ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠬᠤᠨᠠᠨ᠎ᠤ ᠶᠤᠸᠠᠢ ᠶᠠᠩ ᠬᠤᠲᠠ ᠵᠢᠨ ᠬᠤᠸᠠ ᠷᠦᠩ ᠰᠢᠶᠠᠨ᠎ᠤ ᠲᠤᠸᠠᠨ ᠵᠧᠦ ᠳᠠᠯᠠᠩ᠎ᠤᠨ ᠳ᠋ᠦᠩ ᠲᠢᠩ ᠬᠤ᠌ ᠨᠠᠭᠤᠷ᠎ᠤᠨ ᠡᠮᠦᠨ᠎ᠡ ᠹᠷᠣᠨᠲ᠎ᠤᠨ ᠬᠠᠰᠢᠯᠭ᠎ᠠ ᠰᠡᠲᠡᠷᠡᠭᠰᠡᠨ᠎ᠳᠤ ᠴᠢᠬᠤᠯᠠ ᠵᠢᠭ᠋ᠠᠪᠤᠷᠢ ᠥᠭᠴᠦ ᠠᠶᠤᠯ᠎ᠠᠴᠠ ᠠᠪᠤᠷᠠᠨ ᠲᠤᠰᠠᠯᠠᠬᠤ ᠠᠵᠢᠯ᠎ᠢ ᠪᠦᠭᠦ ᠬᠦᠴᠦᠨ ᠵᠶ᠋ᠠᠷ ᠵᠶ᠋ᠠᠨ ᠥᠷᠨᠢᠭᠦᠯᠵᠦ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠰᠠᠶ᠋ᠢᠲᠤᠷ ᠬᠠᠮᠠᠭ᠋ᠠᠯᠠᠬᠤ ᠬᠡᠷᠡᠭᠲᠡᠢ ᠭᠡᠵᠦ ᠱᠠᠭ᠋ᠠᠷᠳᠠᠪᠠ ᠯᠢ ᠴᠢᠶᠠᠩ ᠴᠣᠬᠤᠯᠠᠪᠤᠷᠢ ᠥᠭᠪᠡ
ᠨᠡᠶ᠋ᠢᠲᠡᠯᠡᠭᠰᠡᠨ ᠴᠠᠭ᠄ 2024-07-08

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 5᠎ᠤ ᠴᠠᠭᠢᠯᠭ᠋ᠠᠨ ᠮᠡᠳᠡᠭᠡ 7 ᠰᠠᠷ᠎ᠠ ᠵᠢᠨ 5᠎ᠤ ᠦᠳᠡ ᠵᠢᠨ ᠬᠤᠶ᠋ᠢᠨ᠎ᠠ᠂ ᠬᠤᠨᠠᠨ᠎ᠤ ᠶᠤᠸᠠᠢ ᠶᠠᠩ ᠬᠤᠲᠠ ᠵᠢᠨ ᠬᠤᠸᠠ ᠷᠦᠩ ᠰᠢᠶᠠᠨ᠎ᠤ ᠲᠤᠸᠠᠨ ᠵᠧᠦ ᠰᠢᠶᠠᠩ᠎ᠤᠨ ᠲᠤᠸᠠᠨ ᠪᠧᠢ ᠲᠣᠰᠬᠤᠨ᠎ᠤ ᠲᠤᠸᠠᠨ ᠵᠧᠦ ᠳᠠᠯᠠᠩ᠎ᠤᠨ ᠳ᠋ᠦᠩ ᠲᠢᠩ ᠬᠤ᠌ ᠨᠠᠭᠤᠷ᠎ᠤᠨ ᠡᠮᠦᠨ᠎ᠡ ᠹᠷᠣᠨᠲ᠎ᠤᠨ ᠬᠠᠰᠢᠯᠭ᠎ᠠ ᠰᠡᠲᠡᠷᠡᠵᠦ᠂ ᠬᠤᠲᠣᠭᠤᠷ ᠭᠠᠵᠠᠷ ᠤᠰᠤᠨ᠎ᠳᠤ ᠠᠪᠲᠠᠭᠳᠠᠪᠠ᠂ ᠲᠤᠬᠠᠢ ᠵᠢᠨ ᠭᠠᠵᠠᠷ᠎ᠤᠨ ᠭᠠᠮᠰᠢᠭᠳᠠᠭᠰᠠᠨ ᠣᠯᠠᠨ ᠲᠦᠮᠡᠨ ᠪᠦᠭᠦᠨ ᠵᠶ᠋ᠠᠷ ᠵᠶ᠋ᠠᠨ ᠠᠮᠤᠷ ᠲᠦᠪᠰᠢᠨ ᠵᠶ᠋ᠠᠷ ᠰᠢᠯᠵᠢᠵᠡᠢ᠃
      ᠲᠦᠭᠰᠢᠭᠦᠷᠢ᠎ᠲᠠᠢ ᠪᠠᠶ᠋ᠢᠳᠠᠯ ᠭᠠᠷᠤᠭᠰᠠᠨ᠎ᠤ ᠳᠠᠷᠠᠭ᠎ᠠ᠂ ᠭᠠᠳᠠᠭ᠋ᠠᠳᠤ᠎ᠳᠤ ᠠᠶ᠋ᠢᠯᠴᠢᠯᠠᠵᠤ ᠪᠠᠶ᠋ᠢᠭ᠎ᠠ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠵᠢᠨ ᠬᠠᠮᠲᠤ ᠴᠢᠬᠤᠯᠠ ᠵᠢᠭ᠋ᠠᠪᠤᠷᠢ ᠥᠭᠴᠦ᠂ ᠬᠤᠨᠠᠨ᠎ᠤ ᠶᠤᠸᠠᠢ ᠶᠠᠩ ᠬᠤᠳᠠ ᠵᠢᠨ ᠬᠤᠸᠠ ᠷᠦᠩ ᠰᠢᠶᠠᠨ᠎ᠤ ᠲᠤᠸᠠᠨ ᠵᠧᠦ ᠳᠠᠯᠠᠩ᠎ᠤᠨ ᠳ᠋ᠦᠩ ᠲᠢᠩ ᠬᠤ᠌ ᠨᠠᠭᠤᠷ᠎ᠤᠨ ᠡᠮᠦᠨ᠎ᠡ ᠹᠷᠣᠨᠲ᠎ᠤᠨ ᠬᠠᠰᠢᠯᠭ᠎ᠠ ᠰᠡᠲᠡᠷᠡᠭᠰᠡᠨ᠎ᠳᠤ᠂ ᠲᠦᠭᠰᠢᠭᠦᠷᠢ᠎ᠳᠤ ᠤᠴᠠᠷᠠᠭᠰᠠᠨ ᠭᠠᠵᠠᠷ ᠣᠷᠣᠨ᠎ᠤ ᠤᠯᠠᠨ ᠲᠦᠮᠡᠨ᠎ᠢ ᠴᠠᠭ ᠲᠤᠬᠠᠢ᠎ᠳᠤᠨᠢ ᠰᠢᠯᠵᠢᠭᠦᠯᠬᠦ ᠵᠢᠨ ᠬᠠᠮᠲᠤ ᠲᠣᠬᠢᠲᠠᠢ ᠲᠥᠪᠬᠢᠨᠡᠭᠦᠯᠵᠦ᠂ ᠠᠶᠤᠯ᠎ᠠᠴᠠ ᠠᠪᠤᠷᠠᠨ ᠲᠤᠰᠠᠯᠠᠬᠤ ᠠᠵᠢᠯ᠎ᠢ ᠪᠦᠭᠦ ᠬᠦᠴᠦ᠎ᠪᠠᠷ ᠵᠶ᠋ᠠᠨ ᠥᠷᠨᠢᠭᠦᠯᠵᠦ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠰᠠᠶ᠋ᠢᠲᠤᠷ ᠬᠠᠮᠠᠭ᠋ᠠᠯᠠᠵᠤ᠂ ᠤᠯᠤᠰ᠎ᠤᠨ ᠦᠶᠡᠷ᠎ᠢ ᠰᠡᠷᠭᠡᠶ᠋ᠢᠯᠡᠬᠦ ᠶᠡᠷᠦᠩᠬᠡᠢ ᠵᠢᠯᠤᠭᠤᠳᠬᠤ ᠭᠠᠵᠠᠷ᠎ᠤᠨ᠎ᠬᠢᠨ ᠠᠵᠢᠯᠯᠠᠬᠤ ᠳᠤᠭᠤᠶ᠋ᠢᠯᠠᠩ ᠲᠣᠮᠢᠯᠠᠨ ᠵᠢᠯᠣᠭᠤᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠢ ᠭᠡᠪᠡ᠃ ᠰᠢ ᠵᠢᠨ ᠫᠢᠩ᠂ ᠮᠠᠨ᠎ᠤ ᠤᠯᠤᠰ ᠪᠦᠭᠦ ᠲᠠᠯ᠎ᠠ᠎ᠪᠠᠷ ᠦᠶᠡᠷ᠎ᠤᠨ ᠭᠤᠣᠯ ᠬᠤᠭᠤᠴᠠᠭ᠋ᠠᠨ᠎ᠳᠤ ᠣᠷᠣᠭᠰᠠᠨ᠎ᠠᠴᠠ ᠨᠠᠭ᠋ᠠᠰᠢ᠂ ᠵᠠᠷᠢᠮ ᠭᠠᠵᠠᠷ᠎ᠲᠤ ᠬᠤᠷ᠎ᠠ ᠲᠤᠨᠳᠠᠰᠤ ᠵᠢᠨ ᠬᠡᠮᠵᠢᠶ᠎ᠡ ᠶᠡᠬᠡᠳᠡᠵᠦ᠂ ᠦᠷᠭᠦᠯᠵᠢᠯᠡᠭᠰᠡᠨ ᠴᠠᠭ᠎ᠨᠢ ᠣᠷᠳᠣ᠂ ᠦᠶᠡᠷ᠎ᠢ ᠰᠡᠷᠭᠡᠶ᠋ᠢᠯᠡᠬᠦ ᠪᠠᠶ᠋ᠢᠳᠠᠯ ᠬᠦᠨᠳᠦ ᠨᠣᠴᠢᠲᠠᠢ ᠪᠠᠶ᠋ᠢᠵᠤ᠂ ᠢᠯᠠᠩᠭᠤᠶ᠎ᠠ ᠬᠠᠰᠢᠯᠭ᠎ᠠ ᠳᠠᠯᠠᠩ᠎ᠤᠨ ᠤᠰᠤᠨ᠎ᠳᠤ ᠢᠳᠡᠭᠳᠡᠭᠰᠡᠨ ᠴᠠᠭ᠎ᠨᠢ ᠭᠡᠲᠦ ᠣᠷᠳᠣ ᠪᠣᠯᠪᠠᠯ ᠴᠤᠷᠭᠢᠯᠠᠬᠤ ᠵᠡᠷᠭᠡ ᠠᠶᠤᠯ ᠲᠦᠭᠰᠢᠭᠦᠷᠢ ᠠᠮᠠᠷᠬᠠᠨ ᠡᠭᠦᠰᠳᠡᠭ ᠪᠠᠶ᠋ᠢᠵᠤ᠂ ᠨᠡᠯᠢᠶᠡᠳ ᠶᠡᠭᠡ ᠠᠶᠤᠯ ᠲᠦᠭᠰᠢᠭᠦᠷᠢ ᠭᠡᠮ ᠰᠣᠭᠤᠭ ᠣᠷᠣᠰᠢᠵᠤ ᠪᠠᠶ᠋ᠢᠨ᠎ᠠ᠃ ᠬᠠᠮᠢᠶ᠎ᠠ ᠪᠦᠬᠦᠢ ᠣᠷᠣᠨ ᠨᠤᠲᠤᠭ᠎ᠤᠨ ᠨᠠᠮ᠎ᠤᠨ ᠬᠤᠷᠢᠶ᠎ᠠ ᠵᠠᠰᠠᠭ᠎ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠳᠠᠷᠤᠢ ᠲᠦᠷᠭᠡᠨ ᠬᠥᠳᠡᠯᠦᠯᠴᠡᠵᠦ᠂ ᠬᠦᠴᠦᠨ ᠵᠶ᠋ᠠᠨ ᠵᠣᠬᠢᠶᠠᠨ ᠪᠠᠶ᠋ᠢᠭᠤᠯᠤᠨ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠠᠵᠢᠯ᠎ᠢ ᠥᠷᠨᠢᠭᠦᠯᠵᠦ᠂ ᠬᠠᠰᠢᠯᠭ᠎ᠠ ᠳᠠᠯᠠᠩ᠎ᠢ ᠴᠠᠭᠳᠠᠨ ᠪᠠᠶ᠋ᠢᠴᠠᠭ᠋ᠠᠬᠤ ᠠᠵᠢᠯ ᠵᠶ᠋ᠠᠨ ᠴᠢᠩᠭ᠋ᠠᠳᠬᠠᠵᠤ᠂ ᠠᠶᠤᠯ ᠲᠦᠭᠰᠢᠭᠦᠷᠢ ᠵᠢ ᠴᠠᠭ ᠲᠤᠬᠠᠢ᠎ᠳᠤᠨᠢ ᠢᠯᠡᠷᠡᠭᠦᠯᠬᠦ ᠵᠢᠨ ᠬᠠᠮᠲᠤ ᠲᠡᠷᠡ ᠳᠠᠷᠤᠢ᠎ᠳᠤᠨᠢ ᠰᠢᠢ᠍ᠳᠪᠦᠷᠢᠯᠡᠵᠦ᠂ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠶ᠋ᠢᠳ ᠯᠢ ᠴᠢᠶᠠᠩ ᠴᠣᠬᠤᠯᠠᠪᠤᠷᠢ ᠥᠭᠴᠦ᠂ ᠠᠶᠤᠯ᠎ᠠᠴᠠ ᠠᠪᠤᠷᠠᠵᠤ ᠰᠢᠢ᠍ᠳᠪᠦᠷᠢᠯᠡᠬᠦ ᠠᠵᠢᠯ᠎ᠢ ᠪᠦᠭᠦ ᠬᠦᠴᠦ᠎ᠪᠠᠷ ᠵᠶ᠋ᠠᠨ ᠰᠠᠶ᠋ᠢᠲᠤᠷ ᠬᠢᠵᠦ᠂ ᠠᠶᠤᠯ ᠲᠦᠭᠰᠢᠭᠦᠷᠢ ᠵᠢᠨ ᠪᠠᠶ᠋ᠢᠳᠠᠯ᠎ᠢ ᠡᠵᠡᠮᠳᠡᠵᠦ᠂ ᠭᠠᠮᠰᠢᠭᠳᠠᠭᠰᠠᠨ ᠤᠯᠠᠨ ᠲᠦᠮᠡᠨ᠎ᠢ ᠲᠣᠬᠢᠲᠠᠢ ᠲᠥᠪᠬᠢᠨᠡᠭᠦᠯᠬᠦ ᠵᠢᠨ ᠬᠠᠮᠲᠤ ᠴᠦᠭᠦᠷᠦᠮ᠎ᠤᠨ ᠬᠠᠰᠢᠯᠭ᠎ᠠ ᠵᠢ ᠴᠠᠭᠳᠠᠨ ᠪᠠᠶ᠋ᠢᠴᠠᠭ᠋ᠠᠵᠤ ᠰᠡᠷᠭᠡᠶ᠋ᠢᠯᠡᠨ ᠬᠠᠮᠠᠭ᠋ᠠᠯᠠᠬᠤ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠠᠮᠤᠷ ᠲᠦᠪᠰᠢᠨ᠎ᠤ ᠭᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠭᠦ ᠪᠠ ᠵᠥᠪᠳᠡᠯᠴᠡᠨ ᠰᠤᠳᠤᠯᠤᠨ ᠮᠠᠭ᠋ᠠᠳᠯᠠᠬᠤ᠎ᠪᠠᠨ ᠴᠢᠩᠭ᠋ᠠᠳᠬᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠦᠶᠡᠷ᠎ᠢ ᠰᠡᠷᠭᠡᠶ᠋ᠢᠯᠡᠵᠦ ᠠᠶᠤᠯ᠎ᠠᠴᠠ ᠠᠪᠤᠷᠠᠵᠤ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠵᠢᠯ᠎ᠢ ᠥᠴᠥᠬᠡᠨ ᠴᠦ᠍ ᠰᠤᠯᠠᠷᠠᠭᠤᠯᠤᠯ ᠦᠭᠡᠢ᠎ᠪᠠᠷ ᠰᠠᠶ᠋ᠢᠲᠤᠷ ᠬᠢᠵᠦ᠂ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠥᠩᠭᠡᠷᠡᠭᠦᠯᠬᠦ ᠵᠢ ᠪᠦᠭᠦ ᠬᠦᠴᠦᠨ ᠵᠶ᠋ᠠᠷ ᠵᠶ᠋ᠠᠨ ᠪᠠᠲᠤᠯᠠᠬᠤ ᠬᠡᠷᠡᠭᠲᠡᠢ ᠭᠡᠪᠡ᠃
      ᠰᠢ ᠵᠢᠨ ᠫᠢᠩ᠎ᠤᠨ ᠵᠢᠭ᠋ᠠᠪᠤᠷᠢ ᠪᠣᠯᠣᠨ ᠯᠢ ᠴᠢᠶᠠᠩ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ᠂ ᠤᠰᠤᠨ ᠠᠰᠢᠭᠯᠠᠯᠲᠠ ᠵᠢᠨ ᠶᠠᠮᠤᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ ᠨᠢᠭᠡᠨᠲᠡ ᠠᠵᠢᠯᠯᠠᠬᠤ ᠳᠤᠭᠤᠶ᠋ᠢᠯᠠᠩ ᠲᠣᠮᠢᠯᠠᠨ ᠲᠤᠬᠠᠢ ᠵᠢᠨ ᠲᠠᠯᠠᠪᠠᠢ᠎ᠳᠤ ᠣᠴᠢᠭᠤᠯᠵᠤ ᠵᠢᠭ᠋ᠠᠨ ᠵᠢᠯᠣᠭᠤᠳᠴᠠᠢ᠃ ᠬᠤᠨᠠᠨ ᠮᠤᠵᠢ᠂ ᠶᠤᠸᠠᠢ ᠶᠠᠩ ᠬᠤᠲᠠ ᠵᠢᠨ ᠨᠠᠮ ᠵᠠᠰᠠᠭ᠎ᠤᠨ ᠬᠠᠷᠢᠭᠤᠴᠠᠯᠭ᠋ᠠᠲᠠᠳ ᠲᠤᠬᠠᠢ ᠵᠢᠨ ᠲᠠᠯᠠᠪᠠᠶ᠎ᠳᠤ ᠠᠶᠤᠯ᠎ᠠᠴᠠ ᠠᠪᠤᠷᠠᠵᠤ ᠠᠪᠤᠷᠠᠨ ᠲᠤᠰᠠᠯᠠᠬᠤ ᠵᠢ ᠵᠢᠯᠤᠭᠤᠳᠴᠤ ᠪᠠᠶ᠋ᠢᠨ᠎ᠠ᠃ ᠣᠳᠣᠬᠠᠨ᠎ᠳᠤ ᠬᠤᠯᠪᠣᠭᠳᠠᠯ ᠪᠦᠬᠦᠢ ᠠᠵᠢᠯ ᠶᠠᠭ ᠶᠠᠪᠤᠭᠳᠠᠵᠤ ᠪᠠᠶ᠋ᠢᠨ᠎ᠠ᠃
 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ