ ᠬᠡᠪᠴᠢᠶ᠎ᠡ ᠵᠢ ᠲᠣᠭᠲᠠᠪᠤᠷᠢᠵᠢᠭᠤᠯᠬᠤ ᠵᠢ ᠠᠬᠢᠭᠤᠯᠬᠤ᠎ᠳᠤ ᠠᠰᠢᠭᠲᠠᠢ᠂ ᠤᠯᠠᠨ ᠤᠯᠤᠰ᠎ᠤᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠰᠢᠨ᠎ᠡ ᠳᠠᠪᠠᠭᠤᠯᠢᠭ᠎ᠢ ᠪᠤᠢ ᠪᠣᠯᠭ᠋ᠠᠬᠤ᠎ᠳᠤ ᠠᠰᠢᠭᠲᠠᠢ ᠶᠤᠮ᠃ ᠬᠢᠯᠢ ᠠᠯᠤᠰᠯᠠᠭᠰᠠᠨ  ᠡᠯᠸᠺᠲᠷᠤᠨ ᠬᠤᠳᠠᠯᠳᠤᠭ᠋ᠠᠨ᠎ᠤ ᠡᠵᠡᠩᠨᠡᠯᠲᠡ ᠵᠢᠨ ᠭᠤᠣᠯ ᠴᠣᠭᠴᠠ ᠵᠢ ᠢᠳᠡᠪᠬᠢᠲᠡᠢ ᠪᠣᠶ᠋ᠢᠵᠢᠭᠤᠯᠵᠤ᠂ ᠣᠷᠣᠨ ᠨᠤᠲᠤᠭ᠎ᠤᠨ᠎ᠬᠢᠨ ᠣᠨᠴᠠᠯᠢᠭᠲᠤ ᠳᠠᠪᠠᠭᠤᠯᠢᠭ᠎ᠲᠤ᠎ᠪᠠᠨ ᠰᠠᠭᠤᠷᠢᠯᠠᠨ ᠤᠯᠠᠮᠵᠢᠯᠠᠯᠲᠤ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠤᠨ ᠬᠢᠯᠢ ᠠᠯᠤᠰᠯᠠᠭᠰᠠᠨ  ᠡᠯᠸᠺᠲᠷᠤᠨ ᠬᠤᠳᠠᠯᠳᠤᠭ᠋ᠠᠨ᠎ᠤ ᠬᠥᠭᠵᠢᠯᠲᠡ ᠵᠢ ᠳᠡᠮᠵᠢᠬᠦ ᠵᠢ ᠵᠣᠷᠢᠭᠵᠢᠭᠤᠯᠵᠤ᠂ ᠬᠢᠯᠢ ᠠᠯᠤᠰᠯᠠᠭᠰᠠᠨ  ᠡᠯᠸᠺᠲᠷᠤᠨ ᠬᠤᠳᠠᠯᠳᠤᠭ᠋ᠠᠨ᠎ᠤ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠵᠤ᠂ ᠠᠵᠤ ᠠᠬᠤᠶ᠋ᠢᠯᠠᠯ᠎ᠳᠤ ᠨᠡᠩ ᠤᠯᠠᠨ ᠳᠡᠯᠭᠡᠨ ᠦᠵᠡᠭᠦᠯᠵᠦ ᠵᠣᠯᠭ᠋ᠠᠭᠤᠯᠬᠤ ᠲᠠᠪᠴᠠᠩ ᠬᠠᠩᠭ᠋ᠠᠵᠤ᠂ ᠲᠦᠷᠦᠯ ᠲᠡᠮᠳᠡᠭ᠎ᠤᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠬᠤ ᠬᠡᠷᠡᠭᠲᠡᠢ᠃ ᠮᠥᠩᠭᠦᠨ ᠭᠦᠢ᠍ᠯᠭᠡᠭᠡᠨ᠎ᠤ ᠳᠡᠮᠵᠢᠯᠭᠡ ᠵᠢ ᠨᠡᠮᠡᠭᠳᠡᠭᠦᠯᠵᠦ᠂ ᠬᠤᠯᠪᠣᠭᠳᠠᠯ ᠪᠦᠬᠦᠢ ᠰᠠᠭᠤᠷᠢ ᠪᠡᠯᠡᠳᠬᠡᠮᠵᠢ ᠪᠣᠯᠣᠨ ᠪᠠᠷᠠᠭ᠋ᠠᠨ᠎ᠤ ᠭᠦᠢ᠍ᠯᠭᠡᠭᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠢᠨᠠᠯᠲᠠ ᠬᠠᠮᠢᠶᠠᠷᠤᠯᠲᠠ ᠪᠣᠯᠣᠨ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠪᠠᠷᠢᠮᠵᠢᠶ᠎ᠠ ᠳᠦᠷᠢᠮ᠎ᠤᠨ ᠪᠠᠶ᠋ᠢᠭᠤᠯᠤᠯᠲᠠ ᠪᠠ ᠤᠯᠠᠨ ᠤᠯᠤᠰ᠎ᠤᠨ ᠬᠠᠮᠲᠤᠷᠠᠯᠴᠠᠭ᠎ᠠ ᠵᠢ ᠢᠳᠡᠪᠬᠢᠲᠡᠢ ᠥᠷᠨᠢᠭᠦᠯᠬᠦ ᠬᠡᠷᠡᠭᠲᠡᠢ᠃ ᠠᠵᠢᠯ ᠲᠦᠷᠦᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠵᠤ᠂ ᠡᠮᠬᠢ ᠵᠢᠷᠤᠮ᠎ᠲᠠᠢ᠎ᠪᠠᠷ ᠥᠷᠢᠰᠦᠯᠳᠦᠬᠦ ᠵᠢ ᠬᠥᠲᠥᠯᠥᠨ ᠵᠢᠯᠤᠭᠤᠳᠴᠤ᠂ ᠠᠵᠤ ᠦᠢ᠍ᠯᠡᠰ᠎ᠤᠨ ᠬᠡᠯᠬᠢᠶᠡᠨ᠎ᠤ ᠳᠡᠭᠡᠳᠦ ᠳᠣᠣᠷᠠᠳᠤ ᠤᠷᠤᠰᠬᠠᠯ᠎ᠤᠨ ᠬᠥᠭᠵᠢᠯᠲᠡ᠎ᠳᠤ ᠨᠡᠩ ᠰᠠᠶ᠋ᠢᠨ ᠬᠦᠴᠦᠨ ᠣᠯᠭᠤᠬᠤ ᠬᠡᠷᠡᠭᠲᠡᠢ ᠭᠡᠵᠡᠢ᠃
      ᠬᠤᠷᠠᠯ᠎ᠳᠤ ᠪᠠᠰᠠ ᠪᠤᠰᠤᠳ ᠵᠦᠢ᠍ᠯᠡᠰ᠎ᠢ ᠰᠤᠳᠤᠯᠵᠠᠢ᠃
 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ