ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠨᠠᠮ᠎ᠤᠨ ᠲᠥᠪ ᠬᠤᠷᠢᠶᠠᠨ᠎ᠤ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ᠎ᠤ ᠠᠵᠤ ᠠᠬᠤᠢ ᠵᠢᠨ ᠪᠠᠶ᠋ᠢᠳᠠᠯ ᠪᠠ ᠠᠵᠤ ᠠᠬᠤᠢ ᠵᠢᠨ ᠠᠵᠢᠯ᠎ᠢ ᠵᠠᠳᠠᠯᠤᠨ ᠰᠤᠳᠤᠯᠵᠤ 《ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠲᠣᠭᠲᠠᠭ᠋ᠠᠯ᠎ᠤᠳ》᠎ᠢ ᠬᠢᠨᠠᠨ ᠵᠥᠪᠯᠡᠪᠡ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ
ᠨᠡᠶ᠋ᠢᠲᠡᠯᠡᠭᠰᠡᠨ ᠴᠠᠭ᠄ 2024-07-31

      ᠰᠢᠨᠬᠤᠸᠠ ᠬᠤᠷᠢᠶᠠᠨ᠎ᠤ ᠪᠡᠭᠡᠵᠢᠩ᠎ᠤᠨ 7 ᠰᠠᠷ᠎ᠠ ᠵᠢᠨ 30᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶᠠᠨ᠎ᠤ ᠤᠯᠤᠰ ᠲᠥᠷᠥ ᠵᠢᠨ ᠲᠣᠪᠴᠢᠶ᠎ᠠ 7 ᠰᠠᠷ᠎ᠠ ᠵᠢᠨ 30᠎ᠤ ᠡᠳᠦᠷ ᠬᠤᠷᠠᠯ ᠬᠤᠷᠠᠯᠳᠤᠭᠤᠯᠵᠤ᠂ ᠣᠳᠣᠬᠠᠨ᠎ᠤ ᠠᠵᠤ ᠠᠬᠤᠢ ᠵᠢᠨ ᠪᠠᠶ᠋ᠢᠳᠠᠯ᠎ᠢ ᠵᠠᠳᠠᠯᠤᠨ ᠰᠤᠳᠤᠯᠵᠤ᠂ ᠳᠣᠣᠷ᠎ᠠ ᠬᠠᠭ᠋ᠠᠰ ᠵᠢᠯ᠎ᠤᠨ ᠠᠵᠤ ᠠᠬᠤᠢ ᠵᠢᠨ ᠠᠵᠢᠯ᠎ᠢ ᠪᠠᠶ᠋ᠢᠷᠢᠯᠠᠭᠤᠯᠵᠤ᠂ 《ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠲᠣᠭᠲᠠᠭ᠋ᠠᠯ᠎ᠤᠳ》᠎ᠢ ᠬᠢᠨᠠᠨ ᠵᠥᠪᠯᠡᠪᠡ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ᠃
       ᠬᠤᠷᠠᠯ᠎ᠠᠴᠠ᠂ ᠵᠢᠯ᠎ᠤᠨ ᠡᠬᠢᠨ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯᠯᠠᠭᠤᠯᠤᠭᠰᠠᠨ ᠨᠠᠮ᠎ᠤᠨ ᠲᠥᠪ ᠬᠤᠷᠢᠶᠠᠨ᠎ᠤ ᠪᠠᠲᠤ  ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠦᠴᠢᠷ᠎ᠢ ᠰᠥᠷᠦᠨ ᠤᠷᠤᠭᠰᠢᠯᠠᠵᠤ᠂ ᠢᠳᠡᠪᠬᠢᠲᠡᠢ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠶ᠋ᠢᠷᠡᠭᠦᠯᠵᠦ᠂ ᠬᠤᠷᠸ᠎ᠠ ᠡᠵᠡᠮᠰᠢᠯ ᠲᠣᠬᠢᠷᠠᠭᠤᠯᠭ᠎ᠠ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠥᠷᠢᠰᠦᠯᠳᠦᠭᠡᠨ᠎ᠢ ᠪᠦᠲᠦᠮᠵᠢᠲᠡᠢ ᠠᠷᠭ᠋ᠠᠴᠠᠭ᠋ᠠᠵᠤ᠂ ᠠᠵᠤ ᠠᠬᠤᠢ ᠵᠢᠨ ᠡᠷᠭᠢᠯᠲᠡ ᠶᠡᠷᠦᠩᠬᠡᠢ᠎ᠳᠡᠭᠡᠨ ᠲᠣᠭᠲᠠᠭᠤᠨ ᠪᠠᠶ᠋ᠢᠵᠤ᠂ ᠲᠣᠭᠲᠠᠭᠤᠨ ᠪᠠᠶ᠋ᠢᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ᠂ ᠦᠷᠭᠦᠯᠵᠢᠯᠡᠨ ᠰᠠᠶ᠋ᠢᠵᠢᠷᠠᠬᠤ ᠬᠠᠨᠳᠤᠰᠢ᠎ᠪᠠᠨ ᠪᠠᠲᠤᠯᠠᠵᠤ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ᠎ᠢ ᠲᠦᠷᠭᠡᠨ ᠪᠣᠶ᠋ᠢᠵᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠪᠠᠲᠤᠯᠠᠵᠠᠢ ᠭᠡᠵᠦ ᠦᠵᠡᠪᠡ᠃
      ᠬᠤᠷᠠᠯ᠎ᠠᠴᠠ᠂ ᠣᠳᠣᠬᠠᠨ᠎ᠳᠤ ᠭᠠᠳᠠᠭ᠋ᠠᠳᠤ ᠣᠷᠴᠢᠨ ᠨᠥᠬᠦᠴᠡᠯ᠎ᠤᠨ ᠬᠤᠪᠢᠷᠠᠯᠲᠠ᠎ᠠᠴᠠ ᠪᠣᠯᠤᠭᠰᠠᠨ ᠠᠰᠢᠭ ᠦᠭᠡᠢ ᠨᠥᠯᠥᠭᠡ ᠨᠡᠮᠡᠭᠳᠡᠵᠦ᠂ ᠤᠯᠤᠰ᠎ᠤᠨ ᠳᠣᠲᠣᠭ᠋ᠠᠳᠤ ᠵᠢᠨ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ᠂ ᠠᠵᠤ ᠠᠬᠤᠢ ᠵᠢᠨ ᠡᠷᠭᠢᠯᠲᠡ᠎ᠳᠤ ᠵᠠᠳᠠᠷᠠᠯ ᠭᠠᠷᠴᠤ᠂ ᠭᠤᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠭᠡᠮ ᠰᠣᠭᠤᠭ ᠮᠥᠨ ᠬᠦ᠌ ᠨᠡᠯᠢᠶᠡᠳ ᠤᠯᠠᠨ ᠪᠠᠶ᠋ᠢᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠵᠢᠨ ᠰᠣᠯᠢᠭᠳᠠᠯ᠎ᠳᠤ ᠡᠪᠡᠷᠰᠢᠶᠡᠯ ᠣᠷᠣᠰᠢᠵᠤ ᠪᠠᠶ᠋ᠢᠨ᠎ᠠ᠃ ᠡᠳᠡᠭᠡᠷ ᠪᠣᠯ ᠬᠥᠭᠵᠢᠯᠲᠡ ᠵᠢᠨ ᠳᠤᠮᠳᠠᠬᠢ᠂ ᠭᠡᠯᠪᠡᠷᠢ ᠵᠢ ᠬᠤᠪᠢᠷᠠᠭᠤᠯᠬᠤ ᠳᠤᠮᠳᠠᠬᠢ ᠠᠰᠠᠭᠤᠳᠠᠯ ᠪᠣᠯᠣᠨ᠎ᠠ᠂ ᠪᠢᠳᠡ ᠲᠦᠭᠰᠢᠭᠦᠷᠢ ᠵᠢᠨ ᠤᠬᠠᠮᠰᠠᠷ ᠪᠣᠯᠣᠨ ᠬᠤᠷᠢᠭ᠎ᠠ ᠱᠤᠭᠤᠮ᠎ᠤᠨ ᠰᠡᠳᠬᠢᠬᠦᠢ᠎ᠪᠠᠨ ᠴᠢᠩᠭ᠋ᠠᠳᠬᠠᠵᠤ᠂ ᠢᠳᠡᠪᠬᠢᠲᠡᠢ ᠰᠠᠨᠠᠭ᠋ᠠᠴᠢᠯᠠᠭ᠎ᠠ᠎ᠠᠴᠠ᠎ᠪᠠᠨ ᠠᠷᠭ᠋ᠠᠴᠠᠭ᠋ᠠᠬᠤ ᠪᠥᠭᠡᠳ ᠪᠠᠰᠠ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠵᠤ᠂ ᠬᠥᠭᠵᠢᠯᠲᠡ ᠵᠢᠨ ᠢᠲᠡᠭᠡᠯ ᠵᠶ᠋ᠠᠨ ᠪᠠᠲᠤᠳᠬᠠᠵᠤ᠂ ᠳᠤᠮᠳᠠᠳᠤ ᠤᠯᠤᠰ᠎ᠤᠨ ᠠᠵᠤ ᠠᠬᠤᠢ ᠵᠢᠨ ᠰᠠᠶ᠋ᠢᠵᠢᠷᠠᠯᠲᠠ ᠵᠢᠨ ᠤᠨᠤᠯ᠎ᠢ ᠳᠠᠭᠤᠷᠢᠰᠤᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
       ᠬᠤᠷᠠᠯ᠎ᠠᠴᠠ᠂ ᠳᠣᠣᠷ᠎ᠠ ᠬᠠᠭ᠋ᠠᠰ ᠵᠢᠯ᠎ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ ᠮᠠᠰᠢ ᠬᠦᠨᠳᠦ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠂ ᠲᠣᠭᠲᠠᠭᠤᠨ ᠪᠠᠶ᠋ᠢᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠤᠨᠤᠪᠴᠢᠳᠠᠢ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠨ ᠵᠶ᠋ᠠᠷ ᠪᠠᠶ᠋ᠢᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠲᠠᠢ ᠤᠶᠠᠯᠳᠤᠭᠤᠯᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠬᠤᠷᠸ᠎ᠠ ᠡᠵᠡᠮᠰᠢᠯ ᠲᠣᠬᠢᠷᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠵᠤ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠤᠯᠭ᠋ᠠᠬᠤ ᠵᠢ ᠭᠦᠨᠵᠡᠭᠡᠶ᠋ᠢᠷᠡᠭᠦᠯᠵᠦ᠂ ᠳᠣᠲᠣᠭ᠋ᠠᠳᠤ ᠬᠡᠷᠡᠭᠴᠡᠭᠡ ᠵᠢᠨ ᠲᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠡᠵᠡᠩᠨᠡᠯᠲᠡ ᠵᠢᠨ ᠭᠤᠣᠯ ᠴᠣᠭᠴᠠ ᠵᠢᠨ ᠠᠮᠢᠳᠤᠯᠢᠭ ᠬᠦᠴᠦᠨ᠎ᠢ ᠨᠡᠮᠡᠭᠳᠡᠭᠦᠯᠵᠦ᠂ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠲᠣᠭᠲᠠᠪᠤᠷᠢᠵᠢᠭᠤᠯᠬᠤ᠂ ᠨᠡᠶ᠋ᠢᠭᠡᠮ᠎ᠤᠨ ᠢᠲᠡᠭᠡᠯ᠎ᠢ ᠨᠡᠮᠡᠭᠳᠡᠭᠦᠯᠵᠦ᠂ ᠠᠵᠤ ᠠᠬᠤᠢ ᠵᠢᠨ ᠦᠷᠭᠦᠯᠵᠢᠯᠡᠨ ᠳᠡᠭᠡᠭᠰᠢᠯᠡᠵᠦ ᠰᠠᠶ᠋ᠢᠵᠢᠷᠠᠬᠤ ᠬᠠᠨᠳᠤᠰᠢ ᠵᠢ ᠴᠢᠩᠭ᠋ᠠᠳᠬᠠᠵᠤ᠂ ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠶ᠋ᠢᠵᠢᠷᠠᠭᠤᠯᠵᠤ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠪᠠᠲᠤᠯᠠᠵᠤ᠂ ᠪᠦᠭᠦ ᠵᠢᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ ᠡᠭᠦᠷᠭᠡ ᠵᠢ ᠡᠷᠡᠰ ᠭᠤᠶ᠋ᠢᠪᠢᠰᠢ ᠦᠭᠡᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠥᠭᠡᠷᠡᠴᠢᠯᠡᠯᠲᠡ᠎ᠪᠠᠷ ᠬᠥᠳᠡᠯᠭᠡᠭᠴᠢ ᠬᠦᠴᠦᠨ ᠪᠤᠯᠭ᠋ᠠᠵᠤ ᠨᠡᠮᠡᠭᠳᠡᠯ᠎ᠢ ᠲᠣᠭᠲᠠᠪᠤᠷᠢᠵᠢᠭᠤᠯᠬᠤ᠂ ᠪᠦᠲᠦᠴᠡ ᠵᠢ ᠲᠣᠬᠢᠷᠠᠭᠤᠯᠬᠤ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ ᠵᠢ ᠠᠬᠢᠭᠤᠯᠵᠤ᠂ ᠠᠵᠤ ᠠᠬᠤᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠬᠥᠲᠥᠯᠥᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠥᠬᠦᠴᠡᠯ ᠪᠣᠯᠪᠠᠰᠤᠷᠠᠩᠭᠤᠢ᠂ ᠪᠣᠳᠠᠲᠠᠢ ᠨᠠᠶ᠋ᠢᠳᠠᠪᠤᠷᠢᠵᠢᠭᠤᠯᠤᠭᠳᠠᠵᠤ ᠳᠡᠶ᠋ᠢᠯᠬᠦᠶ᠋ᠢᠴᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠴᠠᠭ ᠲᠤᠬᠠᠢ᠎ᠳᠤᠨᠢ ᠭᠠᠷᠭ᠋ᠠᠬᠤ ᠬᠡᠷᠡᠭᠲᠡᠢ᠃ 《ᠬᠤᠶᠠᠷ ᠥᠴᠥᠬᠡᠨ ᠴᠦ᠍ ᠭᠤᠶ᠋ᠢᠪᠢᠰᠢ ᠦᠭᠡᠢ》 ᠵᠢ ᠪᠠᠷᠢᠮᠲᠠᠯᠠᠨ ᠨᠠᠶ᠋ᠢᠳᠠᠪᠤᠷᠢᠵᠢᠭᠤᠯᠵᠤ᠂ ᠡᠯ᠎ᠡ ᠵᠦᠢ᠍ᠯ᠎ᠤᠨ ᠥᠮᠴᠢᠯᠡᠯ᠎ᠤᠨ ᠠᠵᠤ ᠠᠬᠤᠢ ᠵᠢᠨ ᠳᠠᠪᠠᠭᠤᠯᠢᠭ ᠲᠠᠯ᠎ᠠ᠎ᠪᠠᠷ ᠵᠶ᠋ᠠᠨ ᠬᠠᠷᠢᠯᠴᠠᠨ ᠨᠥᠬᠦᠪᠦᠷᠢᠯᠡᠬᠦ᠂ ᠬᠠᠮᠲᠤ᠎ᠪᠠᠷ ᠬᠥᠭᠵᠢᠬᠦ ᠵᠢ ᠠᠬᠢᠭᠤᠯᠵᠤ᠂ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ᠂ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠂ ᠳᠠᠮᠫᠤᠷᠠᠵᠤ ᠤᠬᠤᠷᠢᠨ ᠭᠠᠷᠬᠤ ᠵᠡᠷᠭᠡ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠰᠠᠭᠤᠷᠢ ᠳᠦᠷᠢᠮ᠎ᠢ ᠲᠡᠭᠦᠯᠳᠡᠷᠵᠢᠭᠦᠯᠵᠦ᠂ ᠵᠠᠷᠢᠮ ᠭᠠᠵᠠᠷ ᠣᠷᠣᠨ᠎ᠤ ᠵᠠᠰᠠᠭ ᠵᠠᠬᠢᠷᠭ᠋ᠠᠨ᠂ ᠡᠷᠡᠭᠦᠦ ᠵᠢᠨ ᠬᠡᠷᠡᠭ᠎ᠤᠨ ᠠᠷᠭ᠎ᠠ ᠪᠠᠷᠢᠯ᠎ᠢ ᠠᠰᠢᠭᠯᠠᠨ ᠠᠵᠤ ᠠᠬᠤᠢ ᠵᠢᠨ ᠵᠠᠭᠤᠷᠠᠯᠳᠤᠭ᠋ᠠᠨ᠎ᠳᠤ ᠭᠠᠷ ᠲᠦᠷᠦᠭᠦ ᠵᠢ ᠰᠡᠷᠭᠡᠶ᠋ᠢᠯᠡᠨ ᠵᠠᠯᠠᠷᠠᠭᠤᠯᠬᠤ ᠬᠡᠷᠡᠭᠲᠡᠢ᠃ ᠠᠵᠤ ᠠᠬᠤᠶ᠋ᠢᠯᠠᠯᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠪᠠ ᠡᠷᠬᠡ ᠲᠡᠭᠰᠢ᠎ᠪᠠᠷ ᠥᠷᠢᠰᠦᠯᠳᠦᠬᠦ ᠳᠤᠮᠳᠠ ᠨᠡᠩ ᠤᠯᠠᠨ ᠳᠡᠯᠡᠬᠡᠢ ᠵᠢᠨ ᠲᠡᠷᠢᠭᠦᠨ ᠵᠡᠷᠭᠡ ᠵᠢᠨ ᠠᠵᠤ ᠠᠬᠤᠶ᠋ᠢᠯᠠᠯ᠎ᠢ ᠲᠦᠷᠭᠡᠨ ᠵᠶ᠋ᠠᠷ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
       ᠬᠤᠷᠠᠯ᠎ᠠᠴᠠ᠂ ᠬᠤᠷᠸ᠎ᠠ ᠲᠦᠷᠦ ᠵᠢᠨ ᠪᠣᠳᠣᠯᠭ᠎ᠠ ᠵᠢᠨ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠨᠡᠩ ᠢᠯᠡᠭᠦᠦ ᠬᠦᠴᠦ ᠨᠡᠮᠡᠷᠢᠯᠡᠬᠦ ᠬᠡᠷᠡᠭᠲᠡᠢ᠃ ᠰᠥᠷᠬᠦ ᠦᠶᠡᠯᠡᠯ᠎ᠤᠨ ᠬᠤᠭᠤᠴᠠᠭ᠋ᠠᠨ᠎ᠤ ᠲᠣᠬᠢᠷᠠᠭᠤᠯᠤᠯᠲᠠ ᠵᠢ ᠴᠢᠩᠭ᠋ᠠᠳᠬᠠᠨ᠂ ᠡᠳ᠋᠎ᠤᠨ ᠵᠠᠰᠠᠭ᠎ᠤᠨ ᠢᠳᠡᠪᠬᠢᠲᠡᠢ ᠲᠥᠷᠥ ᠵᠢᠨ ᠪᠣᠳᠣᠯᠭ᠎ᠠ ᠪᠠ ᠵᠣᠭᠤᠰᠤᠨ᠎ᠤ ᠲᠣᠭᠲᠠᠭᠤᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠵᠢᠭᠦᠯᠵᠦ᠂ ᠨᠢᠭᠡᠨᠲᠡ ᠲᠣᠭᠲᠠᠭ᠋ᠠᠭᠰᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠪᠦᠭᠦ ᠲᠠᠯ᠎ᠠ᠎ᠪᠠᠷ ᠲᠦᠷᠭᠡᠨ ᠨᠠᠶ᠋ᠢᠳᠠᠪᠤᠷᠢᠵᠢᠭᠤᠯᠵᠤ᠂ ᠡᠷᠲᠡᠬᠡᠨ ᠨᠥᠭᠡᠴᠡᠯᠡᠬᠦ ᠵᠢᠨ ᠬᠠᠮᠲᠤ ᠬᠡᠮᠵᠢᠶ᠎ᠡ ᠵᠢ ᠨᠡᠮᠡᠭᠳᠡᠭᠦᠯᠬᠦ ᠨᠢᠭᠡ ᠪᠦᠯᠦᠭ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠴᠠᠭ᠎ᠲᠤᠨᠢ ᠲᠣᠬᠢᠷᠠᠭᠤᠯᠤᠨ ᠨᠡᠶ᠋ᠢᠲᠡᠯᠡᠬᠦ ᠬᠡᠷᠡᠭᠲᠡᠢ᠃ ᠲᠤᠰᠬᠠᠢ ᠵᠢᠭᠡᠯᠡᠯᠭᠡ ᠵᠢ ᠲᠠᠷᠬᠠᠭ᠋ᠠᠵᠤ ᠬᠡᠷᠡᠭᠯᠡᠬᠦ ᠠᠬᠢᠴᠠ ᠵᠢ ᠲᠦᠷᠭᠡᠳᠬᠡᠵᠦ᠂ ᠣᠷᠳᠣ ᠬᠤᠭᠤᠴᠠᠭ᠋ᠠᠨ᠎ᠤ ᠤᠯᠤᠰ᠎ᠤᠨ ᠣᠨᠴᠠ ᠵᠢᠭᠡᠯᠡᠯᠭᠡ ᠵᠢ ᠰᠠᠶ᠋ᠢᠲᠤᠷ ᠬᠡᠷᠡᠭᠯᠡᠵᠦ᠂ ᠤᠯᠤᠰ᠎ᠤᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠪᠠ ᠭᠤᠣᠯᠳᠠᠯᠭ᠎ᠠ᠎ᠲᠠᠢ ᠬᠦᠷᠢᠶᠡᠨ᠎ᠤ ᠠᠮᠤᠷ ᠲᠦᠪᠰᠢᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠳᠡᠮᠵᠢᠵᠦ᠂ ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠶᠡᠭᠡ ᠬᠡᠮᠵᠢᠶᠡᠨ᠎ᠤ ᠪᠥᠬᠡᠯᠢᠭ ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠨᠠᠩ ᠡᠷᠴᠢᠮ᠎ᠲᠠᠢ ᠠᠬᠢᠭᠤᠯᠬᠤ ᠬᠡᠷᠡᠭᠲᠡᠢ᠃ ᠡᠳ᠋᠎ᠤᠨ ᠵᠠᠰᠠᠭ᠎ᠤᠨ ᠵᠠᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠵᠦ᠂ 《ᠭᠤᠷᠪᠠ ᠵᠢ ᠪᠠᠲᠤᠯᠠᠬᠤ》 ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠵᠣᠭᠤᠰᠤᠨ᠎ᠤ ᠲᠦᠷᠦ ᠵᠢᠨ ᠪᠣᠳᠣᠯᠭ᠎ᠠ ᠵᠢᠨ ᠤᠯᠠᠨ ᠵᠦᠢ᠍ᠯ᠎ᠤᠨ ᠪᠠᠭ᠋ᠠᠵᠢ ᠵᠢ ᠶᠡᠷᠦᠩᠬᠡᠶ᠋ᠢᠯᠡᠨ ᠬᠡᠷᠡᠭᠯᠡᠵᠦ᠂ ᠮᠥᠩᠭᠦᠨ ᠭᠦᠢ᠍ᠯᠭᠡᠭᠡᠨ᠎ᠤ ᠪᠣᠳᠠᠲᠤ ᠴᠣᠭᠴᠠ ᠵᠢᠨ ᠠᠵᠤ ᠠᠬᠤᠢ ᠵᠢ ᠳᠡᠮᠵᠢᠬᠦ ᠡᠷᠴᠢᠮ᠎ᠢ ᠴᠢᠩᠭ᠋ᠠᠷᠠᠭᠤᠯᠤᠨ᠂ ᠨᠡᠶ᠋ᠢᠭᠡᠮ᠎ᠤᠨ ᠶᠡᠷᠦᠩᠬᠡᠶ᠋ᠢᠯᠡᠭᠰᠡᠨ ᠪᠡᠯᠡ ᠲᠣᠬᠢᠷᠠᠭᠤᠯᠭ᠎ᠠ ᠵᠢᠨ ᠥᠪᠡᠷ᠎ᠤᠨ ᠦᠷᠳᠡᠭ᠎ᠤᠨ ᠲᠣᠭᠲᠠᠭᠤᠨ ᠪᠠᠶ᠋ᠢᠬᠤ ᠵᠢᠨ ᠵᠡᠷᠭᠡ᠎ᠳᠤ ᠪᠠᠭᠤᠷᠠᠬᠤ ᠵᠢ ᠠᠬᠢᠭᠤᠯᠬᠤ ᠬᠡᠷᠡᠭᠲᠡᠢ᠃ ᠠᠷᠠᠳ᠎ᠤᠨ ᠵᠣᠭᠤᠰᠤᠨ᠎ᠤ ᠭᠤᠪᠢᠭᠤᠯᠭ᠎ᠠ ᠵᠢᠨ ᠨᠤᠷᠮ᠎ᠠ ᠵᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ᠎ᠳᠤ ᠦᠨᠳᠦᠰᠦᠨ᠎ᠳᠡᠭᠡᠨ ᠲᠣᠭᠲᠠᠪᠤᠷᠢᠲᠠᠢ ᠪᠠᠶ᠋ᠢᠬᠤ ᠵᠢ ᠪᠠᠲᠤᠯᠠᠬᠤ ᠬᠡᠷᠡᠭᠲᠡᠢ᠃ ᠬᠤᠷᠸ᠎ᠠ ᠲᠦᠷᠦ ᠵᠢᠨ ᠪᠣᠳᠣᠯᠭ᠎ᠠ ᠵᠢᠨ ᠬᠠᠨᠳᠤᠰᠢ ᠵᠢᠨ ᠨᠢᠭᠡᠳᠦᠯᠲᠦ ᠴᠢᠨᠠᠷ᠎ᠢ ᠦᠨᠡᠨ ᠬᠦ᠌ ᠴᠢᠩᠭ᠋ᠠᠳᠬᠠᠵᠤ᠂ ᠡᠯ᠎ᠡ ᠲᠠᠯ᠎ᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠬᠠᠮᠲᠤ᠎ᠪᠠᠷ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠠᠵᠤ ᠠᠬᠤᠢ ᠵᠢᠨ ᠲᠣᠮᠣ ᠮᠤᠵᠢ ᠵᠢᠨ ᠨᠢᠷᠤᠭᠤ ᠲᠤᠯᠭ᠋ᠠᠭᠤᠷᠢ ᠵᠢᠨ ᠦᠢ᠍ᠯᠡᠳᠦᠯ᠎ᠢ ᠦᠷᠭᠦᠯᠵᠢᠯᠡᠨ ᠰᠠᠶ᠋ᠢᠲᠤᠷ ᠪᠠᠳᠠᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠬᠡᠷᠡᠭᠯᠡᠭᠡ ᠵᠢ ᠬᠥᠭᠵᠢᠭᠡᠬᠦ᠎ᠪᠠᠷ ᠭᠤᠣᠯᠳᠠᠯᠭ᠎ᠠ ᠪᠣᠯᠭ᠋ᠠᠨ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠥᠷᠭᠡᠳᠬᠡᠵᠦ᠂ ᠠᠵᠤ ᠠᠬᠤᠢ ᠵᠢᠨ ᠲᠦᠷᠦ ᠵᠢᠨ ᠪᠣᠳᠣᠯᠭ᠎ᠠ ᠵᠢᠨ ᠬᠦᠴᠦᠯᠡᠬᠦ ᠴᠡᠭ᠎ᠢ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠬᠡᠷᠡᠭᠯᠡᠭᠡ ᠵᠢ ᠠᠬᠢᠭᠤᠯᠬᠤ ᠲᠡᠶ᠋ᠢᠰᠢ ᠨᠡᠩ ᠢᠯᠡᠭᠦᠦ ᠬᠠᠨᠳᠤᠭᠤᠯᠵᠤ᠂ ᠤᠯᠠᠨ ᠠᠷᠭ᠎ᠠ ᠵᠠᠮ ᠵᠶ᠋ᠠᠷ ᠰᠠᠭᠤᠭ᠋ᠠᠯᠢ ᠠᠷᠠᠳ᠎ᠤᠨ ᠣᠷᠣᠯᠭ᠎ᠠ ᠵᠢ ᠨᠡᠮᠡᠭᠳᠡᠭᠦᠯᠵᠦ᠂ ᠳᠤᠮᠳᠠ ᠳᠣᠣᠷ᠎ᠠ ᠣᠷᠣᠯᠭ᠎ᠠ᠎ᠲᠠᠢ ᠬᠥᠮᠥᠰ᠎ᠤᠨ ᠬᠡᠷᠡᠭᠯᠡᠭᠡᠨ᠎ᠤ ᠴᠢᠳᠠᠪᠤᠷᠢ ᠪᠣᠯᠣᠨ ᠬᠦᠰᠡᠯ᠎ᠢ ᠨᠡᠮᠡᠭᠳᠡᠭᠦᠯᠵᠦ᠂ ᠦᠢ᠍ᠯᠡᠴᠢᠯᠡᠭᠡᠨ᠎ᠤ ᠬᠡᠷᠡᠭᠯᠡᠭᠡ ᠵᠢ ᠥᠷᠭᠡᠳᠬᠡᠨ ᠲᠡᠰ ᠳᠡᠪᠰᠢᠭᠦᠯᠬᠦ ᠴᠢᠬᠤᠯᠠ ᠭᠠᠷᠳᠠᠴᠠ ᠪᠤᠯᠭ᠋ᠠᠵᠤ᠂ ᠰᠣᠶᠣᠯ ᠵᠢᠭᠤᠯᠴᠢᠯᠠᠯ᠂ ᠨᠠᠰᠤᠵᠢᠯ᠎ᠤᠨ ᠠᠰᠠᠷᠠᠮᠵᠢ᠂ ᠨᠢᠯᠬ᠎ᠠ ᠬᠡᠦᠬᠡᠳ᠎ᠢ ᠬᠥᠮᠥᠵᠢᠭᠦᠯᠬᠦ᠂ ᠭᠡᠷ ᠠᠬᠤᠢ ᠵᠡᠷᠭᠡ ᠬᠡᠷᠡᠭᠯᠡᠭᠡ ᠵᠢ ᠳᠡᠮᠵᠢᠬᠦ ᠬᠡᠷᠡᠭᠲᠡᠢ᠃ ᠠᠷᠠᠳ᠎ᠤᠨ ᠪᠡᠯᠡ ᠣᠷᠣᠭᠤᠯᠤᠯᠲᠠ ᠵᠢᠨ ᠢᠳᠡᠪᠬᠢᠵᠢᠯ᠎ᠢ ᠤᠯᠠᠮ ᠳᠠᠶ᠋ᠢᠴᠢᠯᠠᠵᠤ᠂ ᠪᠦᠲᠦᠮᠵᠢᠲᠡᠶ ᠪᠡᠯᠡ ᠣᠷᠣᠭᠤᠯᠤᠯᠲᠠ ᠵᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠪᠣᠯᠣᠨ ᠢᠷᠡᠭᠡᠳᠦᠢ ᠵᠢᠨ ᠠᠵᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ ᠬᠡᠷᠡᠭᠲᠡᠢ᠃ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠬᠦ ᠵᠢ ᠶᠡᠭᠡ᠎ᠪᠠᠷ ᠠᠬᠢᠭᠤᠯᠵᠤ᠂ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠪᠣᠭᠤᠮᠲᠠ ᠰᠢᠪᠲᠤᠯᠬᠤ ᠵᠢ ᠴᠢᠩᠭ᠋ᠠᠳᠬᠠᠵᠤ᠂ ᠤᠯᠠᠮᠵᠢᠯᠠᠯᠲᠤ ᠠᠵᠤ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠠᠬᠢᠭᠤᠯᠬᠤ ᠬᠡᠷᠡᠭᠲᠡᠢ᠃ ᠲᠦᠷᠭᠡᠨ ᠬᠥᠭᠵᠢᠵᠦ ᠪᠠᠶ᠋ᠢᠭ᠎ᠠ ᠠᠵᠤ ᠠᠬᠤᠶ᠋ᠢᠯᠠᠯ᠂ ᠵᠠᠬ᠎ᠠ᠎ᠳᠤ ᠭᠠᠷᠤᠭ᠎ᠠ ᠦᠭᠡᠢ ᠦᠢ᠍ᠯᠡᠰ ᠪᠣᠰᠬᠠᠭᠴᠢ ᠠᠵᠤ ᠠᠬᠤᠶ᠋ᠢᠯᠠᠯ᠎ᠢ ᠬᠦᠴᠦᠲᠡᠢ ᠪᠥᠭᠡᠳ ᠪᠦᠲᠦᠮᠵᠢᠲᠡᠶ ᠳᠡᠮᠵᠢᠨ ᠬᠥᠭᠵᠢᠭᠦᠯᠬᠦ ᠬᠡᠷᠡᠭᠲᠡᠢ᠃ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠵᠤ᠂ 《ᠬᠤᠮᠢᠷᠠᠭ᠎ᠠ》 ᠮᠠᠭᠤ ᠣᠷᠴᠢᠯᠲᠤ ᠥᠷᠢᠰᠦᠯᠳᠦᠭᠡᠨ᠎ᠢ ᠰᠡᠷᠭᠡᠶ᠋ᠢᠯᠡᠬᠦ ᠬᠡᠷᠡᠭᠲᠡᠢ᠃ ᠵᠠᠬ᠎ᠠ ᠳᠡᠯᠭᠡᠭᠦᠷ᠎ᠤᠨ ᠰᠢᠯᠢᠳᠡᠭ᠎ᠨᠢ ᠦᠯᠡᠳᠡᠵᠦ ᠰᠢᠭ᠋ᠠᠷᠤ᠎ᠨᠢ ᠰᠢᠭᠰᠢᠭᠳᠡᠬᠦ ᠲᠣᠭᠲᠠᠴᠠ ᠵᠢ ᠴᠢᠩᠭ᠋ᠠᠳᠬᠠᠵᠤ᠂ ᠬᠤᠴᠤᠷᠤᠩᠭᠤᠢ ᠳᠣᠣᠷ᠎ᠠ ᠪᠦᠲᠦᠮᠵᠢᠲᠡᠢ ᠦᠢ᠍ᠯᠡᠳᠪᠦᠷᠢᠯᠡᠯ᠎ᠤᠨ ᠴᠢᠳᠠᠪᠤᠷᠢ ᠵᠢᠨ ᠤᠬᠤᠷᠢᠨ ᠭᠠᠷᠬᠤ ᠠᠷᠭ᠎ᠠ ᠵᠠᠮ᠎ᠢ ᠰᠢᠯᠤᠭᠤᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠲᠡᠷᠢᠭᠦᠨ ᠵᠡᠷᠭᠡ ᠵᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠪᠤᠢ ᠪᠤᠯᠭ᠋ᠠᠵᠤ᠂ ᠪᠠᠶ᠋ᠢᠭᠤᠯᠤᠯ᠎ᠤᠨ ᠮᠠᠶᠢᠭ᠎ᠤᠨ ᠨᠡᠭᠡᠭᠡᠯᠲᠡ ᠵᠢ ᠯᠠᠪᠳᠠᠭᠤᠨ ᠥᠷᠭᠡᠳᠬᠡᠵᠦ᠂ ᠦᠢ᠍ᠯᠡᠳᠬᠦ ᠦᠢ᠍ᠯᠡᠰ᠎ᠤᠨ ᠬᠦᠷᠢᠶᠡᠨ᠎ᠳᠠᠬᠢ ᠭᠠᠳᠠᠭ᠋ᠠᠳᠤ ᠪᠡᠯᠡ ᠵᠢ ᠣᠷᠣᠭᠤᠯᠬᠤ ᠵᠢ ᠵᠥᠪᠰᠢᠶᠡᠷᠡᠬᠦ ᠬᠢᠵᠠᠭ᠋ᠠᠷᠯᠠᠯ᠎ᠤᠨ ᠠᠷᠭ᠎ᠠ ᠬᠡᠮᠵᠢᠶ᠎ᠡ ᠵᠢᠨ 《ᠲᠡᠭ ᠪᠤᠯᠭ᠋ᠠᠬᠤ》 ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠨᠡᠭᠡᠭᠡᠯᠲᠡ ᠵᠢ ᠥᠷᠭᠡᠳᠬᠡᠬᠦ ᠲᠤᠷᠰᠢᠯᠲᠠ ᠵᠢᠨ ᠴᠡᠭ᠎ᠤᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠭᠠᠳᠠᠭ᠋ᠠᠳᠤ ᠪᠡᠯᠡ ᠵᠢ ᠠᠰᠢᠭᠯᠠᠬᠤ ᠠᠵᠤ ᠠᠬᠤᠶ᠋ᠢᠯᠠᠯ᠎ᠤᠨ ᠲᠣᠭᠲᠠᠭᠤᠨ ᠳᠡᠭᠡᠭᠰᠢᠯᠡᠬᠦ ᠵᠢ ᠠᠬᠢᠭᠤᠯᠬᠤ ᠬᠡᠷᠡᠭᠲᠡᠢ᠃ ᠭᠠᠳᠠᠭ᠋ᠠᠳᠤ ᠠᠷᠠᠯᠵᠢᠶᠠᠨ᠎ᠤ ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠵᠢ ᠢᠳᠡᠪᠬᠢᠲᠡᠢ ᠪᠣᠶ᠋ᠢᠵᠢᠭᠤᠯᠵᠤ᠂ ᠵᠠᠪᠰᠠᠷ᠎ᠤᠨ ᠪᠦᠲᠦᠭᠡᠭᠳᠡᠬᠦᠨ᠎ᠤ ᠠᠷᠠᠯᠵᠢᠶ᠎ᠠ᠂ ᠪᠣᠬᠢᠷᠳᠤᠯ ᠦᠭᠡᠢ ᠠᠷᠠᠯᠵᠢᠶ᠎ᠠ ᠵᠢ ᠥᠷᠭᠡᠳᠬᠡᠬᠦ ᠬᠡᠷᠡᠭᠲᠡᠢ᠃ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠭᠤᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢ ᠦᠷᠭᠦᠯᠵᠢᠯᠡᠨ ᠰᠡᠷᠭᠡᠶ᠋ᠢᠯᠡᠨ ᠠᠷᠢᠯᠭ᠋ᠠᠬᠤ ᠬᠡᠷᠡᠭᠲᠡᠢ᠃ ᠭᠡᠷ ᠪᠠᠶ᠋ᠢᠰᠢᠩ ᠭᠠᠵᠠᠷ ᠰᠢᠷᠣᠢ ᠵᠢᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠰᠢᠨ᠎ᠡ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠬᠠᠳᠠᠭ᠋ᠠᠯᠠᠭᠳᠠᠴᠠ ᠵᠢ ᠰᠢᠩᠭᠡᠭᠡᠬᠦ ᠪᠠ ᠨᠡᠮᠡᠭᠳᠡᠯ᠎ᠢ ᠰᠢᠯᠢᠳᠡᠭᠵᠢᠭᠦᠯᠬᠦ ᠵᠢ ᠤᠶᠠᠯᠳᠤᠭᠤᠯᠬᠤ ᠵᠢ ᠪᠠᠷᠢᠮᠲᠠᠯᠠᠨ᠂ ᠬᠠᠳᠠᠭ᠋ᠠᠯᠠᠭᠳᠠᠵᠤ ᠪᠠᠶ᠋ᠢᠭ᠎ᠠ ᠲᠠᠸᠠᠷ᠎ᠤᠨ ᠭᠡᠷ ᠪᠠᠶ᠋ᠢᠰᠢᠩ᠎ᠢ ᠬᠤᠳᠠᠯᠳᠤᠨ ᠠᠪᠴᠤ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠪᠣᠯᠭ᠋ᠠᠨ ᠬᠡᠷᠡᠭᠯᠡᠬᠦ ᠵᠢ ᠢᠳᠡᠪᠬᠢᠲᠡᠢ ᠳᠡᠮᠵᠢᠵᠦ᠂ ᠪᠠᠲᠤᠯᠠᠨ ᠲᠤᠰᠢᠶᠠᠬᠤ ᠭᠡᠷ ᠪᠠᠶ᠋ᠢᠰᠢᠩ᠎ᠤᠨ ᠠᠵᠢᠯ᠎ᠢ ᠤᠯᠠᠮ ᠰᠠᠶ᠋ᠢᠲᠤᠷ ᠬᠢᠵᠦ᠂ ᠭᠡᠷ ᠪᠠᠶ᠋ᠢᠰᠢᠩ ᠭᠠᠵᠠᠷ ᠰᠢᠷᠣᠢ ᠵᠢᠨ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠲᠦᠷᠭᠡᠨ ᠪᠠᠶ᠋ᠢᠭᠤᠯᠬᠤ ᠬᠡᠷᠡᠭᠲᠡᠢ᠃ ᠣᠷᠣᠨ ᠨᠤᠲᠤᠭ᠎ᠤᠨ ᠥᠷᠢ ᠥᠭᠴᠡᠭᠡ ᠵᠢ ᠠᠷᠢᠯᠭ᠋ᠠᠬᠤ ᠬᠠᠮ ᠲᠥᠰᠥᠯ᠎ᠢ ᠲᠡᠭᠦᠯᠳᠡᠷᠵᠢᠭᠦᠯᠦᠨ ᠨᠠᠶ᠋ᠢᠳᠠᠪᠤᠷᠢᠵᠢᠭᠤᠯᠵᠤ᠂ ᠨᠥᠬᠦᠴᠡᠯ ᠪᠦᠷᠢᠯᠳᠦᠭᠦᠯᠵᠦ ᠪᠠᠶ᠋ᠢᠭ᠋ᠠᠳ ᠣᠷᠣᠨ ᠨᠤᠲᠤᠭ᠎ᠤᠨ ᠪᠡᠯᠡ ᠲᠣᠬᠢᠷᠠᠭᠤᠯᠬᠤ ᠲᠠᠪᠴᠠᠩ᠎ᠤᠨ ᠥᠷᠢ ᠥᠭᠴᠡᠭᠡ ᠵᠢᠨ ᠠᠶᠤᠯ ᠲᠦᠭᠰᠢᠭᠦᠷᠢ ᠵᠢ ᠲᠦᠷᠭᠡᠨ ᠠᠷᠢᠯᠭ᠋ᠠᠬᠤ ᠬᠡᠷᠡᠭᠲᠡᠢ᠃ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠂ ᠬᠥᠭᠵᠢᠯᠲᠡ ᠵᠢ ᠠᠬᠢᠭᠤᠯᠬᠤ ᠵᠢ ᠨᠢᠭᠡᠳᠦᠯᠲᠡᠢ ᠲᠥᠯᠥᠪᠯᠡᠨ᠂ ᠪᠡᠯᠡ ᠣᠷᠣᠭᠤᠯᠤᠭᠴᠢᠳ᠎ᠤᠨ ᠢᠲᠡᠭᠡᠯ ᠵᠣᠷᠢᠭ᠎ᠢ ᠬᠥᠪᠴᠢᠯᠡᠵᠦ᠂ ᠬᠥᠷᠥᠩᠭᠡ ᠵᠢᠨ ᠵᠠᠬ᠎ᠠ ᠳᠡᠯᠭᠡᠭᠦᠷ᠎ᠤᠨ ᠳᠣᠲᠣᠭ᠋ᠠᠳᠤ ᠵᠢᠨ ᠲᠣᠭᠲᠠᠪᠤᠷᠢᠲᠤ ᠴᠢᠨᠠᠷ᠎ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ᠎ᠤ ᠬᠥᠮᠥᠨ ᠠᠮᠠ ᠵᠢᠨ ᠬᠡᠪᠴᠢᠶᠡᠵᠢᠯ᠎ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠶᠠᠰᠤ ᠴᠢᠨᠠᠷ᠎ᠢ ᠳᠡᠭᠡᠭᠰᠢᠯᠡᠭᠦᠯᠭᠦ ᠵᠢ ᠴᠢᠩᠭ᠋ᠠᠳᠬᠠᠵᠤ᠂ ᠲᠠᠷᠢᠶᠠᠯᠠᠩ᠎ᠤᠨ ᠦᠢ᠍ᠯᠡᠳᠪᠦᠷᠢᠯᠡᠯ᠎ᠢ ᠰᠠᠶ᠋ᠢᠲᠤᠷ ᠠᠳᠬᠤᠵᠤ᠂ ᠪᠦᠭᠦ ᠵᠢᠯ᠎ᠤᠨ ᠠᠮᠤ ᠪᠤᠳᠠᠭ᠋ᠠᠨ᠎ᠤ ᠡᠯᠪᠡᠭ ᠬᠤᠷᠢᠶᠠᠯᠲᠠ ᠵᠢ ᠴᠢᠷᠮᠠᠶ᠋ᠢᠨ ᠣᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ᠃ ᠠᠵᠢᠯ ᠣᠯᠭᠤᠯᠲᠠ ᠵᠢ ᠲᠡᠷᠢᠭᠦᠨ᠎ᠳᠤ ᠲᠠᠯᠪᠢᠬᠤ ᠲᠦᠷᠦ ᠵᠢᠨ ᠪᠣᠳᠣᠯᠭ᠎ᠠ ᠵᠢ ᠴᠢᠩᠭ᠋ᠠᠳᠬᠠᠵᠤ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ᠎ᠲᠠᠢ ᠬᠥᠮᠥᠰ᠎ᠲᠤ ᠠᠵᠢᠯ ᠣᠯᠭᠤᠬᠤ ᠵᠢ ᠰᠠᠶ᠋ᠢᠲᠤᠷ ᠬᠢᠬᠦ ᠬᠡᠷᠡᠭᠲᠡᠢ᠃ ᠣᠷᠣᠯᠭ᠎ᠠ ᠪᠠᠭ᠋ᠠᠲᠠᠢ ᠬᠥᠮᠥᠨ ᠠᠮᠠ ᠵᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠵᠢ ᠴᠢᠩᠭ᠋ᠠᠳᠬᠠᠵᠤ᠂ ᠨᠡᠶ᠋ᠢᠭᠡᠮ᠎ᠤᠨ ᠪᠠᠲᠤᠯᠠᠭ᠎ᠠ ᠵᠢᠨ ᠲᠣᠣᠷ᠎ᠢ ᠨᠢᠭᠲᠠ ᠰᠦᠯᠵᠢᠬᠦ ᠬᠡᠷᠡᠭᠲᠡᠢ᠃ ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠠᠵᠢᠯ᠎ᠢ ᠪᠦᠭᠦ ᠬᠦᠴᠦ᠎ᠪᠠᠷ ᠵᠶ᠋ᠠᠨ ᠰᠠᠶ᠋ᠢᠲᠤᠷ ᠬᠢᠵᠦ᠂ ᠤᠷᠭᠢᠯ ᠬᠤᠭᠤᠴᠠᠭ᠎ᠠ ᠵᠢ ᠤᠭᠲᠤᠵᠤ ᠵᠤᠨ᠎ᠢ ᠥᠩᠭᠡᠷᠡᠭᠦᠯᠬᠦ ᠬᠤᠭᠤᠴᠠᠭ᠋ᠠᠨ᠎ᠤ ᠡᠨᠧᠷᠭᠢ ᠴᠠᠭᠢᠯᠭ᠋ᠠᠨ ᠬᠦᠴᠦᠨ᠎ᠤ ᠬᠠᠩᠭ᠋ᠠᠯᠭ᠎ᠠ ᠵᠢ ᠰᠠᠶ᠋ᠢᠲᠤᠷ ᠬᠢᠵᠦ᠂ ᠠᠶᠤᠯᠭᠦᠢ ᠦᠢ᠍ᠯᠡᠳᠪᠦᠷᠢᠯᠡᠯ᠎ᠢ ᠰᠠᠶ᠋ᠢᠲᠤᠷ ᠠᠳᠬᠤᠵᠤ᠂ ᠢᠳᠡᠭᠡᠨ᠎ᠤ ᠠᠮᠤᠷ ᠲᠦᠪᠰᠢᠨ᠂ ᠨᠡᠶ᠋ᠢᠭᠡᠮ᠎ᠤᠨ ᠠᠮᠤᠷ ᠲᠦᠪᠰᠢᠨ ᠵᠡᠷᠭᠡ ᠠᠰᠠᠭᠤᠳᠠᠯ᠎ᠢ ᠨᠠᠷᠢᠨ ᠬᠢᠨᠠᠮᠠᠭ᠋ᠠᠢ ᠰᠢᠢ᠍ᠳᠪᠦᠷᠢᠯᠡᠬᠦ ᠬᠡᠷᠡᠭᠲᠡᠢ᠃ ᠪᠣᠬᠢᠷᠳᠤᠯ᠎ᠢ ᠰᠡᠷᠭᠡᠶ᠋ᠢᠯᠡᠨ ᠵᠠᠰᠠᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠵᠦ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠡᠮᠦᠨᠡᠬᠢ ᠬᠤᠭᠤᠴᠠᠭ᠋ᠠᠨ᠎ᠤ ᠰᠤᠳᠤᠯᠤᠨ ᠲᠥᠰᠥᠪᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯ ᠠᠷᠬᠠᠭ ᠭᠡᠮ ᠮᠥᠨ᠂ ᠡᠷᠬᠡᠪᠰᠢ ᠶᠡᠭᠡ ᠬᠦᠴᠦ ᠣᠷᠣᠭᠤᠯᠵᠤ ᠪᠠᠶ᠋ᠢᠭ᠋ᠠᠳ ᠡᠷᠡᠰ ᠵᠠᠯᠠᠷᠠᠭᠤᠯᠬᠤ ᠬᠡᠷᠡᠭᠲᠡᠢ᠃ ᠦᠨᠳᠦᠰᠦᠨ ᠱᠠᠲᠤ ᠪᠣᠯ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ 《ᠡᠴᠦᠰ᠎ᠤᠨ ᠨᠢᠭᠡ ᠺᠢᠯᠤᠮᠸᠲᠷ》 ᠪᠣᠯᠣᠨ᠎ᠠ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠳᠤ ᠬᠦᠯᠢᠶᠡᠰᠦᠯᠡᠭᠳᠡᠵᠦ ᠪᠤᠯᠬᠤ ᠦᠭᠡᠢ᠃ ᠲᠥᠪ᠎ᠤᠨ ᠱᠦᠵᠢ ᠨᠠᠷ᠎ᠤᠨ ᠭᠠᠵᠠᠷ᠎ᠤᠨ᠎ᠬᠢᠨ ᠴᠥᠬᠦᠷᠡᠰᠢ ᠦᠭᠡᠢ ᠠᠳᠬᠤᠵᠤ᠂ ᠲᠥᠪ᠎ᠤᠨ ᠲᠡᠰ ᠳᠠᠪᠬᠤᠷᠭ᠎ᠠ᠎ᠠᠴᠠ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠲᠤᠰᠬᠠᠢ ᠠᠵᠢᠯ᠎ᠤᠨ ᠲᠣᠭᠲᠠᠴᠠ ᠵᠢ ᠲᠣᠭᠲᠠᠭᠰᠠᠨ ᠬᠤᠭᠤᠴᠠᠭ᠎ᠠ᠎ᠲᠠᠢ᠎ᠪᠠᠷ ᠱᠠᠯᠠᠪᠳᠠᠭᠤᠯᠤᠨ ᠪᠠᠶ᠋ᠢᠴᠠᠭ᠋ᠠᠵᠤ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠡᠯ᠎ᠡ ᠰᠠᠯᠠᠭ᠎ᠠ ᠮᠥᠴᠢᠷ᠂ ᠡᠯ᠎ᠡ ᠮᠤᠵᠢ ᠵᠢᠨ ᠱᠠᠲᠤᠨ᠎ᠤ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ᠎ᠤ᠎ᠬᠢᠨ ᠠᠵᠢᠯ ᠵᠶ᠋ᠠᠨ ᠲᠣᠬᠢᠷᠠᠭᠤᠯᠤᠨ ᠪᠠᠶ᠋ᠢᠷᠢᠯᠠᠭᠤᠯᠬᠤ᠎ᠳᠠᠭᠠᠨ ᠦᠨᠡᠨ᠎ᠠᠴᠠ ᠵᠥᠪ᠎ᠢ ᠡᠷᠢᠵᠦ᠂ ᠮᠤᠵᠢ᠎ᠠᠴᠠ ᠳᠣᠷᠣᠭᠰᠢᠬᠢ ᠡᠯ᠎ᠡ ᠱᠠᠲᠤᠨ᠎ᠤ ᠨᠠᠮ᠎ᠤᠨ ᠬᠤᠷᠢᠶᠠᠨ᠎ᠤ᠎ᠬᠢᠨ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠬᠡᠵᠦ᠂ ᠡᠯ᠎ᠡ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ᠎ᠬᠢᠨ ᠬᠢᠨᠠᠯᠲᠠ ᠲᠠᠯᠪᠢᠵᠤ ᠬᠡᠷᠡᠭᠵᠢᠭᠦᠯᠬᠦ᠎ᠪᠠᠨ ᠴᠢᠩᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠳᠦᠷᠢᠮ᠎ᠤᠨ ᠪᠠᠶ᠋ᠢᠭᠤᠯᠤᠯᠲᠠ ᠬᠢᠭᠡᠳ ᠬᠡᠷᠡᠭᠵᠢᠭᠦᠯᠦᠯᠲᠡ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠪᠠ ᠡᠨᠧᠷᠭᠢ ᠣᠯᠭᠤᠬᠤ ᠵᠢ ᠨᠢᠭᠡᠳᠦᠯᠲᠡᠢ ᠲᠥᠯᠥᠪᠵᠢᠭᠦᠯᠵᠦ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠤᠯᠠᠮ ᠴᠢᠩᠭ᠎ᠠ ᠨᠠᠶ᠋ᠢᠳᠠᠪᠤᠷᠢᠵᠢᠭᠤᠯᠵᠤ᠂ ᠦᠷᠭᠦᠯᠵᠢᠯᠡᠨ ᠪᠢᠴᠢᠭ ᠮᠠᠲ᠋ᠧᠷᠢᠶᠠᠯ᠎ᠢ ᠴᠣᠮᠬᠠᠳᠬᠠᠵᠤ ᠬᠤᠷᠠᠯ᠎ᠢ ᠴᠥᠭᠡᠳᠬᠡᠵᠦ᠂ ᠱᠠᠯᠠᠪᠳᠠᠭᠤᠯᠤᠨ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠰᠢᠯᠭ᠋ᠠᠨ ᠦᠨᠡᠯᠡᠬᠦ ᠵᠢ ᠨᠢᠭᠡᠳᠦᠯᠲᠡᠢ ᠲᠥᠯᠥᠪᠵᠢᠭᠦᠯᠦᠨ ᠵᠢᠷᠤᠮᠵᠢᠭᠤᠯᠵᠤ᠂ ᠨᠤᠷᠰᠢᠭᠤᠨ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠵᠦ᠂ ᠦᠨᠳᠦᠰᠦᠨ ᠱᠠᠲᠤᠨ᠎ᠠᠴᠠ ᠺᠠᠳ᠋ᠷ ᠵᠢᠭᠡᠯᠡᠨ ᠬᠡᠷᠡᠭᠯᠡᠬᠦ ᠵᠢ ᠴᠢᠩᠭ᠎ᠠ ᠵᠢᠷᠤᠮᠵᠢᠭᠤᠯᠵᠤ᠂ ᠵᠠᠰᠠᠭ᠎ᠤᠨ ᠶᠠᠪᠤᠳᠠᠯ᠎ᠤᠨ ᠰᠢᠯᠵᠢᠮᠡᠯ ᠢᠨᠲ᠋ᠧᠷ ᠰᠦᠯᠵᠢᠶᠡᠨ᠎ᠤ ᠬᠡᠷᠡᠭᠯᠡᠭᠡᠨ᠎ᠤ ᠫᠷᠣᠭ᠌ᠷᠠᠮ᠎ᠤᠨ ᠵᠢᠷᠤᠮᠵᠢᠬᠰᠠᠨ ᠬᠠᠮᠢᠶᠠᠷᠤᠯᠲᠠ ᠵᠢ ᠴᠢᠩᠭ᠋ᠠᠳᠬᠠᠵᠤ᠂ 《ᠬᠤᠷᠤᠭᠤᠨ ᠦᠵᠦᠭᠦᠷ᠎ᠲᠠᠬᠢ ᠬᠡᠯᠪᠡᠷᠢᠴᠢ ᠦᠵᠡᠯ》᠎ᠢ ᠴᠡᠭᠴᠡᠯᠡᠨ ᠵᠠᠰᠠᠵᠤ᠂ ᠦᠨᠳᠦᠰᠦᠨ ᠱᠠᠲᠤᠨ᠎ᠤ ᠡᠷᠬᠡ ᠬᠠᠷᠢᠭᠤᠴᠠᠯᠭ᠎ᠠ ᠵᠢ ᠤᠯᠠᠮ ᠰᠢᠯᠤᠭᠤᠳᠬᠠᠵᠤ᠂ ᠡᠬᠢ ᠪᠠᠶᠠᠯᠢᠭ᠂ ᠦᠢ᠍ᠯᠡᠴᠢᠯᠡᠭᠡ᠂ ᠬᠠᠮᠢᠶᠠᠷᠤᠯᠲᠠ ᠵᠢ ᠦᠨᠳᠦᠰᠦᠨ ᠱᠠᠲᠤᠨ᠎ᠳᠤ ᠭᠦᠨᠵᠡᠭᠡᠶ᠋ᠢᠷᠡᠭᠦᠯᠬᠦ ᠵᠢ ᠠᠬᠢᠭᠤᠯᠵᠤ᠂ ᠦᠯᠢᠭᠡᠷ ᠵᠢᠱ᠌ᠢᠶ᠎ᠡ ᠵᠢ ᠡᠭᠦᠳᠦᠨ ᠪᠠᠶ᠋ᠢᠭᠤᠯᠬᠤ ᠪᠠ ᠪᠠᠷᠢᠮᠵᠢᠶ᠎ᠠ᠎ᠳᠤ ᠬᠦᠷᠭᠡᠬᠦ ᠠᠵᠢᠯᠯᠠᠭ᠎ᠠ ᠵᠢ ᠴᠣᠮᠬᠠᠳᠬᠠᠵᠤ᠂ ᠦᠯᠢᠭᠡᠷ ᠵᠢᠱ᠌ᠢᠶ᠎ᠡ ᠵᠢ ᠡᠭᠦᠳᠦᠨ ᠪᠠᠶ᠋ᠢᠭᠤᠯᠬᠤ ᠪᠣᠳᠠᠲᠤ ᠦᠷ᠎ᠡ ᠪᠦᠲᠦᠮᠵᠢ ᠵᠢ ᠴᠢᠬᠤᠯᠠᠴᠢᠯᠠᠬᠤ ᠬᠡᠷᠡᠭᠲᠡᠢ᠃ ᠨᠠᠮ᠎ᠤᠨ ᠭᠡᠰᠢᠭᠦᠨ ᠺᠠᠳ᠋ᠷᠴᠤᠳ ᠢᠯᠠᠩᠭᠤᠶ᠎ᠠ ᠦᠨᠳᠦᠰᠦᠨ ᠱᠠᠲᠤᠨ᠎ᠤ ᠤᠯᠠᠨ ᠲᠦᠮᠡᠨ᠎ᠤ ᠲᠤᠰᠬᠠᠯ ᠶᠡᠬᠡᠲᠡᠢ ᠲᠣᠪᠣᠶ᠋ᠢᠮ᠎ᠠ ᠠᠰᠠᠭᠤᠳᠠᠯ᠎ᠢ ᠨᠢᠭᠡ ᠵᠢ ᠣᠯᠵᠤ ᠮᠡᠳᠡᠪᠡᠯ ᠨᠢᠭᠡ ᠵᠢ ᠴᠡᠭᠴᠡᠯᠡᠨ ᠵᠠᠰᠠᠬᠤ ᠭᠡᠷᠡᠭᠲᠡᠢ; ᠵᠣᠭᠢᠬᠤ ᠨᠡᠶ᠋ᠢᠲᠡᠯᠢᠭ ᠴᠢᠨᠠᠷᠲᠠᠢ᠂ ᠲᠦᠭᠡᠮᠡᠯ ᠴᠢᠨᠠᠷᠲᠠᠢ ᠠᠰᠠᠭᠤᠳᠠᠯ᠎ᠢ ᠬᠦᠴᠦᠨ ᠵᠶ᠋ᠠᠨ ᠲᠥᠪᠯᠡᠷᠡᠭᠦᠯᠦᠨ ᠲᠤᠰᠬᠠᠢ ᠴᠡᠭᠴᠡᠯᠡᠨ ᠵᠠᠰᠠᠬᠤ ᠪᠠ ᠴᠡᠪᠡᠷᠯᠡᠨ ᠠᠷᠢᠯᠭ᠋ᠠᠵᠤ᠂ ᠦᠨᠳᠦᠰᠦᠨ ᠱᠠᠲᠤ ᠵᠢ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠬᠦᠯᠢᠶᠡᠰᠦᠯᠡᠯ᠎ᠠᠴᠠ ᠦᠨᠡᠨ ᠬᠦ᠌ ᠮᠤᠯᠲᠤᠷᠠᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠵᠥᠪ ᠠᠵᠢᠯ᠎ᠤᠨ ᠠᠮᠵᠢᠯᠲᠠ ᠵᠢᠨ ᠦᠵᠡᠯᠲᠡ ᠵᠢ ᠪᠤᠢ ᠪᠤᠯᠭ᠋ᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠵᠣᠷᠢᠭᠵᠢᠭᠤᠯᠵᠤ᠂ ᠨᠡᠩ ᠤᠯᠠᠨ ᠤᠶᠤᠨ ᠴᠢᠳᠠᠯ ᠵᠶ᠋ᠠᠷ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃



   

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ