ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠨᠥᠬᠦᠷ᠎ᠤᠨ 《ᠰᠤᠷᠭ᠋ᠠᠨ ᠬᠥᠮᠦᠵᠢᠯ᠎ᠤᠨ ᠲᠤᠬᠠᠢ ᠥᠭᠦᠯᠡᠬᠦ᠎ᠨᠢ》 ᠭᠡᠬᠦ ᠨᠣᠮ᠎ᠢ ᠬᠡᠪᠯᠡᠭᠦᠯᠦᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2024-09-09

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 9 ᠰᠠᠷ᠎ᠠ ᠵᠢᠨ 8᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠨᠠᠮ᠎ᠤᠨ ᠲᠡᠦᠬᠡ ᠪᠠ ᠲᠤᠯᠭᠤᠷ ᠪᠢᠴᠢᠭ᠎ᠤᠨ ᠰᠤᠳᠤᠯᠭ᠋ᠠᠨ᠎ᠤ ᠬᠦᠷᠢᠶᠡᠯᠡᠩ᠎ᠤᠨ ᠨᠠᠶ᠋ᠢᠷᠠᠭᠤᠯᠤᠭᠰᠠᠨ ᠰᠢ ᠵᠢᠨ ᠫᠢᠩ ᠨᠥᠬᠦᠷ᠎ᠤᠨ 《ᠰᠤᠷᠭ᠋ᠠᠨ ᠬᠥᠮᠦᠵᠢᠯ᠎ᠤᠨ ᠲᠤᠬᠠᠢ ᠥᠭᠦᠯᠡᠬᠦ᠎ᠨᠢ》 ᠭᠡᠬᠦ ᠨᠣᠮ᠎ᠢ ᠣᠶ᠋ᠢᠷ᠎ᠠ᠎ᠳᠤ ᠲᠥᠪ᠎ᠤᠨ ᠲᠤᠯᠭᠤᠷ ᠪᠢᠴᠢᠭ᠎ᠤᠨ ᠬᠡᠪᠯᠡᠯ᠎ᠤᠨ ᠬᠤᠷᠢᠶ᠎ᠠ᠎ᠠᠴᠠ ᠬᠡᠪᠯᠡᠭᠦᠯᠵᠦ᠂ ᠪᠦᠭᠦ ᠤᠯᠤᠰ᠎ᠲᠤ ᠲᠠᠷᠬᠠᠭ᠋ᠠᠪᠠ᠃
       ᠡᠨᠡ ᠬᠦ᠌ ᠲᠤᠰᠬᠠᠢ ᠰᠡᠳᠦᠪᠲᠦ ᠵᠣᠬᠢᠶᠠᠯ᠎ᠤᠨ ᠡᠮᠬᠢᠳᠬᠡᠯ᠎ᠳᠤ ᠰᠢ ᠵᠢᠨ ᠫᠢᠩ ᠨᠥᠬᠦᠷ᠎ᠤᠨ ᠰᠤᠷᠭ᠋ᠠᠨ ᠬᠥᠮᠦᠵᠢᠯ᠎ᠤᠨ ᠲᠤᠬᠠᠢ 47 ᠴᠢᠬᠤᠯᠠ ᠵᠣᠬᠢᠶᠠᠯ᠎ᠢ ᠣᠷᠣᠭᠤᠯᠵᠠᠢ᠂ ᠡᠭᠦᠨ᠎ᠳᠤ ᠬᠡᠰᠡᠭ ᠵᠣᠬᠢᠶᠠᠯ᠎ᠢ ᠠᠩᠬ᠎ᠠ ᠤᠳᠠᠭ᠎ᠠ ᠢᠯᠡ᠎ᠪᠠᠷ ᠨᠡᠶ᠋ᠢᠲᠡᠯᠡᠵᠦ ᠪᠠᠶ᠋ᠢᠨ᠎ᠠ᠃
      ᠰᠤᠷᠭ᠋ᠠᠨ ᠬᠥᠮᠦᠵᠢᠯ ᠪᠣᠯ ᠦᠨᠳᠦᠰᠦᠲᠡᠨ᠎ᠤ ᠬᠥᠭᠵᠢᠯ ᠮᠠᠨᠳᠤᠯ᠂ ᠨᠡᠶ᠋ᠢᠭᠡᠮ᠎ᠤᠨ ᠳᠠᠪᠰᠢᠯᠲᠠ ᠵᠢᠨ ᠴᠢᠬᠤᠯᠠ ᠰᠠᠭᠤᠷᠢ ᠴᠢᠯᠠᠭᠤ ᠮᠥᠨ᠂ ᠤᠳᠤ ᠦᠶ᠎ᠡ᠎ᠳᠤ ᠭᠠᠪᠢᠶ᠎ᠠ ᠪᠠᠶ᠋ᠢᠭᠤᠯᠵᠤ᠂ ᠮᠢᠩᠭ᠋ᠠᠨ ᠦᠶ᠎ᠡ᠎ᠳᠤ ᠠᠰᠢᠭ ᠬᠦᠷᠲᠡᠭᠡᠬᠦ ᠶᠣᠰᠣ᠎ᠪᠠᠷ ᠵᠠᠰᠠᠬᠤ ᠵᠠᠰᠠᠭ᠎ᠤᠨ ᠢᠨᠵᠧᠨᠧᠷᠢᠩ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯᠯᠠᠭᠤᠯᠤᠭᠰᠠᠨ ᠨᠠᠮ᠎ᠤᠨ ᠲᠥᠪ ᠬᠤᠷᠢᠶ᠎ᠠ ᠰᠤᠷᠭ᠋ᠠᠨ ᠬᠥᠮᠦᠵᠢᠯ᠎ᠢ ᠤᠯᠤᠰ᠎ᠤᠨ ᠶᠡᠭᠡ ᠪᠣᠳᠣᠯᠭ᠎ᠠ᠂ ᠨᠠᠮ᠎ᠤᠨ ᠶᠡᠭᠡ ᠪᠣᠳᠣᠯᠭ᠎ᠠ ᠪᠤᠯᠭ᠋ᠠᠬᠤ ᠵᠢ ᠪᠠᠷᠢᠮᠲᠠᠯᠠᠵᠤ᠂ ᠰᠤᠷᠭ᠋ᠠᠨ ᠬᠥᠮᠦᠵᠢᠯ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠨ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠲᠦᠷᠭᠡᠳᠬᠡᠬᠦ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠭᠠᠷᠭ᠋ᠠᠵᠤ᠂ ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠬᠤ᠂ ᠪᠠᠶ᠋ᠢᠷᠢᠰᠢᠯ᠎ᠤᠨ ᠴᠢᠨᠠᠷᠲᠠᠢ ᠬᠤᠪᠢᠷᠠᠯᠲᠠ ᠭᠠᠷᠬᠤ ᠵᠢ ᠠᠬᠢᠭᠤᠯᠪᠠ᠃ ᠮᠠᠨ᠎ᠤ ᠤᠯᠤᠰ ᠨᠢᠭᠡᠨᠲᠡ ᠳᠡᠯᠡᠬᠡᠢ ᠳᠡᠭᠡᠷᠡᠬᠢ ᠬᠡᠪᠴᠢᠶ᠎ᠡ᠎ᠪᠠᠷ ᠬᠠᠮᠤᠭ᠎ᠤᠨ ᠶᠡᠭᠡ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠪᠠᠶ᠋ᠢᠭᠤᠯᠵᠤ᠂ ᠰᠤᠷᠭ᠋ᠠᠨ ᠬᠥᠮᠦᠵᠢᠯ᠎ᠤᠨ ᠣᠳᠣᠬᠢᠴᠢᠯᠠᠭᠰᠠᠨ ᠬᠥᠭᠵᠢᠯᠲᠡ ᠵᠢᠨ ᠶᠡᠷᠦᠩᠬᠡᠢ ᠲᠦᠪᠰᠢᠨ ᠳᠡᠯᠡᠬᠡᠢ ᠵᠢᠨ ᠳᠤᠮᠳᠠ ᠳᠡᠭᠡᠳᠦ ᠤᠯᠤᠰ᠎ᠤᠨ ᠡᠩᠨᠡᠭᠡᠨ᠎ᠳᠤ ᠣᠷᠣᠪᠠ᠃ ᠰᠢ ᠵᠢᠨ ᠫᠢᠩ ᠨᠥᠬᠦᠷ ᠰᠤᠷᠭ᠋ᠠᠨ ᠬᠥᠮᠦᠵᠢᠯ᠎ᠤᠨ ᠲᠣᠭᠤᠷᠢᠨ᠎ᠳᠤ ᠠᠯᠢ ᠣᠯᠠᠨ ᠴᠢᠬᠤᠯᠠ ᠥᠭᠦᠯᠡᠯᠲᠡ ᠨᠡᠶ᠋ᠢᠲᠡᠯᠡᠵᠦ᠂ 《ᠶᠠᠮᠠᠷ ᠬᠥᠮᠥᠨ᠎ᠢ ᠬᠥᠮᠥᠵᠢᠭᠦᠯᠬᠦ᠂ ᠬᠥᠮᠥᠨ᠎ᠢ ᠬᠡᠷᠬᠢᠨ ᠬᠥᠮᠥᠵᠢᠭᠦᠯᠬᠦ᠂ ᠬᠡᠨ᠎ᠤ ᠲᠥᠯᠥᠭᠡ ᠬᠥᠮᠥᠵᠢᠭᠦᠯᠬᠦ》 ᠦᠨᠳᠦᠰᠦᠨ ᠠᠰᠠᠭᠤᠳᠠᠯ᠎ᠳᠤ ᠰᠢᠨᠵᠢᠯᠡᠬᠦ ᠤᠬᠠᠭ᠋ᠠᠨᠴᠢ ᠬᠠᠷᠢᠭᠤᠯᠲᠠ ᠥᠭᠴᠦ᠂ ᠮᠠᠨ᠎ᠤ ᠤᠯᠤᠰ᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠵᠢ ᠭᠦᠨᠵᠡᠭᠡᠶ᠋ᠢᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠭᠢᠯᠡᠵᠦ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠣᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠶ᠋ᠢᠬᠠᠨ ᠭᠦᠳᠡᠯᠮᠦᠷᠢ ᠪᠦᠭᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠥᠵᠢᠭᠦᠯᠦᠨ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ᠎ᠳᠤ ᠲᠤᠶ᠋ᠢᠯ᠎ᠤᠨ ᠴᠢᠬᠤᠯᠠ ᠵᠢᠯᠤᠭᠤᠳᠬᠤ ᠠᠴᠢ ᠬᠤᠯᠪᠣᠭᠳᠠᠯ᠎ᠲᠠᠢ ᠶᠤᠮ᠃
   

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ