ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠶᠡᠷᠦᠩᠬᠡᠢ ᠱᠦᠵᠢ ᠵᠢᠨ ᠠᠷᠠᠳ ᠲᠦᠮᠡᠨᠴᠢ ᠰᠡᠳᠬᠢᠯᠭᠡ᠄ 《ᠦᠷ᠎ᠡ ᠬᠤᠶ᠋ᠢᠴᠢᠰ᠎ᠲᠤ᠎ᠪᠠᠨ ᠠᠭᠤᠯᠠ᠎ᠨᠢ ᠰᠠᠶ᠋ᠢᠬᠠᠨ ᠤᠰᠤ᠎ᠨᠢ ᠲᠤᠩᠭ᠋ᠠᠯᠠᠭ ᠠᠮᠢ ᠠᠬᠤᠢ ᠵᠢᠨ ᠣᠷᠣᠨ ᠵᠠᠢ ᠦᠯᠡᠳᠡᠭᠡᠶ᠎ᠡ》
ᠨᠡᠶ᠋ᠢᠲᠡᠯᠡᠭᠰᠡᠨ ᠴᠠᠭ᠄ 2024-08-09

      ᠰᠢᠷ᠎ᠠ ᠲᠠᠩᠭᠢᠰ᠎ᠤᠨ ᠬᠥᠪᠡᠭᠡᠨ᠎ᠡ᠂ ᠱᠠᠨᠳᠦ᠋ᠩ᠎ᠤᠨ ᠿᠢ ᠵᠤᠤ᠎ᠳᠤ᠂ ᠪᠠᠷᠤᠭ 28 ᠺᠢᠯᠣᠮᠧᠳ᠋ᠷ ᠤᠷᠲᠤ ᠳᠠᠯᠠᠢ ᠵᠢᠨ ᠡᠷᠭᠢ ᠵᠢᠨ ᠨᠣᠭᠤᠭ᠋ᠠᠨ ᠵᠠᠮ ᠡᠮᠦᠨ᠎ᠡ ᠤᠮᠠᠷ᠎ᠠ ᠵᠢ ᠰᠤᠨᠳᠠᠯᠠᠨ᠎ᠠ᠃ 《ᠠᠮᠢ ᠠᠬᠤᠶ ᠣᠷᠴᠢᠨ ᠲᠣᠭᠤᠷᠢᠨ᠎ᠢ ᠰᠠᠶ᠋ᠢᠨ ᠪᠠᠶ᠋ᠢᠯᠭ᠋ᠠᠬᠤ ᠠᠷᠠᠳ ᠣᠯᠠᠨ᠎ᠳᠤ ᠵᠢᠩᠬᠢᠨᠢ ᠵᠣᠯ ᠵᠢᠷᠭ᠋ᠠᠯ᠎ᠢ ᠨᠡᠮᠡᠭᠳᠡᠭᠦᠯᠦᠭᠰᠡᠨ᠎ᠳᠤ ᠲᠣᠭ᠋ᠠᠴᠠᠨ᠎ᠠ᠃ ᠰᠠᠶ᠋ᠢᠨ ᠰᠠᠶ᠋ᠢᠬᠠᠨ ᠭᠡᠷ ᠣᠷᠣᠨ ᠵᠶ᠋ᠠᠨ ᠪᠦᠲᠦᠭᠡᠨ ᠪᠠᠶ᠋ᠢᠭᠤᠯᠵᠤ ᠬᠠᠮᠠᠭ᠋ᠠᠯᠠᠬᠤ᠎ᠳᠤ ᠬᠠᠮᠲᠤ᠎ᠪᠠᠷ ᠣᠷᠣᠯᠴᠠᠵᠠᠭ᠋ᠠᠶ᠎ᠠ᠃》 ᠡᠨᠡ ᠵᠢᠯ᠎ᠤᠨ 5 ᠳ᠋ᠤᠭ᠋ᠠᠷ ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠠᠳᠡ ᠰᠢᠨᠵᠢᠯᠡᠨ ᠪᠠᠶ᠋ᠢᠴᠠᠭ᠋ᠠᠬᠤ᠎ᠳᠤ᠎ᠪᠠᠨ ᠢᠩᠭᠢᠵᠦ ᠴᠢᠬᠤᠯᠠᠴᠢᠯᠠᠪᠠ᠃
      ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠤ᠄ 《ᠡᠷᠬᠡᠪᠰᠢ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠤᠭ᠋ᠠᠷᠠᠭᠤᠯᠤᠯᠲᠠ ᠵᠢ ᠥᠷᠭᠡᠳᠬᠡᠬᠦ ᠵᠢ ᠠᠵᠤ ᠠᠬᠤᠢ ᠵᠢ ᠨᠡᠮᠡᠭᠳᠡᠭᠦᠯᠬᠦ᠎ᠯᠦᠭᠡ ᠬᠠᠮᠵᠢᠯᠴᠠᠨ ᠠᠬᠢᠭᠤᠯᠵᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠬᠦ ᠣᠨᠣᠯᠵᠢᠬᠤᠨ᠎ᠤ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠦᠨ ᠨᠠᠶ᠋ᠢᠳᠠᠪᠤᠷᠢᠵᠢᠭᠤᠯᠬᠤ ᠵᠢ ᠲᠦᠷᠭᠡᠳᠬᠡᠬᠦ ᠬᠡᠷᠡᠭᠲᠡᠢ》 ᠭᠡᠵᠦ ᠳᠤᠷᠠᠳᠴᠠᠢ᠃
       ᠡᠨᠡ ᠪᠣᠯ ᠬᠥᠬᠡᠮᠳᠦᠭ ᠨᠣᠭᠤᠭ᠋ᠠᠨ ᠠᠭᠤᠯᠠ ᠤᠰᠤᠨ᠎ᠤ ᠪᠠᠶ᠋ᠢᠭ᠋ᠠᠯᠢ ᠠᠬᠤᠢ᠎ᠳᠤ ᠪᠢᠴᠢᠭᠳᠡᠭᠰᠡᠨ ᠦᠵᠡᠰᠬᠦᠯᠡᠩᠲᠦ ᠰᠠᠶ᠋ᠢᠬᠠᠨ ᠬᠠᠷᠢᠭᠤᠯᠲᠠ —
      《ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠢᠳᠡ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠬᠥᠭᠵᠢᠯᠲᠡ᠎ᠳᠤ ᠬᠤᠯᠪᠣᠭᠳᠠᠭᠰᠠᠨ ᠦᠨᠳᠦᠰᠦᠨ ᠶᠡᠭᠡ ᠪᠤᠳᠤᠯᠭ᠎ᠠ ᠪᠣᠯᠭ᠋ᠠᠵᠤ᠂ ᠠᠯᠢ ᠤᠯᠠᠨ ᠡᠭᠦᠳᠦᠯᠲᠡ ᠵᠢᠨ ᠴᠢᠨᠠᠷᠲᠠᠢ ᠠᠵᠢᠯ᠎ᠢ ᠥᠷᠨᠢᠭᠦᠯᠵᠦ᠂ ᠵᠣᠷᠢᠭ᠂ ᠡᠷᠴᠢᠮ ᠪᠠ ᠪᠦᠲᠦᠮᠵᠢ ᠵᠢᠨ ᠭᠤᠷᠮᠤᠰᠤᠨ ᠲᠠᠯ᠎ᠠ᠎ᠪᠠᠷ ᠤᠷᠢᠳ ᠡᠮᠦᠨ᠎ᠡ ᠭᠠᠷᠤᠭ᠎ᠠ ᠦᠭᠡᠢ ᠶᠡᠭᠡ ᠲᠦᠪᠰᠢᠨ᠎ᠳᠤ ᠬᠦᠷᠭᠡᠵᠦ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠤᠨᠤᠯ ᠪᠠ ᠦᠢ᠍ᠯᠡᠳᠦᠯᠭᠡ᠎ᠨᠢ ᠴᠥᠮ ᠲᠡᠦᠬᠡᠲᠦ ᠴᠢᠨᠠᠷᠲᠠᠢ᠂ ᠡᠷᠭᠢᠯᠲᠡ ᠵᠢᠨ ᠴᠢᠨᠠᠷᠲᠠᠢ᠂ ᠪᠦᠬᠦ ᠲᠠᠯ᠎ᠠ ᠵᠢᠨ ᠴᠢᠨᠠᠷᠲᠠᠢ ᠬᠤᠪᠢᠷᠠᠯᠲᠠ ᠭᠠᠷᠴᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠴᠢᠬᠤᠯᠠ ᠶᠡᠭᠡ ᠠᠯᠬᠤᠮ᠎ᠢ ᠠᠯᠬᠤᠪᠠ᠃》 《ᠰᠢᠷᠭ᠋ᠠᠭᠤ ᠴᠢᠷᠮᠠᠶ᠋ᠢᠯᠭ᠎ᠠ᠎ᠪᠠᠷ ᠳᠠᠮᠵᠢᠭ᠋ᠠᠳ᠂ ᠮᠠᠨ᠎ᠤ ᠤᠯᠤᠰ᠎ᠤᠨ ᠲᠩᠷᠢ᠎ᠨᠢ ᠨᠡᠩ ᠴᠡᠯᠮᠡᠭ᠂ ᠭᠠᠵᠠᠷ᠎ᠨᠢ ᠨᠡᠩ ᠨᠣᠭᠤᠭ᠋ᠠᠨ᠂ ᠤᠰᠤ᠎ᠨᠢ ᠨᠡᠩ ᠲᠤᠩᠭ᠋ᠠᠯᠠᠭ ᠪᠣᠯᠵᠤ᠂ ᠲᠦᠮᠡᠨ ᠭᠠᠵᠠᠷ᠎ᠢ ᠰᠤᠨᠳᠠᠯᠠᠭᠰᠠᠨ ᠠᠭᠤᠯᠠ ᠭᠤᠣᠯ᠎ᠨᠢ ᠨᠡᠩ ᠭᠤᠶᠣ ᠪᠣᠯᠵᠠᠢ᠃》
      ᠡᠨᠡ ᠪᠣᠯ ᠢᠷᠡᠭᠡᠳᠦᠢ᠎ᠳᠤ ᠬᠠᠨᠳᠤᠭᠤᠯᠤᠭᠰᠠᠨ ᠲᠥᠪ ᠴᠢᠩᠭ᠎ᠠ ᠲᠤᠩᠬᠠᠭ —
      《ᠠᠮᠢ ᠠᠬᠤᠢ ᠵᠢᠨ ᠰᠢᠰᠲ᠋ᠧᠮ᠎ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦᠶ᠋ᠢᠴᠡ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠠᠮᠢ ᠠᠬᠤᠢ ᠵᠢ ᠬᠠᠮᠠᠭ᠋ᠠᠯᠠᠨ ᠥᠨᠵᠢᠭᠦᠯᠦᠨ ᠰᠡᠷᠭᠦᠭᠡᠬᠦ ᠵᠢᠨ ᠬᠢᠨᠠᠯᠲᠠ ᠬᠠᠮᠢᠶᠠᠷᠤᠯᠲᠠ᠎ᠪᠠᠨ ᠦᠨᠡᠨ ᠬᠦ᠌ ᠴᠢᠩᠭ᠋ᠠᠳᠬᠠᠵᠤ᠂ ᠬᠥᠬᠡᠮᠳᠦᠭ ᠨᠣᠭᠤᠭ᠋ᠠᠨ ᠠᠭᠤᠯᠠ ᠤᠰᠤ ᠵᠢ ᠠᠯᠳᠠ ᠮᠥᠩᠭᠦᠨ ᠠᠭᠤᠯᠠ ᠤᠰᠤ ᠪᠣᠯᠭ᠋ᠠᠬᠤ ᠵᠠᠮ᠎ᠢ ᠥᠷᠭᠡᠳᠬᠡᠵᠦ᠂ ᠦᠷ᠎ᠡ ᠬᠤᠶ᠋ᠢᠴᠢᠰ᠎ᠲᠤ᠎ᠪᠠᠨ ᠠᠭᠤᠯᠠ᠎ᠨᠢ ᠰᠠᠶ᠋ᠢᠬᠠᠨ ᠤᠰᠤ᠎ᠨᠢ ᠲᠤᠩᠭ᠋ᠠᠯᠠᠭ ᠠᠮᠢ ᠠᠬᠤᠢ ᠵᠢᠨ ᠣᠷᠣᠨ ᠵᠠᠢ ᠦᠯᠡᠳᠡᠭᠡᠶ᠎ᠡ᠃》
      ᠣᠳᠣᠬᠠᠨ᠎ᠳᠤ᠎ᠪᠠᠨ ᠰᠠᠭᠤᠷᠢᠯᠠᠭᠰᠠᠨ ᠮᠥᠷᠲᠡᠭᠡᠨ ᠢᠷᠡᠭᠡᠳᠦᠢ᠎ᠪᠠᠨ ᠴᠦ᠍ ᠲᠥᠯᠥᠪᠯᠡᠵᠡᠭᠡᠶ᠎ᠡ᠃
       ᠤᠳᠠᠭ᠎ᠠ ᠪᠦᠷᠢ ᠵᠢᠨ ᠰᠢᠨᠵᠢᠯᠡᠨ ᠪᠠᠶ᠋ᠢᠴᠠᠭ᠋ᠠᠯᠲᠠ ᠪᠣᠯᠣᠨ ᠴᠢᠬᠤᠯᠠ ᠬᠤᠷᠠᠯᠳᠤᠭ᠋ᠠᠨ᠎ᠳᠤ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠬᠥᠭᠵᠢᠯᠲᠡ᠎ᠳᠤ ᠠᠯᠤᠰ᠎ᠤᠨ ᠪᠣᠳᠣᠯᠭ᠎ᠠ ᠭᠠᠷᠭ᠋ᠠᠪᠠ᠃
      《ᠤᠢ ᠰᠢᠭᠤᠢ ᠵᠢ ᠪᠢᠳᠡ ᠡᠪᠦᠭᠡ ᠳᠡᠭᠡᠳᠦᠰ᠎ᠠᠴᠠ᠎ᠪᠠᠨ ᠵᠠᠯᠭ᠋ᠠᠮᠵᠢᠯᠠᠭᠰᠠᠨ ᠶᠤᠮ᠂ ᠦᠷ᠎ᠡ ᠬᠤᠶ᠋ᠢᠴᠢᠰ᠎ᠲᠤ᠎ᠪᠠᠨ ᠤᠯᠠᠮᠵᠢᠯᠠᠬᠤ᠎ᠨᠢ ᠠᠯᠢᠨ᠎ᠳᠤ᠎ᠨᠢ ᠴᠤ᠌ ᠣᠰᠣᠯᠳᠠᠮᠠᠷ ᠦᠭᠡᠢ ᠶᠤᠮ᠃》 ᠭᠡᠵᠦ 2014 ᠣᠨ᠎ᠤ 12 ᠳ᠋ᠤᠭ᠋ᠠᠷ ᠰᠠᠷ᠎ᠠ ᠵᠢᠨ 25᠎ᠤ ᠡᠳᠦᠷ ᠬᠤᠷᠠᠯᠳᠤᠭᠤᠯᠤᠭᠰᠠᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠬᠤᠷᠢᠶᠠᠨ᠎ᠤ ᠬᠤᠷᠠᠯᠳᠤᠭ᠋ᠠᠨ᠎ᠳᠤ ᠶᠡᠷᠦᠩᠬᠡᠢ ᠱᠦᠵᠢ ᠰᠢ ᠵᠢᠨ ᠫᠢᠩ ᠰᠡᠳᠬᠢᠯ ᠬᠦᠨᠳᠦ᠎ᠪᠠᠷ ᠶᠠᠷᠢᠪᠠ᠃
      《ᠪᠠᠶ᠋ᠢᠭ᠋ᠠᠯᠢᠯᠢᠭ ᠣᠢ ᠰᠢᠭᠤᠢ ᠪᠣᠯᠭ᠋ᠠᠨ᠎ᠢ ᠬᠠᠮᠠᠭ᠋ᠠᠯᠠᠶ᠎ᠠ》᠃ ᠥᠩᠭᠡᠷᠡᠭᠰᠡᠨ᠎ᠤ 《ᠮᠣᠳᠣ ᠣᠭᠲᠣᠯᠤᠭᠴᠢ》 ᠰᠦᠬᠡ᠎ᠪᠠᠨ ᠬᠠᠶᠠᠵᠤ᠂ ᠣᠳᠣ 《ᠮᠣᠳᠣ ᠬᠠᠮᠠᠭ᠋ᠠᠯᠠᠭᠴᠢ》 ᠪᠣᠯᠵᠤ᠂ ᠰᠢᠨ᠎ᠡ ᠴᠠᠭ ᠦᠶ᠎ᠡ᠎ᠠᠴᠠ ᠨᠠᠭ᠋ᠠᠰᠢ ᠪᠦᠬᠦ ᠤᠯᠤᠰ᠎ᠤᠨ ᠣᠢ ᠰᠢᠭᠤᠢ ᠵᠢᠨ ᠪᠦᠷᠬᠦᠴᠡ ᠵᠢᠨ ᠨᠣᠷᠮ᠎ᠠ 2.39 ᠵᠠᠭᠤᠨ᠎ᠤ ᠴᠡᠭ ᠵᠶ᠋ᠠᠷ ᠳᠡᠭᠡᠭᠰᠢᠯᠡᠵᠡᠢ᠃
      《ᠬᠥᠬᠡᠮᠥ᠋ᠷᠡᠨ᠎ᠤ ᠠᠮᠢ ᠠᠬᠤᠢ ᠣᠷᠴᠢᠨ ᠲᠣᠭᠤᠷᠢᠨ ᠮᠠᠨ᠎ᠤ ᠡᠨᠡ ᠦᠶ᠎ᠡ ᠵᠢᠨ᠎ᠬᠢᠨ᠎ᠤ ᠭᠠᠷ᠎ᠲᠤ ᠦᠷᠭᠦᠯᠵᠢᠯᠡᠨ ᠮᠠᠭᠤᠳᠠᠬᠤ ᠵᠢ ᠶᠠᠭ᠋ᠠᠬᠢᠭᠰᠠᠨ ᠴᠤ᠌ ᠬᠦᠯᠢᠶᠡᠬᠦ ᠦᠭᠡᠢ᠂ ᠦᠷ᠎ᠡ ᠬᠤᠶ᠋ᠢᠴᠢᠰ᠎ᠲᠤ᠎ᠪᠠᠨ ᠴᠡᠩᠭᠡᠭ ᠰᠠᠶ᠋ᠢᠬᠠᠨ ᠬᠥᠬᠡᠮᠥ᠋ᠷᠡᠨ ᠦᠯᠡᠳᠡᠭᠡᠬᠦ ᠬᠡᠷᠡᠭᠲᠡᠢ!》 ᠭᠡᠵᠦ ᠬᠤᠨᠠᠨ᠎ᠤ ᠶᠤᠸᠠᠢ ᠶᠠᠩ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ ᠶᠡᠷᠦᠩᠬᠡᠢ ᠱᠦᠵᠢ ᠰᠢ ᠵᠢᠨ ᠫᠢᠩ ᠡᠷᠡᠰ ᠴᠢᠩᠭ᠎ᠠ ᠬᠡᠯᠡᠪᠡ᠃
      《ᠶᠡᠭᠡ ᠬᠠᠮᠠᠭ᠋ᠠᠯᠠᠯᠲᠠ ᠵᠢ ᠬᠠᠮᠲᠤ᠎ᠪᠠᠷ ᠠᠳᠬᠤᠵᠤ᠂ ᠶᠡᠭᠡ ᠨᠡᠭᠡᠭᠡᠯᠲᠡ ᠵᠢ ᠬᠢᠬᠦ ᠦᠭᠡᠢ》᠃ ᠮᠥᠷᠡᠨ ᠳᠠᠭ᠋ᠠᠤ ᠮᠤᠵᠢ ᠵᠢᠨ᠎ᠬᠢᠨ᠎ᠤ ᠪᠣᠬᠢᠷᠲᠤᠯ᠎ᠢ ᠵᠠᠰᠠᠵᠤ ᠨᠣᠭᠤᠭ᠋ᠠᠷᠠᠭᠤᠯᠤᠯᠲᠠ ᠵᠢ ᠨᠡᠮᠡᠭᠳᠡᠭᠦᠯᠵᠦ᠂ ᠡᠷᠭᠢ ᠵᠢᠨ ᠱᠤᠭᠤᠮ᠎ᠢ ᠵᠠᠰᠠᠨ ᠰᠡᠷᠭᠦᠭᠡᠵᠦ᠂ ᠵᠢᠭ᠋ᠠᠰᠤ ᠠᠩᠨᠠᠬᠤ ᠵᠢ ᠠᠷᠪᠠᠨ ᠵᠢᠯ ᠵᠶ᠋ᠠᠷ ᠴᠠᠭ᠋ᠠᠵᠠᠯᠠᠭᠰᠠᠨ ᠵᠶ᠋ᠠᠷ 《ᠬᠦᠨᠳᠦ ᠡᠪᠡᠳᠴᠢᠯᠡᠭᠡᠳ ᠪᠠᠶ᠋ᠢᠭᠰᠠᠨ》 ᠳᠤᠮᠳᠠᠳᠤ ᠵᠢᠨ ᠦᠨᠳᠦᠰᠦᠲᠡᠨ᠎ᠤ ᠡᠵᠢ ᠭᠤᠤᠯ᠎ᠤᠨ ᠴᠡᠩᠭᠡᠭ ᠤᠰᠤ᠎ᠨᠢ ᠣᠳᠣ ᠵᠡᠭᠦᠨᠰᠢ ᠤᠷᠤᠰᠤᠭᠰᠠᠨ ᠰᠢᠨ᠎ᠡ ᠳᠦᠷᠰᠦ ᠪᠠᠶ᠋ᠢᠳᠠᠯ ᠵᠶ᠋ᠠᠨ ᠬᠠᠷᠠᠭᠤᠯᠵᠤ ᠪᠠᠶ᠋ᠢᠨ᠎ᠠ᠃
      《ᠤᠯᠤᠰ᠎ᠤᠨ ᠶᠡᠭᠡ ᠶᠠᠪᠤᠳᠠᠯ》᠎ᠢ ᠪᠤᠳᠤᠵᠤ᠂ ᠲᠦᠮᠡᠨ ᠠᠷᠠᠳ᠎ᠲᠠᠢ ᠰᠡᠳᠬᠢᠯ ᠬᠤᠯᠪᠣᠨᠠᠮ᠃
       ᠪᠣᠳᠣᠯᠬᠢᠯᠠᠵᠤ ᠪᠠᠶ᠋ᠢᠬᠤ᠎ᠨᠢ ᠬᠥᠮᠦᠨ ᠪᠠ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠦᠨᠳᠦᠰᠦᠨ ᠠᠷᠭ᠎ᠠ ᠪᠤᠳᠤᠯᠭ᠎ᠠ᠂ ᠲᠥᠯᠥᠪᠯᠡᠵᠦ ᠪᠠᠶ᠋ᠢᠬᠤ᠎ᠨᠢ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠬᠥᠭᠵᠢᠯᠲᠡ ᠵᠢᠨ ᠦᠨᠳᠦᠰᠦᠨ ᠶᠡᠭᠡ ᠪᠤᠳᠤᠯᠭ᠎ᠠ᠂ ᠪᠠᠷᠠᠭ᠋ᠠᠯᠠᠵᠤ ᠪᠠᠶ᠋ᠢᠬᠤ᠎ᠨᠢ ᠬᠥᠬᠡᠮᠳᠦᠭ ᠨᠣᠭᠤᠭ᠋ᠠᠨ ᠠᠭᠤᠯᠠ ᠤᠰᠤ ᠥᠨᠢᠳᠡ ᠣᠷᠣᠰᠢᠬᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ ᠪᠣᠯᠣᠨ᠎ᠠ᠃
       ᠦᠷ᠎ᠡ ᠬᠤᠶ᠋ᠢᠴᠢᠰ᠎ᠲᠤ᠎ᠪᠠᠨ ᠠᠭᠤᠯᠠ᠎ᠨᠢ ᠰᠠᠶ᠋ᠢᠬᠠᠨ ᠤᠰᠤ᠎ᠨᠢ ᠲᠤᠩᠭ᠋ᠠᠯᠠᠭ ᠠᠮᠢ ᠠᠬᠤᠢ ᠵᠢᠨ ᠣᠷᠣᠨ ᠵᠠᠢ ᠦᠯᠡᠳᠡᠭᠡᠵᠦ᠂ ᠬᠠᠮᠤᠭ᠎ᠤᠨ ᠴᠢᠩᠭ᠎ᠠ ᠲᠦᠷᠢᠮ ᠬᠠᠮᠤᠭ᠎ᠤᠨ ᠴᠢᠩᠭ᠎ᠠ ᠬᠠᠤᠯᠢᠵᠢᠯ ᠵᠶ᠋ᠠᠷ ᠠᠭᠤᠯᠠ ᠤᠰᠤ ᠡᠪᠡᠰᠦ ᠮᠣᠳᠣ᠎ᠪᠠᠨ ᠬᠠᠮᠠᠭ᠋ᠠᠯᠠᠬᠤ ᠬᠡᠷᠡᠭᠲᠡᠢ᠃
      ᠴᠢ ᠯᠢᠶᠠᠨ ᠱᠠᠨ ᠠᠭᠤᠯᠠᠨ᠎ᠤ ᠡᠮᠦᠨ᠎ᠡ ᠬᠤᠷᠮᠣᠢ᠎ᠳᠠᠬᠢ ᠬᠥᠬᠡᠨᠠᠭᠤᠷ᠎ᠤᠨ ᠮᠦ᠍ ᠯᠢ ᠠᠭᠤᠷᠬᠠᠢ ᠵᠢᠨ ᠣᠷᠣᠨ᠎ᠤ ᠡᠪᠡᠰᠦ᠎ᠨᠢ ᠡᠬᠡ ᠭᠠᠵᠠᠷ᠎ᠤᠨ ᠰᠢᠷᠬ᠎ᠠ ᠵᠢ ᠠᠨᠠᠭ᠋ᠠᠵᠤ ᠪᠣᠢ᠃ ᠡᠨᠡ ᠨᠤᠲᠤᠭ᠎ᠢ ᠤᠤᠯ᠎ᠨᠢ ᠬᠠᠤᠯᠢ ᠪᠤᠰᠤ᠎ᠪᠠᠷ ᠮᠠᠯᠲᠠᠭᠰᠠᠨ᠎ᠠᠴᠠ ᠠᠮᠢ ᠠᠬᠤᠢ᠎ᠨᠢ ᠬᠦᠨᠳᠦ ᠨᠣᠴᠢᠲᠠᠢ ᠡᠪᠳᠡᠭᠳᠡᠪᠡ᠃
      《ᠮᠦ᠍ ᠯᠢ ᠵᠢᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠰᠠᠶ᠋ᠢᠲᠤᠷ ᠠᠳᠬᠤᠵᠤ᠂ ᠰᠡᠭᠦᠯ ᠦᠯᠡᠳᠡᠭᠡᠯ ᠦᠭᠡᠢ᠎ᠪᠠᠷ ᠪᠥᠬᠦᠨ᠎ᠢ ᠬᠢᠵᠦ ᠳᠠᠭᠤᠰᠬᠠᠨ᠂ ᠬᠠᠷᠠᠮᠰᠠᠯ ᠦᠯᠡᠳᠡᠭᠡᠬᠦ ᠦᠭᠡᠢ》 《ᠬᠤᠶ᠋ᠢᠰᠢᠳᠠ ᠡᠶ᠋ᠢᠮᠦᠷᠬᠦᠦ ᠠᠰᠠᠭᠤᠳᠠᠯ᠎ᠢ ᠨᠢᠭᠡ ᠢᠯᠡᠷᠡᠭᠦᠯᠪᠡᠯ ᠨᠢᠭᠡ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠬᠠᠰᠢ ᠶᠠᠰᠢ ᠣᠷᠬᠢᠵᠤ ᠪᠣᠯᠬᠤ ᠦᠭᠡᠢ》 ᠁ ᠭᠡᠵᠦ ᠶᠡᠷᠦᠩᠬᠡᠢ ᠱᠦᠵᠢ ᠰᠢ ᠵᠢᠨ ᠫᠢᠩ ᠣᠯᠠᠨᠲᠠ ᠴᠢᠬᠤᠯᠠ ᠵᠢᠭ᠋ᠠᠪᠤᠷᠢ ᠴᠤᠬᠤᠯᠠᠪᠤᠷᠢ ᠦᠭᠴᠡᠢ᠃ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠤᠯᠤᠰ᠎ᠤᠨ ᠬᠢᠨᠠᠨ ᠪᠠᠶ᠋ᠢᠴᠠᠭ᠋ᠠᠬᠤ ᠵᠥᠪᠯᠡᠯ ᠵᠢᠴᠢ ᠲᠥᠪ᠎ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠠᠵᠢᠯᠯᠠᠬᠤ ᠳᠤᠭᠤᠶ᠋ᠢᠯᠠᠩ ᠪᠠᠶ᠋ᠢᠭᠤᠯᠵᠤ᠂ ᠬᠥᠬᠡᠨᠠᠭᠤᠷ ᠮᠤᠵᠢ ᠵᠢᠨ ᠨᠠᠮ᠎ᠤᠨ ᠬᠤᠷᠢᠶ᠎ᠠ ᠪᠣᠯᠤᠨ ᠮᠤᠵᠢ ᠵᠢᠨ ᠵᠠᠰᠠᠭ᠎ᠤᠨ ᠣᠷᠳᠣᠨ᠎ᠯᠤᠭ᠎ᠠ ᠬᠠᠮᠲᠤᠷᠠᠨ ᠪᠠᠶ᠋ᠢᠴᠠᠭ᠋ᠠᠵᠤ᠂ ᠶᠡᠷᠦᠩᠬᠡᠶ᠋ᠢᠯᠡᠨ ᠴᠡᠭᠴᠡᠯᠡᠨ ᠵᠠᠰᠠᠵᠤ᠂ ᠬᠥᠬᠡᠮᠳᠦᠭ ᠨᠣᠭᠤᠭ᠋ᠠᠨ ᠠᠭᠤᠯᠠ ᠤᠰᠤ ᠵᠢ ᠲᠠᠬᠢᠨ ᠪᠦᠲᠦᠭᠡᠪᠡ᠃
      ᠠᠮᠢ ᠠᠬᠤᠢ ᠣᠷᠴᠢᠨ ᠲᠣᠭᠤᠷᠢᠨ᠎ᠢ ᠬᠦᠨᠳᠦ ᠨᠣᠴᠢᠲᠠᠢ ᠡᠪᠳᠡᠭᠰᠡᠨ ᠬᠡᠷᠡᠭ᠎ᠢ 《ᠢᠯᠡᠷᠡᠭᠦᠯᠬᠦ᠎ᠳᠤ ᠯᠡ ᠬᠥᠷᠪᠡᠯ ᠡᠴᠦᠰ᠎ᠲᠤ᠎ᠨᠢ ᠲᠤᠯᠲᠠᠯ᠎ᠠ ᠠᠳᠬᠤᠶ᠎ᠠ》᠃ ᠶᠡᠷᠦᠩᠬᠡᠶ ᠱᠦᠵᠢ ᠰᠢ ᠵᠢᠨ ᠫᠢᠩ᠄ 《ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠨᠢ ᠬᠡᠴᠢᠨᠡᠭᠡᠨ ᠣᠯᠠᠨ ᠠᠯᠲᠠ ᠮᠥᠩᠭᠦ ᠣᠯᠬᠤ ᠶᠠᠪᠤᠳᠠᠯ ᠪᠢᠰᠢ᠂ ᠬᠠᠷᠢᠨ ᠲᠡᠦᠬᠡ᠂ ᠦᠷ᠎ᠡ ᠬᠤᠶ᠋ᠢᠴᠢᠰ᠎ᠤᠨ ᠵᠶ᠋ᠠᠨ ᠲᠥᠯᠥᠭᠡ ᠬᠢᠭᠰᠡᠨ ᠠᠵᠢᠯ ᠪᠣᠯᠣᠨ᠎ᠠ》 ᠭᠡᠵᠦ ᠲᠡᠭᠦᠨ᠎ᠤ ᠳᠣᠲᠣᠷᠠᠬᠢ ᠦᠨᠡᠨ ᠤᠳᠬ᠎ᠠ ᠵᠢ᠎ᠨᠢ ᠥᠭᠦᠯᠡᠪᠡ᠃
      ᠦᠷ᠎ᠡ ᠬᠤᠶ᠋ᠢᠴᠢᠰ᠎ᠲᠤ᠎ᠪᠠᠨ ᠠᠭᠤᠯᠠ᠎ᠨᠢ ᠰᠠᠶ᠋ᠢᠬᠠᠨ ᠤᠰᠤ᠎ᠨᠢ ᠲᠤᠩᠭ᠋ᠠᠯᠠᠭ ᠠᠮᠢ ᠠᠬᠤᠢ ᠵᠢᠨ ᠣᠷᠣᠨ ᠵᠠᠢ ᠦᠯᠡᠳᠡᠭᠡᠵᠦ ᠥᠭᠬᠦ᠎ᠳᠤ᠂ ᠥᠷᠭᠡᠨ ᠤᠯᠠᠨ ᠠᠷᠠᠳ ᠲᠦᠮᠡᠨ᠎ᠤ ᠢᠳᠡᠪᠬᠢᠵᠢᠯ᠂ ᠰᠠᠨᠠᠭ᠋ᠠᠴᠢᠯᠠᠭ᠎ᠠ᠂ ᠪᠦᠲᠦᠭᠡᠯᠴᠢ ᠴᠢᠨᠠᠷ᠎ᠢ᠎ᠨᠢ ᠭᠦᠢ᠍ᠴᠡᠳ ᠳᠠᠶ᠋ᠢᠴᠢᠯᠠᠬᠤ ᠬᠡᠷᠡᠭᠲᠡᠢ᠃
       ᠰᠢ ᠵᠢᠨ ᠫᠢᠩ ᠨᠥᠬᠦᠷ ᠵᠧᠵᠢᠶᠠᠩ᠎ᠳᠤ ᠠᠵᠢᠯᠯᠠᠵᠤ ᠪᠠᠶ᠋ᠢᠬᠤ ᠬᠤᠭᠤᠴᠠᠭ᠋ᠠᠨ᠎ᠳᠤ᠎ᠪᠠᠨ᠂ ᠠᠮᠢ ᠠᠬᠤᠢ ᠵᠢᠨ ᠰᠣᠶᠣᠯ᠎ᠢ ᠪᠣᠶ᠋ᠢᠵᠢᠭᠤᠯᠤᠨ ᠪᠠᠳᠠᠷᠠᠭᠤᠯᠬᠤ ᠵᠢ ᠮᠠᠰᠢ ᠴᠢᠬᠤᠯᠠᠴᠢᠯᠠᠪᠠ᠃ ᠪᠦᠬᠦ ᠨᠡᠶ᠋ᠢᠭᠡᠮ ᠵᠶ᠋ᠠᠷ ᠵᠶ᠋ᠠᠨ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠰᠡᠨ ᠣᠨᠣᠯᠵᠢᠬᠤᠨ᠎ᠢ ᠪᠠᠲᠤᠳᠬᠠᠨ ᠦᠢ᠍ᠯᠡᠳᠦᠯᠭᠡᠵᠢᠭᠦᠯᠬᠦ᠎ᠨᠢ ᠵᠧᠵᠢᠶᠠᠩ᠎ᠢ ᠠᠮᠢ ᠠᠬᠤᠢ ᠵᠢᠨ ᠮᠤᠵᠢ ᠪᠣᠯᠭ᠋ᠠᠨ ᠪᠦᠳᠦᠭᠡᠨ ᠪᠠᠶ᠋ᠢᠭᠤᠯᠬᠤ ᠵᠢᠨ ᠥᠨᠢᠳᠡ ᠵᠢᠨ ᠳᠣᠲᠣᠭ᠋ᠠᠳᠤ ᠬᠥᠳᠡᠯᠭᠡᠬᠦ ᠬᠦᠴᠦᠨ ᠪᠣᠯᠪᠠ᠃
      ᠰᠢᠨ᠎ᠡ ᠴᠠᠭ ᠦᠶ᠎ᠡ᠎ᠳᠤ ᠣᠷᠣᠭ᠋ᠠᠳ ᠶᠡᠷᠦᠩᠬᠡᠢ ᠱᠦᠵᠢ ᠰᠢ ᠵᠢᠨ ᠫᠢᠩ ᠨᠡᠶ᠋ᠢᠰᠯᠡᠯ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ 12 ᠵᠢᠯ ᠳᠠᠷᠠᠭ᠋ᠠᠯᠠᠭ᠋ᠠᠳ ᠲᠥᠷᠥᠭᠦᠯᠵᠦ ᠣᠷᠣᠯᠴᠠᠪᠠ᠃ ᠡᠨᠡ ᠵᠢᠯ ᠨᠡᠶ᠋ᠢᠰᠯᠡᠯ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠬᠤ᠎ᠳᠤ᠎ᠪᠠᠨ᠂ ᠶᠡᠷᠦᠩᠬᠡᠢ ᠱᠦᠵᠢ ᠤᠯᠠᠨ᠎ᠳᠤ 《ᠮᠣᠳᠣ ᠲᠠᠷᠢᠵᠤ ᠣᠶ᠋ᠢᠵᠢᠭᠤᠯᠬᠤ᠎ᠳᠤ ᠢᠳᠡᠪᠬᠢᠲᠡᠢ ᠣᠷᠣᠯᠴᠠᠵᠤ᠂ ᠬᠥᠮᠦᠨ ᠪᠦᠬᠦᠨ ᠨᠣᠭᠤᠭ᠋ᠠᠨ ᠡᠯᠴᠢ᠂ ᠠᠮᠢ ᠠᠬᠤᠢ ᠵᠢᠨ ᠬᠤᠰᠢᠭᠤᠴᠢ ᠪᠣᠯᠬᠤ᠎ᠪᠠᠷ ᠴᠢᠷᠮᠠᠶ᠋ᠢᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ ᠵᠶ᠋ᠠᠨ ᠪᠦᠳᠦᠭᠡᠨ ᠪᠠᠶ᠋ᠢᠭᠤᠯᠬᠤ᠎ᠳᠤ ᠬᠤᠪᠢ ᠨᠡᠮᠡᠷᠢ ᠦᠵᠡᠭᠦᠯᠵᠡᠭᠡᠶ᠎ᠡ》 ᠭᠡᠵᠦ ᠤᠷᠢᠶᠠᠯᠠᠪᠠ᠃ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ᠎ᠳᠤ ᠬᠥᠮᠦᠨ ᠪᠦᠬᠦᠨ ᠬᠠᠮᠵᠢᠯᠴᠠᠭᠰᠠᠨ᠂ ᠳᠡᠮᠵᠢᠭᠰᠡᠨ᠂ ᠣᠷᠣᠯᠴᠠᠭᠰᠠᠨ ᠨᠡᠶ᠋ᠢᠭᠡᠮ᠎ᠤᠨ ᠠᠭᠤᠷ ᠠᠮᠢᠰᠬᠤᠯ ᠠᠯᠬᠤᠮ ᠠᠯᠬᠤᠮ ᠵᠶ᠋ᠠᠷ ᠪᠤᠢ ᠪᠣᠯᠪᠠ᠃
      ᠦᠷ᠎ᠡ ᠬᠤᠶ᠋ᠢᠴᠢᠰ᠎ᠲᠤ᠎ᠪᠠᠨ ᠠᠭᠤᠯᠠ᠎ᠨᠢ ᠰᠠᠶ᠋ᠢᠬᠠᠨ ᠤᠰᠤ᠎ᠨᠢ ᠲᠤᠩᠭ᠋ᠠᠯᠠᠭ ᠠᠮᠢ ᠠᠬᠤᠢ ᠵᠢᠨ ᠣᠷᠣᠨ ᠵᠠᠢ ᠦᠯᠡᠳᠡᠭᠡᠵᠦ᠂ ᠴᠢᠨᠠᠷ ᠰᠠᠶ᠋ᠢᠲᠠᠢ ᠬᠥᠭᠵᠢᠯᠲᠡ ᠵᠢᠨ ᠨᠣᠭᠤᠭ᠋ᠠᠷᠠᠭᠤᠯᠤᠯᠲᠠ ᠵᠢ ᠤᠯᠠᠮ ᠵᠤᠵᠠᠭ᠋ᠠᠯᠠᠬᠤ ᠬᠡᠷᠡᠭᠲᠡᠢ᠃
      《ᠪᠢᠲᠠ ᠣᠲᠣᠭᠢᠴᠢᠯᠠᠬᠰᠠᠨ ᠣᠯᠣᠰ᠎ᠢ ᠪᠦᠲᠦᠭᠡᠨ ᠪᠠᠶ᠋ᠢᠭᠤᠯᠬᠤ᠎ᠳᠤ ᠠᠮᠧᠷᠢᠺᠠ ᠡᠸᠦ᠋ᠷᠦᠫᠡ ᠵᠢᠨ ᠬᠠᠭᠤᠴᠢᠨ ᠵᠠᠮ ᠵᠶ᠋ᠠᠷ ᠵᠠᠮᠨᠠᠵᠤ ᠪᠣᠯᠬᠤ ᠦᠭᠡᠢ᠂ ᠡᠰᠡ ᠲᠡᠭᠡᠪᠡᠯ ᠬᠡᠲᠣᠠ ᠲᠠᠯᠠᠭᠡᠢ ᠵᠢᠨ ᠪᠥᠮᠪᠥᠷᠴᠡᠭ ᠪᠠᠶ᠋ᠢᠭᠰᠠᠨ ᠴᠤ᠌ ᠪᠦᠷᠢᠯᠭᠡᠬᠦ ᠵᠢ ᠳᠠᠭ᠋ᠠᠭ᠋ᠠᠬᠤ ᠦᠭᠡᠢ᠃》 ᠭᠡᠰᠡᠨ ᠶᠡᠷᠦᠩᠬᠡᠢ ᠱᠦᠵᠢ ᠰᠢ ᠵᠢᠨ ᠫᠢᠩ᠎ᠤᠨ ᠪᠣᠬᠢᠷᠲᠤᠯ ᠦᠭᠡᠢ ᠬᠥᠭᠵᠢᠯᠲᠡ ᠵᠢᠨ ᠵᠠᠮ᠎ᠳᠠᠬᠢ ᠪᠣᠳᠣᠯᠬᠢᠯᠠᠯ᠎ᠨᠢ ᠮᠠᠰᠢ ᠭᠦᠨᠵᠡᠭᠡᠢ ᠪᠠᠶ᠋ᠢᠯ᠎ᠠ᠃
      ᠬᠥᠭᠵᠢᠯᠲᠡ ᠪᠣᠯ ᠨᠠᠮ᠎ᠤᠨ ᠲᠥᠷᠥ ᠪᠠᠷᠢᠵᠤ ᠤᠯᠤᠰ ᠵᠶ᠋ᠠᠨ ᠮᠠᠨᠳᠤᠭᠤᠯᠬᠤ ᠵᠢᠨ ᠲᠡᠷᠢᠭᠦᠨ ᠴᠢᠬᠤᠯᠠ ᠡᠭᠦᠷᠭᠡ ᠶᠤᠮ᠃ ᠪᠣᠬᠢᠷᠲᠤᠯ ᠦᠭᠡᠢ᠎ᠨᠢ ᠴᠢᠨᠠᠷ ᠰᠠᠶ᠋ᠢᠲᠠᠢ ᠬᠥᠭᠵᠢᠯᠲᠡ ᠵᠢᠨ ᠢᠯᠡ ᠲᠣᠳᠣ ᠳᠡᠪᠢᠰᠬᠡᠷ ᠥᠩᠭᠡ ᠪᠣᠯᠣᠨ᠎ᠠ᠃
       ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ ᠵᠶ᠋ᠠᠨ ᠪᠦᠳᠦᠭᠡᠨ ᠪᠠᠶ᠋ᠢᠭᠤᠯᠬᠤ ᠵᠢ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠲᠤᠪᠤᠶ᠋ᠢᠮ᠎ᠠ ᠪᠠᠶ᠋ᠢᠷᠢᠨ᠎ᠳᠤ ᠲᠠᠯᠪᠢᠵᠤ᠂ ᠨᠡᠭᠦᠷᠡᠰᠦᠲᠥ᠋ᠷᠥᠭᠴᠢ ᠵᠢ ᠤᠷᠬᠢᠯ ᠬᠡᠮᠵᠢᠭᠳᠡᠯ᠎ᠳᠤ ᠬᠦᠷᠭᠡᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠴᠢᠬᠤᠯᠠ ᠶᠡᠭᠡ ᠪᠠᠶ᠋ᠢᠯᠳᠤᠬᠤ ᠪᠤᠳᠤᠯᠭ᠎ᠠ ᠵᠢᠨ ᠰᠢᠢ᠍ᠳᠪᠦᠷᠢᠲᠦ ᠪᠤᠳᠤᠯᠭ᠎ᠠ ᠭᠠᠷᠭ᠋ᠠᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯ ᠠᠵᠤ ᠠᠬᠤᠢ ᠵᠢᠨ ᠬᠥᠭᠵᠢᠯᠲᠡ ᠵᠢ ᠪᠦᠬᠦ ᠲᠠᠯ᠎ᠠ᠎ᠪᠠᠷ ᠠᠬᠢᠭᠤᠯᠵᠤ᠂ ᠤᠢ ᠰᠢᠭᠤᠢ ᠵᠢᠨ ᠦᠢ᠍ᠯᠡᠰ᠎ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠤᠷᠰᠢᠯᠲᠠ ᠵᠢᠨ ᠴᠡᠭ᠎ᠤᠨ ᠪᠦᠳᠦᠭᠡᠨ ᠪᠠᠶ᠋ᠢᠭᠤᠯᠤᠯᠲᠠ ᠵᠢ ᠥᠷᠨᠢᠭᠦᠯᠵᠦ᠂ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠤᠭ᠋ᠠᠷᠠᠭᠤᠯᠤᠯᠲᠠ ᠵᠢ ᠥᠷᠭᠡᠳᠬᠡᠬᠦ ᠵᠢ ᠠᠵᠤ ᠠᠬᠤᠢ ᠵᠢ ᠨᠡᠮᠡᠭᠳᠡᠭᠦᠯᠬᠦ᠎ᠯᠦᠭᠡ ᠬᠠᠮᠵᠢᠯᠴᠠᠨ ᠠᠬᠢᠭᠤᠯᠬᠤ ᠁ ᠶᠡᠷᠦᠩᠬᠡᠢ ᠱᠦᠵᠢ ᠰᠢ ᠵᠢᠨ ᠫᠢᠩ ᠪᠠᠶ᠋ᠢᠯᠳᠤᠬᠤ ᠪᠤᠳᠤᠯᠭ᠎ᠠ ᠵᠢᠨ ᠲᠣᠭᠲᠠᠯ ᠬᠦᠴᠦᠨ ᠵᠶ᠋ᠠᠨ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠬᠤ ᠵᠢ ᠬᠦᠳᠦᠯᠦᠨ ᠳᠠᠭ᠋ᠠᠭᠤᠯᠪᠠ᠃
       ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠰᠢᠨᠲᠠᠷᠠᠰᠢ ᠦᠭᠡᠢ ᠵᠢᠳᠬᠦᠨ᠎ᠡ᠃ ᠲᠦᠮᠡᠨ ᠭᠠᠵᠠᠷ᠎ᠤᠨ ᠠᠭᠤᠯᠠ ᠭᠤᠣᠯ ᠨᠡᠩ ᠦᠵᠡᠰᠬᠦᠯᠡᠩᠲᠦ ᠰᠠᠶ᠋ᠢᠬᠠᠨ ᠪᠣᠯᠵᠤ᠂ ᠪᠢᠳᠡ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠠᠮᠢ ᠠᠬᠤᠢ ᠵᠢᠨ ᠭᠠᠶ᠋ᠢᠬᠠᠮᠰᠢᠭ᠂ ᠪᠣᠬᠢᠷᠲᠤᠯ ᠦᠭᠡᠢ ᠬᠥᠭᠵᠢᠯᠲᠡ ᠵᠢᠨ ᠭᠠᠶ᠋ᠢᠬᠠᠮᠰᠢᠭ᠎ᠢ ᠡᠭᠦᠳᠪᠡ᠃
       ᠨᠢᠳᠤᠨᠤᠨ᠎ᠤ ᠪᠦᠬᠦ ᠤᠯᠤᠰ᠎ᠤᠨ ᠠᠩᠬᠠᠳᠠᠭᠴᠢ ᠠᠮᠢ ᠠᠬᠤᠢ ᠵᠢᠨ ᠡᠳᠦᠷ ᠬᠦᠷᠴᠦ ᠢᠷᠡᠬᠦ ᠲᠠᠰᠢᠷᠠᠮ ᠵᠶ᠋ᠠᠷ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠵᠢᠭ᠋ᠠᠪᠤᠷᠢ ᠥᠭᠴᠦ᠄ 《ᠪᠦᠬᠦ ᠨᠡᠶ᠋ᠢᠭᠡᠮ ᠵᠶ᠋ᠠᠷ ᠵᠶ᠋ᠠᠨ ᠬᠥᠳᠡᠯᠦᠯᠴᠡᠵᠦ᠂ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠬᠦ ᠣᠨᠣᠯᠵᠢᠬᠤᠨ᠎ᠤ ᠢᠳᠡᠪᠬᠢᠲᠡᠢ ᠤᠯᠠᠮᠵᠢᠯᠠᠭᠴᠢ ᠪᠠ ᠵᠢᠱ᠌ᠢᠶᠡᠴᠢ》 ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃
       ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠵᠢᠯᠤᠭᠤᠳᠤᠯᠭ᠎ᠠ ᠳᠣᠣᠷ᠎ᠠ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯ᠎ᠤᠨ ᠲᠣᠭᠲᠠᠯᠴᠠᠭ᠎ᠠ ᠵᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠭᠡᠰᠡᠨ ᠶᠡᠭᠡ ᠶᠠᠪᠤᠳᠠᠯ᠎ᠢ ᠰᠠᠶ᠋ᠢᠲᠤᠷ ᠬᠢᠬᠦ᠎ᠳᠤ ᠪᠢᠳᠡ ᠠᠭᠤᠯᠠ᠎ᠨᠢ ᠰᠠᠶ᠋ᠢᠬᠠᠨ ᠤᠰᠤ᠎ᠨᠢ ᠲᠤᠩᠭ᠋ᠠᠯᠠᠭ ᠠᠮᠢ ᠠᠬᠤᠢ ᠵᠢᠨ ᠣᠷᠣᠨ ᠵᠠᠢ ᠵᠢ ᠦᠷᠭᠦᠯᠵᠢᠯᠡᠨ ᠪᠦᠲᠦᠭᠡᠵᠦ᠂ ᠠᠷᠠᠳ ᠲᠦᠮᠡᠨ᠎ᠳᠤ᠎ᠪᠠᠨ ᠪᠤᠶᠠᠨ ᠦᠢ᠍ᠯᠡᠳᠴᠦ᠂ ᠦᠷ᠎ᠡ ᠬᠤᠶ᠋ᠢᠴᠢᠰ᠎ᠲᠤ᠎ᠪᠠᠨ ᠬᠡᠰᠢᠭ ᠬᠦᠷᠲᠡᠭᠡᠶ᠎ᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ