ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠪᠠ 《ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠰᠢᠨ᠎ᠡ ᠪᠠᠶ᠋ᠢᠷᠢᠰᠢᠯ᠎ᠢ ᠪᠦᠷᠢᠯᠳᠦᠭᠦᠯᠬᠦ ᠵᠢ ᠤᠯᠠᠮ ᠨᠢᠭᠡ ᠠᠯᠬᠤᠮ ᠠᠬᠢᠭᠤᠯᠬᠤ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ》᠎ᠢ ᠬᠢᠨᠠᠨ ᠵᠥᠪᠯᠡᠵᠡᠢ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ
ᠨᠡᠶ᠋ᠢᠲᠡᠯᠡᠭᠰᠡᠨ ᠴᠠᠭ᠄ 2024-08-26

      ᠰᠢᠨᠬᠤᠸᠠ ᠬᠤᠷᠢᠶᠠᠨ᠎ᠤ ᠪᠡᠭᠡᠵᠢᠩ᠎ᠤᠨ 8 ᠰᠠᠷ᠎ᠠ ᠵᠢᠨ 23᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶ᠎ᠠ 8 ᠰᠠᠷ᠎ᠠ ᠵᠢᠨ 23᠎ᠤ ᠡᠳᠦᠷ ᠬᠤᠷᠠᠯ ᠬᠤᠷᠠᠯᠳᠤᠭᠤᠯᠵᠤ᠂ 《ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠰᠢᠨ᠎ᠡ ᠪᠠᠶ᠋ᠢᠷᠢᠰᠢᠯ᠎ᠢ ᠪᠦᠷᠢᠯᠳᠦᠭᠦᠯᠬᠦ ᠵᠢ ᠤᠯᠠᠮ ᠨᠢᠭᠡ ᠠᠯᠬᠤᠮ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ》᠎ᠢ ᠬᠢᠨᠠᠨ ᠵᠥᠪᠯᠡᠪᠡ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ᠃
       ᠬᠤᠷᠠᠯ᠎ᠠᠴᠠ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠪᠣᠯ ᠨᠠᠮ᠎ᠤᠨ ᠲᠥᠪ ᠬᠤᠷᠢᠶ᠎ᠠ᠎ᠠᠴᠠ ᠲᠣᠭᠲᠠᠭ᠋ᠠᠭᠰᠠᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢᠨ ᠰᠢᠢ᠍ᠳᠪᠦᠷᠢᠲᠦ ᠪᠣᠳᠣᠯᠭ᠎ᠠ ᠮᠥᠨ᠂ ᠨᠠᠮ᠎ᠤᠨ ᠲᠥᠪ ᠬᠤᠷᠢᠶᠠᠨ᠎ᠤ ᠪᠠᠶ᠋ᠢᠯᠳᠤᠬᠤ ᠪᠣᠳᠣᠯᠭ᠎ᠠ ᠵᠢᠨ ᠰᠠᠨᠠᠭ᠎ᠠ ᠵᠣᠷᠢᠯᠲᠠ ᠵᠢ ᠭᠦᠨᠵᠡᠭᠡᠢ ᠣᠶ᠋ᠢᠯᠠᠭ᠋ᠠᠵᠤ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠠᠵᠢᠯ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠳᠤᠮᠳᠠᠬᠢ ᠪᠠᠶ᠋ᠢᠷᠢ ᠲᠣᠭᠲᠠᠭ᠋ᠠᠯᠲᠠ ᠪᠠ ᠡᠭᠦᠷᠭᠡ ᠵᠢ ᠣᠨᠣᠪᠴᠢᠲᠠᠶ ᠡᠵᠡᠮᠳᠡᠵᠦ᠂ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠪᠠᠲᠤᠯᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠢᠮᠠᠭᠲᠠ ᠲᠤᠭᠤᠰᠢᠲᠠᠢ ᠰᠠᠶ᠋ᠢᠲᠤᠷ ᠠᠳᠬᠤᠵᠤ᠂ ᠶᠡᠭᠡ᠎ᠪᠠᠷ ᠬᠠᠮᠠᠭ᠋ᠠᠯᠠᠬᠤ᠂ ᠶᠡᠭᠡ᠎ᠪᠠᠷ ᠨᠡᠭᠡᠭᠡᠯᠲᠡ ᠬᠢᠬᠦ᠂ ᠴᠢᠨᠠᠷ ᠰᠠᠶ᠋ᠢᠲᠠᠢ ᠬᠥᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ᠂ ᠣᠷᠣᠨ ᠪᠦᠰᠡ ᠵᠢᠨ ᠪᠦᠬᠦᠯᠢ ᠴᠣᠭᠴᠠ ᠵᠢᠨ ᠪᠣᠳᠠᠲᠤ ᠬᠦᠴᠦᠨ ᠪᠠ ᠦᠷᠭᠦᠯᠵᠢᠯᠡᠬᠦ ᠬᠥᠭᠵᠢᠯᠲᠡ ᠵᠢᠨ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
       ᠬᠤᠷᠠᠯ᠎ᠠᠴᠠ᠂ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠨᠡᠶ᠋ᠢᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠢ ᠤᠯᠠᠮ ᠨᠢᠭᠡ ᠠᠯᠬᠤᠮ ᠴᠢᠯᠦᠭᠡᠯᠡᠨ ᠬᠥᠭᠵᠢᠭᠦᠯᠵᠦ᠂ ᠨᠡᠶ᠋ᠢᠭᠡᠮ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠨ ᠴᠢᠩᠭ᠋ᠠᠷᠠᠭᠤᠯᠵᠤ᠂ ᠭᠠᠵᠠᠷ ᠣᠷᠣᠨ᠎ᠤ ᠪᠣᠳᠠᠲᠤ ᠪᠠᠶ᠋ᠢᠳᠠᠯ᠎ᠳᠤ ᠨᠡᠶ᠋ᠢᠴᠡᠭᠰᠡᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠠᠮ᠎ᠢ ᠨᠡᠭᠡᠭᠡᠬᠦ ᠬᠡᠷᠡᠭᠲᠡᠢ᠃ ᠦᠢ᠍ᠯᠡᠳᠦᠯ ᠴᠢᠳᠠᠪᠤᠷᠢ ᠵᠢᠨ ᠪᠠᠶ᠋ᠢᠷᠢ ᠲᠣᠭᠲᠠᠭ᠋ᠠᠯᠲᠠ ᠪᠠ ᠠᠵᠤ ᠦᠢ᠍ᠯᠡᠰ᠎ᠤᠨ ᠰᠠᠭᠤᠷᠢ᠎ᠳᠤ ᠦᠨᠳᠦᠰᠦᠯᠡᠨ᠂ ᠣᠨᠴᠠᠯᠢᠭᠲᠤ ᠳᠠᠪᠠᠭᠤᠯᠢᠭᠲᠤ ᠠᠵᠤ ᠦᠢ᠍ᠯᠡᠰ᠎ᠢ ᠬᠦᠴᠦᠷᠬᠡᠭᠵᠢᠭᠦᠯᠦᠨ ᠪᠤᠵᠠᠭ᠋ᠠᠶ᠋ᠢᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠤᠯᠠᠮᠵᠢᠯᠠᠯᠲᠤ ᠠᠵᠤ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠠᠬᠢᠭᠤᠯᠬᠤ ᠬᠡᠷᠡᠭᠲᠡᠢ᠃ ᠥᠨᠳᠥᠷ ᠲᠦᠪᠰᠢᠨ ᠵᠶ᠋ᠠᠷ ᠬᠠᠮᠠᠭ᠋ᠠᠯᠠᠬᠤ ᠵᠢ ᠪᠠᠷᠢᠮᠲᠠᠯᠠᠵᠤ᠂ ᠦᠵᠡᠰᠬᠦᠯᠡᠩᠲᠦ ᠰᠠᠶ᠋ᠢᠬᠠᠨ ᠪᠠᠷᠠᠭᠤᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠷᠴᠢᠨ ᠲᠣᠭᠤᠷᠢᠨ᠎ᠤ ᠪᠣᠬᠢᠷᠳᠤᠯ᠎ᠢ ᠰᠡᠷᠭᠡᠶ᠋ᠢᠯᠡᠨ ᠵᠠᠰᠠᠬᠤ ᠵᠢ ᠭᠦᠨᠵᠡᠭᠡᠢ ᠥᠷᠨᠢᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠠᠬᠢᠭᠤᠯᠬᠤ ᠬᠡᠷᠡᠭᠲᠡᠢ᠃ ᠬᠥᠭᠵᠢᠯᠲᠡ ᠵᠢᠨ ᠳᠣᠲᠣᠭ᠋ᠠᠳᠤ ᠬᠥᠳᠡᠯᠭᠡᠭᠴᠢ ᠬᠦᠴᠦᠨ᠎ᠢ ᠦᠷᠭᠦᠯᠵᠢᠯᠡᠨ ᠳᠡᠭᠡᠭᠰᠢᠯᠡᠭᠦᠯᠵᠦ᠂ ᠨᠡᠭᠡᠭᠡᠯᠲᠡᠲᠤ ᠮᠠᠶᠢᠭ᠎ᠤᠨ ᠠᠵᠤ ᠠᠬᠤᠢ ᠵᠢᠨ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠭᠤᠣᠯᠳᠠᠯᠭ᠎ᠠ᠎ᠲᠠᠢ ᠬᠦᠷᠢᠶᠡᠨ᠎ᠳᠠᠬᠢ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠨᠧᠷᠭᠢ ᠡᠬᠢ ᠪᠠᠶᠠᠯᠢᠭ᠎ᠤᠨ ᠪᠠᠲᠤᠯᠠᠭ᠎ᠠ ᠵᠢ ᠴᠢᠩᠭ᠋ᠠᠳᠬᠠᠵᠤ᠂ ᠴᠡᠪᠡᠷ ᠡᠨᠧᠷᠭᠢ ᠵᠢᠨ ᠰᠠᠭᠤᠷᠢᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ᠃ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠭᠡᠯᠪᠡᠷᠢ ᠵᠢᠨ ᠬᠤᠳᠠ ᠪᠠᠯᠭ᠋ᠠᠰᠤᠵᠢᠯᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ᠎ᠤ ᠬᠥᠮᠥᠨ ᠠᠮᠠ ᠵᠢᠨ ᠬᠡᠪᠴᠢᠶᠡᠵᠢᠯ᠎ᠤᠨ ᠴᠢᠨᠠᠷᠲᠠᠢ ᠲᠠᠭᠢᠨ ᠶᠠᠳᠠᠭᠤᠷᠠᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ ᠪᠠ ᠬᠢᠯᠢ ᠬᠢᠵᠠᠭ᠋ᠠᠷ᠎ᠤᠨ ᠲᠣᠭᠲᠠᠭᠤᠨ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ᠃ ᠲᠥᠪ᠎ᠤᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠤᠳᠤᠷᠢᠳᠬᠤ ᠳᠤᠭᠤᠶ᠋ᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠡᠭᠦᠷᠭᠡ᠎ᠪᠠᠨ ᠨᠠᠷᠢᠯᠢᠭᠵᠢᠭᠤᠯᠵᠤ᠂ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠭᠡᠷᠡᠭᠲᠡᠢ; ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠴᠢᠭᠯᠡᠭᠦᠯᠦᠯᠲᠦ ᠴᠢᠨᠠᠷᠲᠠᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠳᠤᠷᠠᠳᠴᠤ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠭᠡᠷᠡᠭᠲᠡᠶ; ᠪᠠᠷᠠᠭᠤᠨ ᠣᠷᠣᠨ᠎ᠤ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠵᠤ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠠᠯᠬᠤᠮ ᠠᠯᠬᠤᠮ ᠵᠶ᠋ᠠᠷ ᠤᠷᠤᠭᠰᠢᠯᠠᠵᠤ᠂ ᠤᠳᠠᠭ᠋ᠠᠨ ᠳᠠᠭ᠋ᠠᠭ᠋ᠠᠮᠠᠭ᠋ᠠᠢ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠡᠯ᠎ᠡ ᠵᠦᠢ᠍ᠯ᠎ᠤᠨ ᠪᠠᠶ᠋ᠢᠷᠢᠯᠠᠭᠤᠯᠤᠯᠲᠠ ᠡᠭᠦᠷᠭᠡ ᠵᠢ ᠯᠠᠪᠳᠠᠭᠤᠨ ᠪᠠᠲᠤᠲᠠᠢ ᠨᠠᠶ᠋ᠢᠳᠠᠪᠤᠷᠢᠵᠢᠭᠤᠯᠵᠤ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

   

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ