ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠠᠵᠤ ᠠᠬᠤᠶ᠋ᠢᠯᠠᠯ ᠪᠠ ᠲᠤᠰᠬᠠᠢ ᠮᠡᠷᠭᠡᠵᠢᠯᠲᠡᠳ᠎ᠤᠨ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠭᠤᠣᠯ ᠰᠡᠳᠦᠪ᠎ᠢ ᠴᠢᠩᠭ᠎ᠠ ᠡᠵᠡᠮᠳᠡᠵᠦ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠡᠷᠡᠭᠲᠡᠢ ᠸᠠᠩ ᠬᠤ᠌ ᠨᠢᠩ ᠼᠠᠢ ᠴᠢ ᠬᠤᠷᠠᠯ᠎ᠳᠤ ᠣᠷᠣᠯᠴᠠᠵᠠᠢ
ᠨᠡᠶ᠋ᠢᠲᠡᠯᠡᠭᠰᠡᠨ ᠴᠠᠭ᠄ 2024-05-24

      ᠰᠢᠨᠬᠤᠸᠠ ᠬᠤᠷᠢᠶ᠎ᠠ ᠵᠢᠨ ᠵᠢᠨᠠᠨ᠎ᠤ 5 ᠰᠠᠷ᠎ᠠ ᠵᠢᠨ 23᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 5 ᠰᠠᠷ᠎ᠠ ᠵᠢᠨ 23᠎ᠤ ᠦᠳᠡ ᠵᠢᠨ ᠬᠤᠶ᠋ᠢᠨ᠎ᠠ ᠱᠠᠨᠳᠦ᠋ᠩ ᠮᠤᠵᠢ ᠵᠢᠨ ᠵᠢᠨᠠᠨ ᠬᠤᠳᠠ᠎ᠳᠤ ᠠᠵᠤ ᠠᠬᠤᠶ᠋ᠢᠯᠠᠯ ᠪᠠ ᠲᠤᠰᠬᠠᠢ ᠮᠡᠷᠭᠡᠵᠢᠯᠲᠡᠳ᠎ᠤᠨ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠠᠴᠠ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠤᠭ᠎ᠠ ᠶᠡᠭᠡ ᠠᠯᠤᠰ᠎ᠤᠨ ᠲᠥᠰᠥᠪ᠎ᠢ ᠵᠢᠷᠤᠭᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠭᠤᠣᠯ ᠡᠭᠦᠷᠭᠡ ᠵᠢ ᠲᠣᠭᠲᠠᠭ᠋ᠠᠪᠠ᠃ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠡᠨᠡ ᠬᠦ᠌ ᠭᠤᠣᠯ ᠰᠡᠳᠦᠪ᠎ᠢ ᠴᠢᠩᠭ᠎ᠠ ᠡᠵᠡᠮᠳᠡᠵᠦ᠂ ᠥᠭᠡᠷᠡᠴᠢᠯᠡᠯᠲᠡ ᠵᠢᠨ ᠭᠤᠣᠯᠳᠠᠯᠭ᠎ᠠ ᠵᠢ ᠲᠤᠪᠤᠶ᠋ᠢᠯᠭ᠋ᠠᠵᠤ᠂ ᠦᠷᠳᠡᠭ᠎ᠤᠨ ᠬᠠᠨᠳᠤᠰᠢ ᠵᠢ ᠪᠠᠲᠤ ᠡᠵᠡᠮᠳᠡᠵᠦ᠂ ᠠᠷᠭ᠎ᠠ ᠭᠡᠯᠪᠡᠷᠢ ᠠᠷᠭ᠎ᠠ ᠬᠡᠮᠵᠢᠶ᠎ᠡ ᠵᠢ ᠡᠷᠬᠢᠮᠯᠡᠵᠦ᠂ ᠭᠤᠣᠯ ᠡᠭᠦᠷᠭᠡ ᠵᠢ ᠪᠡᠶᠡᠯᠡᠭᠦᠯᠬᠦ᠂ ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ ᠵᠢ ᠪᠡᠶᠡᠯᠡᠭᠦᠯᠬᠦ᠎ᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
    11.jpg

      5 ᠰᠠᠷ᠎ᠠ ᠵᠢᠨ 23᠎ᠤ ᠦᠳᠡ ᠵᠢᠨ ᠬᠤᠶ᠋ᠢᠨ᠎ᠠ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠱᠠᠨᠳᠦ᠋ᠩ ᠮᠤᠵᠢ ᠵᠢᠨ ᠵᠢᠨᠠᠨ ᠬᠤᠳᠠ᠎ᠳᠤ ᠠᠵᠤ ᠠᠬᠤᠶ᠋ᠢᠯᠠᠯ ᠪᠠ ᠲᠤᠰᠬᠠᠢ ᠮᠡᠷᠭᠡᠵᠢᠯᠲᠡᠳ᠎ᠤᠨ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃
      ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ
       ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠸᠠᠩ ᠬᠤ᠌ ᠨᠢᠩ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠥᠪ᠎ᠤᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠶᠠᠷᠢᠯᠴᠠᠬᠤ ᠬᠤᠷᠠᠯ᠎ᠳᠤ ᠣᠷᠣᠯᠴᠠᠵᠠᠢ᠃
      ᠶᠠᠷᠢᠯᠴᠠᠬᠤ ᠬᠤᠷᠠᠯ ᠳᠡᠭᠡᠷ᠎ᠡ᠂ ᠤᠯᠤᠰ᠎ᠤᠨ ᠴᠠᠭᠢᠯᠭ᠋ᠠᠨ ᠬᠦᠴᠦᠨ᠎ᠤ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠬᠢᠵᠠᠭ᠋ᠠᠷᠲᠤ ᠺᠤᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠯᠢᠦ ᠮᠢᠩ ᠱᠧᠩ᠂ ᠱᠧᠨᠵᠧᠨ ᠬᠤᠳᠠ ᠵᠢᠨ ᠰᠢᠨ᠎ᠡ ᠵᠢ ᠡᠭᠦᠳᠬᠦ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠬᠢᠵᠠᠭ᠋ᠠᠷᠲᠤ ᠺᠤᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ᠂ ᠨᠠᠮ᠎ᠤᠨ ᠬᠤᠷᠢᠶ᠎ᠠ ᠵᠢᠨ ᠱᠦᠵᠢ ᠽᠦᠸᠧ ᠳ᠋ᠢᠩ᠂ ᠠᠨ ᠲᠠ ᠪᠡᠶ᠎ᠡ ᠵᠢᠨ ᠲᠠᠮᠢᠷ᠎ᠤᠨ ᠬᠡᠷᠡᠭᠰᠡᠯ᠎ᠤᠨ ᠪᠦᠯᠦᠭᠯᠡᠯ᠎ᠤᠨ ᠬᠢᠵᠠᠭ᠋ᠠᠷᠲᠤ ᠺᠤᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠳ᠋ᠢᠩ ᠱ᠌ᠢ ᠵᠦᠩ᠂ ᠵᠧᠵᠢᠶᠠᠩ᠎ᠤᠨ ᠴᠤᠸᠠᠨ ᠬᠤᠸᠠ ᠪᠦᠯᠦᠭᠯᠡᠯ᠎ᠤᠨ ᠬᠢᠵᠠᠭ᠋ᠠᠷᠲᠤ ᠺᠤᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠰᠢᠦᠢ ᠭᠤᠸᠠᠨ ᠵᠢᠦᠢ᠂ ᠭᠧᠷᠮᠠᠨ᠎ᠤ ᠪᠦᠸᠧ ᠱ᠌ᠢ (ᠲᠤᠮᠳᠠᠳᠤ ᠤᠯᠤᠰ) ᠪᠡᠯᠡ ᠤᠷᠤᠭᠤᠯᠤᠯᠳᠠ ᠵᠢᠨ ᠬᠢᠵᠠᠭ᠋ᠠᠷᠲᠤ ᠺᠤᠮᠫᠠᠨᠢ ᠵᠢᠨ ᠶᠡᠷᠦᠩᠬᠡᠢ ᠳᠠᠭ᠋ᠠᠭ᠋ᠠᠮᠠᠯ ᠰᠢᠦᠢ ᠳ᠋ᠠ ᠴᠢᠤᠸᠠᠨ᠂ ᠰᠢᠶᠠᠩᠭ᠋ᠠᠩ᠎ᠤᠨ ᠹᠧᠩ ᠣᠪᠣᠭᠲᠤ ᠵᠢᠨ ᠪᠦᠯᠦᠭᠯᠡᠯ᠎ᠤᠨ ᠲᠡᠷᠢᠭᠦᠯᠡᠭᠴᠢ ᠹᠧᠩ ᠭᠦᠸᠧ ᠵᠢᠩ᠂ ᠪᠡᠭᠡᠵᠢᠩ ᠶᠡᠭᠡ ᠰᠤᠷᠭ᠋ᠠᠭᠤᠯᠢ ᠵᠢᠨ ᠤᠯᠤᠰ᠎ᠤᠨ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠫᠷᠤᠹᠧᠰᠰᠤᠷ ᠵᠧᠦ ᠴᠢ ᠷᠧᠨ᠂ ᠳᠤᠮᠳᠠᠳᠤ ᠤᠯᠤᠰ᠎ᠤᠨ ᠬᠤᠷᠸ᠎ᠠ ᠠᠵᠤ ᠠᠬᠤᠢ ᠵᠢᠨ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠬᠤᠸᠠᠩ ᠬᠠᠨ ᠴᠢᠤᠸᠠᠨ᠂ ᠳᠤᠮᠳᠠᠳᠤ ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠡᠯᠡᠬᠡᠢ ᠵᠢᠨ ᠠᠵᠤ ᠠᠬᠤᠢ ᠪᠣᠯᠣᠨ ᠤᠯᠤᠰ ᠲᠦᠷᠦ ᠵᠢᠨ ᠰᠤᠳᠤᠯᠭ᠋ᠠᠨ᠎ᠤ ᠭᠠᠵᠠᠷ᠎ᠤᠨ ᠳᠡᠳ᠋ ᠳᠠᠷᠤᠭ᠎ᠠ ᠵᠠᠩ ᠪᠢᠨ ᠵᠡᠷᠭᠡ 9 ᠠᠵᠤ ᠠᠬᠤᠶ᠋ᠢᠯᠠᠯ ᠪᠣᠯᠣᠨ ᠲᠤᠰᠬᠠᠢ ᠮᠡᠷᠭᠡᠵᠢᠯᠲᠡᠨ᠎ᠤ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠴᠠᠭᠢᠯᠭ᠋ᠠᠨ ᠬᠦᠴᠦᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠬᠥᠭᠵᠢᠯᠲᠡ ᠵᠢᠨ ᠲᠦᠭᠰᠢᠭᠦᠷᠢᠳᠤ ᠪᠡᠯᠡ ᠣᠷᠣᠭᠤᠯᠤᠯᠲᠠ᠂ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ ᠵᠶ᠋ᠠᠷ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠭᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠤᠨ ᠪᠦᠷᠢᠨᠰᠢᠭᠦᠯᠬᠦ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ᠂ ᠰᠢᠶᠠᠩᠭ᠋ᠠᠩ᠎ᠤᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠨᠡᠩ ᠰᠠᠶ᠋ᠢᠲᠤᠷ ᠠᠭᠤᠰᠤᠯᠴᠠᠬᠤ ᠵᠢ ᠠᠬᠢᠭᠤᠯᠬᠤ᠂ ᠤᠯᠠᠨ ᠲᠦᠮᠡᠨ᠎ᠤ ᠥᠭᠡᠷᠡᠴᠢᠯᠡᠯᠲᠡ ᠵᠢᠨ ᠬᠦᠷᠲᠡᠮᠵᠢ ᠵᠢᠨ ᠲᠥᠷᠥᠭᠳᠡᠯ᠎ᠢ ᠨᠡᠮᠡᠭᠳᠡᠭᠦᠯᠬᠦ᠂ ᠬᠤᠳᠠ ᠬᠥᠳᠡᠭᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠬᠤ᠂ ᠬᠤᠷᠸ᠎ᠠ ᠠᠵᠤ ᠠᠬᠤᠢ ᠵᠢᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ ᠵᠡᠷᠭᠡ ᠲᠠᠯ᠎ᠠ᠎ᠪᠠᠷ ᠰᠠᠨᠠᠯ ᠰᠠᠨᠠᠭᠤᠯᠭ᠎ᠠ ᠳᠤᠷᠠᠳᠴᠠᠢ᠃ ᠦᠭᠡ ᠬᠡᠯᠡᠬᠦ ᠶᠠᠪᠤᠴᠠ᠎ᠳᠤ᠂ ᠰᠢ ᠵᠢᠨ ᠫᠢᠩ ᠤᠯᠠᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠲᠤᠬᠠᠢ ᠵᠢᠨ ᠲᠠᠯᠠᠪᠠᠢ ᠵᠢᠨ ᠠᠭᠤᠷ ᠠᠮᠢᠰᠬᠤᠯ ᠭᠦᠷ ᠬᠥᠭᠵᠢᠶᠡᠨ᠎ᠲᠠᠢ ᠪᠠᠶ᠋ᠢᠯ᠎ᠠ᠃
      ᠤᠯᠠᠨ᠎ᠤ ᠦᠭᠡ ᠬᠡᠯᠡᠬᠦ ᠵᠢ ᠰᠣᠨᠣᠰᠤᠭᠰᠠᠨ᠎ᠤ ᠳᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ᠎ᠤᠨ ᠲᠥᠪ ᠬᠤᠷᠢᠶ᠎ᠠ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠴᠢᠬᠤᠯᠠ ᠪᠢᠴᠢᠭ ᠮᠠᠲ᠋ᠧᠷᠢᠶᠠᠯ᠎ᠢ ᠲᠣᠭᠲᠠᠭ᠋ᠠᠬᠤ᠎ᠳᠤ ᠴᠥᠮ ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠵᠦ᠂ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠥᠷᠭᠡᠨ ᠵᠶ᠋ᠠᠷ ᠰᠣᠨᠣᠰᠳᠠᠭ᠂ ᠡᠨᠡ ᠪᠣᠯ ᠮᠠᠨ᠎ᠤ ᠨᠠᠮ᠎ᠤᠨ ᠢᠮᠠᠭᠲᠠ ᠵᠢᠨ ᠠᠷᠭ᠎ᠠ ᠬᠢᠳᠡᠯ ᠪᠠ ᠰᠢᠯᠢᠳᠡᠭ ᠤᠯᠠᠮᠵᠢᠯᠠᠯ ᠪᠣᠯᠣᠨ᠎ᠠ᠃ ᠤᠯᠠᠨ᠎ᠤ ᠳᠤᠷᠠᠳᠤᠭᠰᠠᠨ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠰᠠᠨᠠᠯ ᠰᠠᠨᠠᠭᠤᠯᠭ᠎ᠠ ᠵᠢ ᠬᠤᠯᠪᠣᠭᠳᠠᠯ ᠪᠦᠬᠦᠢ ᠲᠠᠯ᠎ᠠ ᠵᠢᠨ᠎ᠬᠢᠨ ᠨᠠᠷᠢᠨ ᠬᠢᠨᠠᠮᠠᠭ᠋ᠠᠢ ᠰᠤᠳᠤᠯᠵᠤ ᠰᠢᠩᠭᠡᠬᠡᠨ ᠠᠪᠬᠤ ᠬᠡᠷᠡᠭᠲᠡᠢ ᠭᠡᠵᠦ ᠢᠯᠡᠳᠬᠡᠪᠡ᠃
       ᠰᠢ ᠵᠢᠨ ᠫᠢᠩ᠂ ᠥᠭᠡᠷᠡᠴᠢᠯᠡᠯᠲᠡ ᠪᠣᠯ ᠬᠥᠭᠵᠢᠯᠲᠡ ᠵᠢᠨ ᠬᠥᠳᠡᠯᠭᠡᠬᠦ ᠬᠦᠴᠦᠨ ᠮᠥᠨ᠃ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠳᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠢ ᠲᠡᠭᠦᠯᠳᠡᠷᠵᠢᠭᠦᠯᠦᠨ ᠬᠥᠭᠵᠢᠭᠦᠯᠬᠦ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠡᠨᠡ ᠬᠦ᠌ ᠶᠡᠷᠦᠩᠬᠡᠢ ᠬᠠᠷᠠᠯᠲᠠ ᠵᠢ ᠴᠢᠩᠭ᠎ᠠ ᠡᠵᠡᠮᠳᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠵᠢ ᠴᠢᠩᠭ᠎ᠠ ᠡᠵᠡᠮᠳᠡᠵᠦ᠂ ᠬᠠᠷᠠᠯᠲᠠ᠎ᠪᠠᠷ ᠤᠳᠤᠷᠢᠳᠤᠮᠵᠢ ᠪᠤᠯᠭ᠋ᠠᠬᠤ ᠪᠠ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠠᠰᠠᠭᠤᠳᠠᠯ᠎ᠳᠤ ᠬᠠᠨᠳᠤᠵᠤ᠂ ᠠᠰᠠᠭᠤᠳᠠᠯ᠎ᠢ ᠠᠩᠬᠠᠷᠤᠨ ᠵᠠᠯᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠵᠢ ᠬᠠᠷᠰᠢᠯᠠᠵᠤ ᠪᠠᠶ᠋ᠢᠭ᠎ᠠ ᠦᠵᠡᠯ ᠰᠠᠨᠠᠭ᠎ᠠ ᠣᠶ᠋ᠢᠯᠠᠭ᠋ᠠᠭᠳᠠᠬᠤᠨ ᠪᠣᠯᠣᠨ ᠪᠠᠶ᠋ᠢᠭᠤᠯᠤᠮᠵᠢ ᠲᠣᠭᠲᠠᠴᠠ ᠵᠢᠨ ᠭᠡᠮ ᠰᠣᠭᠤᠭ᠎ᠢ ᠡᠷᠡᠰ ᠠᠷᠢᠯᠭ᠋ᠠᠵᠤ᠂ ᠭᠦᠨ ᠳᠠᠪᠬᠤᠷᠭ᠎ᠠ ᠵᠢᠨ ᠪᠠᠶ᠋ᠢᠭᠤᠯᠤᠮᠵᠢ ᠲᠣᠭᠲᠠᠴᠠ ᠵᠢᠨ ᠬᠠᠷᠰᠢ ᠰᠠᠭ᠋ᠠᠳ ᠪᠣᠯᠣᠨ ᠪᠦᠲᠦᠴᠡ ᠵᠢᠨ ᠴᠢᠨᠠᠷᠲᠠᠢ ᠵᠥᠷᠢᠴᠡᠯ᠎ᠢ ᠬᠦᠴᠦᠯᠡᠨ ᠰᠢᠢ᠍ᠳᠪᠦᠷᠢᠯᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠲᠠᠰᠤᠷᠠᠯᠲᠠ ᠦᠭᠡᠢ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠬᠦᠴᠦᠲᠡᠢ ᠳᠦᠷᠢᠮ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠳᠤ ᠭᠤᠣᠯ ᠵᠥᠷᠢᠴᠡᠯ ᠪᠣᠯᠣᠨ ᠵᠥᠷᠢᠴᠡᠯ᠎ᠤᠨ ᠭᠤᠣᠯ ᠲᠠᠯ᠎ᠠ ᠵᠢ ᠠᠳᠬᠤᠬᠤ ᠬᠡᠷᠡᠭᠲᠡᠢ᠃ ᠮᠠᠨ᠎ᠤ ᠤᠯᠤᠰ᠎ᠤᠨ ᠦᠨᠳᠦᠰᠦᠨ ᠠᠵᠤ ᠠᠬᠤᠢ ᠵᠢᠨ ᠳᠦᠷᠢᠮ᠎ᠢ ᠪᠠᠷᠢᠮᠲᠠᠯᠠᠨ ᠬᠥᠭᠵᠢᠭᠦᠯᠵᠦ᠂ ᠥᠨᠳᠥᠷ ᠲᠦᠪᠰᠢᠨ ᠪᠦᠬᠦᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠶ᠋ᠢᠭᠤᠯᠤᠮᠵᠢ ᠵᠢ ᠪᠠᠶ᠋ᠢᠭᠤᠯᠵᠤ᠂ ᠬᠤᠷᠸ᠎ᠠ ᠠᠵᠤ ᠠᠬᠤᠢ ᠵᠢᠨ ᠵᠠᠰᠠᠯᠲᠠ ᠵᠢᠨ ᠰᠢᠰᠲ᠋ᠧᠮ ᠪᠠ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠠᠶ᠋ᠢᠭᠤᠯᠤᠮᠵᠢ ᠲᠣᠭᠲᠠᠴᠠ ᠵᠢ ᠪᠦᠷᠢᠨᠰᠢᠭᠦᠯᠵᠦ᠂ ᠪᠦᠭᠦ ᠲᠠᠯ᠎ᠠ᠎ᠪᠠᠷ ᠰᠢᠨ᠎ᠡ ᠵᠢ ᠡᠭᠦᠳᠬᠦ᠂ ᠬᠤᠳᠠ ᠬᠥᠳᠡᠭᠡ ᠵᠢᠨ ᠠᠭᠤᠰᠤᠯᠴᠠᠨ ᠬᠥᠭᠵᠢᠬᠦ ᠵᠡᠷᠭᠡ ᠵᠢ ᠳᠡᠮᠵᠢᠬᠦ ᠪᠠᠶ᠋ᠢᠭᠤᠯᠤᠮᠵᠢ ᠲᠣᠭᠲᠠᠴᠠ ᠵᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠢ ᠴᠢᠨᠠᠭᠰᠢᠳᠠ ᠴᠢᠯᠦᠭᠡᠯᠡᠨ ᠬᠥᠭᠵᠢᠭᠦᠯᠵᠦ᠂ ᠨᠡᠶ᠋ᠢᠭᠡᠮ᠎ᠤᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠵᠦ᠂ ᠦᠢ᠍ᠯᠡᠳᠪᠦᠷᠢᠯᠡᠯ᠎ᠤᠨ ᠬᠠᠷᠢᠴᠠᠭ᠎ᠠ ᠪᠣᠯᠣᠨ ᠦᠢ᠍ᠯᠡᠳᠪᠦᠷᠢᠯᠡᠯ᠎ᠤᠨ ᠬᠦᠴᠦᠨ᠂ ᠳᠡᠭᠡᠳᠦ ᠳᠠᠪᠬᠤᠷᠭ᠎ᠠ ᠪᠣᠯᠣᠨ ᠠᠵᠤ ᠠᠬᠤᠢ ᠵᠢᠨ ᠰᠠᠭᠤᠷᠢ ᠵᠢᠨ ᠨᠡᠩ ᠰᠠᠶ᠋ᠢᠨ ᠵᠣᠬᠢᠴᠠᠬᠤ ᠵᠢ ᠠᠬᠢᠭᠤᠯᠬᠤ ᠬᠡᠷᠡᠭᠲᠡᠢ᠃ ᠠᠵᠤ ᠠᠬᠤᠢ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠠᠬᠢᠭᠤᠯᠬᠤ᠎ᠳᠤ ᠪᠣᠳᠠᠲᠤ ᠬᠡᠷᠡᠭᠴᠡᠭᠡ᠎ᠠᠴᠠ ᠡᠭᠦᠰᠴᠦ᠂ ᠬᠠᠮᠤᠭ᠎ᠤᠨ ᠲᠤᠯᠭ᠋ᠠᠮ ᠶᠠᠪᠤᠳᠠᠯ᠎ᠠᠴᠠ ᠡᠬᠢᠯᠡᠨ ᠠᠳᠬᠤᠵᠤ᠂ ᠦᠢ᠍ᠯᠡᠳᠦᠯᠭᠡ ᠵᠢᠨ ᠠᠰᠠᠭᠤᠳᠠᠯ᠎ᠢ ᠰᠢᠢ᠍ᠳᠪᠦᠷᠢᠯᠡᠬᠦ ᠳᠤᠮᠳᠠ ᠤᠨᠤᠯ᠎ᠤᠨ ᠰᠢᠨ᠎ᠡ ᠡᠭᠦᠳᠦᠯᠲᠡ ᠵᠢ ᠭᠦᠨᠵᠡᠭᠡᠶ᠋ᠢᠷᠡᠭᠦᠯᠵᠦ᠂ ᠳᠦᠷᠢᠮ᠎ᠤᠨ ᠰᠢᠨ᠎ᠡ ᠡᠭᠦᠳᠦᠯᠲᠡ ᠵᠢ ᠠᠬᠢᠭᠤᠯᠬᠤ ᠬᠡᠷᠡᠭᠲᠡᠢ᠃ ᠪᠤᠰᠤᠳ ᠬᠦᠷᠢᠶᠡᠨ᠎ᠤ ᠥᠭᠡᠷᠡᠴᠢᠯᠡᠯᠲᠡ ᠴᠦ᠍ ᠪᠦᠭᠦ ᠲᠠᠯ᠎ᠠ ᠵᠢᠨ ᠴᠢᠨᠠᠷᠲᠠᠢ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠲᠥᠯᠥᠪᠯᠡᠵᠦ᠂ ᠬᠥᠲᠥᠯᠪᠦᠷᠢ ᠵᠢ ᠠᠳᠬᠤᠪᠠᠯ ᠠᠯᠢᠪᠠ ᠪᠦᠭᠦᠨ ᠳᠠᠭ᠋ᠠᠯᠳᠤᠨ ᠰᠢᠢ᠍ᠳᠪᠦᠷᠢᠯᠡᠭᠳᠡᠬᠦ ᠵᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠪᠣᠯ ᠳᠠᠷᠤᠢ ᠪᠢᠳᠡᠨ᠎ᠤ ᠲᠡᠮᠡᠴᠡᠬᠦ ᠬᠠᠷᠠᠯᠲᠠ ᠮᠥᠨ᠂ ᠥᠭᠡᠷᠡᠴᠢᠯᠡᠯᠲᠡ ᠵᠢ ᠠᠳᠬᠤᠵᠤ᠂ ᠬᠥᠭᠵᠢᠯᠲᠡ ᠵᠢ ᠠᠬᠢᠭᠤᠯᠬᠤ᠎ᠨᠢ ᠡᠴᠦᠰ᠎ᠤᠨ ᠡᠴᠦᠰ᠎ᠲᠡᠭᠡᠨ ᠠᠷᠠᠳ ᠲᠦᠮᠡᠨ᠎ᠢ ᠨᠡᠩ ᠰᠠᠶ᠋ᠢᠨ ᠰᠠᠶ᠋ᠢᠬᠠᠨ ᠠᠮᠢᠳᠤᠷᠠᠭᠤᠯᠬᠤ ᠵᠢᠨ ᠲᠥᠯᠥᠭᠡ ᠶᠤᠮ᠃ ᠠᠷᠠᠳ ᠲᠦᠮᠡᠨ᠎ᠤ ᠪᠦᠬᠦᠯᠢ ᠴᠣᠭᠴᠠ ᠵᠢᠨ ᠠᠰᠢᠭ ᠲᠤᠰᠠ᠂ ᠦᠨᠳᠦᠰᠦᠨ ᠠᠰᠢᠭ ᠲᠤᠰᠠ᠂ ᠠᠯᠤᠰ ᠭᠡᠳᠤ ᠵᠢᠨ ᠠᠰᠢᠭ ᠲᠤᠰᠠ᠎ᠠᠴᠠ ᠡᠭᠦᠰᠴᠦ ᠥᠭᠡᠷᠡᠴᠢᠯᠡᠯᠲᠡ ᠵᠢ ᠲᠥᠯᠥᠪᠵᠢᠭᠦᠯᠦᠨ ᠠᠬᠢᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠤᠯᠠᠨ ᠲᠦᠮᠡᠨᠴᠢ ᠱᠤᠭᠤᠮ ᠵᠶ᠋ᠠᠷ ᠰᠠᠶ᠋ᠢᠲᠤᠷ ᠵᠠᠮᠨᠠᠵᠤ᠂ ᠠᠵᠢᠯ ᠣᠯᠭᠤᠯᠲᠠ᠂ ᠣᠷᠣᠯᠭ᠎ᠠ ᠵᠢ ᠨᠡᠮᠡᠭᠳᠡᠭᠦᠯᠬᠦ᠂ ᠰᠤᠷᠭ᠋ᠠᠭᠤᠯᠢ᠎ᠳᠤ ᠣᠷᠣᠬᠤ᠂ ᠡᠪᠡᠳᠴᠢᠨ ᠦᠵᠡᠭᠦᠯᠭᠦ᠂ ᠣᠷᠣᠨ ᠰᠠᠭᠤᠴᠠ᠂ ᠠᠵᠢᠯ ᠶᠠᠪᠤᠳᠠᠯ ᠡᠷᠭᠢᠯᠡᠭᠦ᠂ ᠬᠡᠦᠬᠡᠳ ᠰᠠᠭ᠋ᠠᠲᠠᠭᠤᠯᠬᠤ ᠨᠠᠰᠤᠵᠢᠯ᠎ᠤᠨ ᠠᠰᠠᠷᠠᠮᠵᠢ ᠵᠢᠴᠢ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠵᠡᠷᠭᠡ ᠤᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶ᠋ᠢᠭ᠎ᠠ ᠶᠠᠪᠤᠳᠠᠯ ᠳᠤᠮᠳᠠ᠎ᠠᠴᠠ ᠥᠭᠡᠷᠡᠴᠢᠯᠡᠯᠲᠡ ᠵᠢᠨ ᠬᠦᠴᠦᠯᠡᠬᠦ ᠴᠡᠭ ᠪᠠ ᠰᠢᠪᠲᠤᠯᠤᠯᠲᠠ ᠵᠢᠨ ᠴᠡᠭ᠎ᠢ ᠣᠨᠣᠪᠴᠢᠲᠠᠢ ᠡᠷᠢᠵᠦ ᠣᠯᠬᠤ ᠵᠢ ᠴᠢᠬᠤᠯᠠᠴᠢᠯᠠᠵᠤ᠂ ᠠᠷᠠᠳ᠎ᠤᠨ ᠠᠮᠢᠳᠤᠷᠠᠯ᠎ᠳᠤ ᠪᠠᠴᠢᠮ ᠬᠡᠷᠡᠭᠰᠡᠬᠦ᠂ ᠠᠷᠠᠳ᠎ᠤᠨ ᠬᠦᠰᠡᠵᠦ ᠪᠤᠳᠤᠵᠤ ᠪᠠᠶ᠋ᠢᠭ᠎ᠠ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠢᠯᠡᠭᠦᠬᠡᠨ ᠭᠠᠷᠭ᠋ᠠᠵᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ᠂ ᠠᠷᠠᠳ᠎ᠤᠨ ᠰᠠᠨᠠᠭ᠋ᠠᠨ᠎ᠳᠤ ᠨᠡᠶ᠋ᠢᠴᠡᠬᠦ ᠪᠣᠳᠠᠲᠤ ᠶᠠᠪᠤᠳᠠᠯ᠎ᠢ ᠢᠯᠡᠭᠦᠬᠡᠨ ᠬᠢᠵᠦ᠂ ᠥᠭᠡᠷᠡᠴᠢᠯᠡᠯᠲᠡ᠎ᠪᠠᠷ ᠠᠷᠠᠳ ᠤᠯᠠᠨ᠎ᠳᠤ ᠨᠡᠩ ᠤᠯᠠᠨ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ ᠣᠯᠭᠤᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠥᠭᠡᠷᠡᠴᠢᠯᠡᠯᠲᠡ᠎ᠳᠤ ᠡᠪᠳᠡᠬᠦ ᠪᠠᠶ᠋ᠢᠭᠤᠯᠬᠤ ᠶᠠᠪᠤᠳᠠᠯ ᠪᠦᠷ ᠪᠠᠶ᠋ᠢᠵᠤ᠂ ᠵᠢᠮ᠎ᠡ ᠶᠣᠰᠣ ᠵᠢ᠎ᠨᠢ ᠣᠯᠪᠠᠯ ᠤᠷᠤᠭᠤᠯᠬᠤ ᠬᠦᠴᠦ᠎ᠨᠢ ᠪᠠᠭ᠎ᠠ ᠣᠯᠬᠤ ᠠᠮᠵᠢᠯᠲᠠ᠎ᠨᠢ ᠶᠡᠭᠡ ᠶᠤᠮ᠂ ᠵᠢᠮ᠎ᠡ ᠶᠣᠰᠣ᠎ᠪᠠᠷ᠎ᠨᠢ ᠡᠰᠡ ᠶᠠᠪᠤᠪᠠᠯ ᠤᠷᠤᠭᠤᠯᠬᠤ ᠬᠦᠴᠦ᠎ᠨᠢ ᠶᠡᠭᠡ ᠴᠦ᠍ ᠣᠯᠬᠤ ᠠᠮᠵᠢᠯᠲᠠ᠎ᠨᠢ ᠪᠠᠭ᠎ᠠ ᠪᠠᠶ᠋ᠢᠵᠤ ᠲᠡᠷᠡᠴᠢᠯᠡᠨ ᠨᠠᠵᠠᠭ᠋ᠠᠢ ᠦᠢ᠍ᠯᠡᠳᠦᠯ ᠭᠠᠷᠭ᠋ᠠᠵᠤ ᠮᠡᠳᠡᠨ᠎ᠠ᠃ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠥᠭᠡᠷᠡᠴᠢᠯᠡᠯᠲᠡ᠎ᠨᠢ ᠬᠡᠷᠬᠢᠨ ᠥᠭᠡᠷᠡᠴᠢᠯᠡᠭᠰᠡᠨ ᠴᠤ᠌᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ᠂ ᠮᠠᠷᠺᠰ᠎ᠤᠨ ᠦᠵᠡᠯ᠎ᠢ ᠪᠠᠷᠢᠮᠲᠠᠯᠠᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ᠎ᠢ ᠪᠠᠷᠢᠮᠲᠠᠯᠠᠬᠤ᠂ ᠠᠷᠠᠳ᠎ᠤᠨ ᠠᠷᠠᠳᠴᠢᠯᠠᠭᠰᠠᠨ ᠳᠠᠷᠤᠩᠭᠤᠶ᠋ᠢᠯᠠᠬᠤ ᠵᠠᠰᠠᠭ᠎ᠢ ᠪᠠᠷᠢᠮᠲᠠᠯᠠᠬᠤ ᠵᠡᠷᠭᠡ ᠦᠨᠳᠦᠰᠦᠨ ᠵᠦᠢ᠍ᠯ᠎ᠢ ᠶᠠᠭ᠋ᠠᠬᠢᠭᠰᠠᠨ ᠴᠤ᠌ ᠭᠤᠶ᠋ᠢᠪᠢᠯᠵᠠᠭᠤᠯᠵᠤ ᠪᠤᠯᠬᠤ ᠦᠭᠡᠢ᠂ ᠡᠭᠦᠨ᠎ᠤ ᠵᠡᠷᠭᠡᠪᠡᠷ ᠵᠣᠷᠢᠭᠲᠠᠢ᠎ᠪᠠᠷ ᠰᠢᠨ᠎ᠡ ᠵᠢ ᠡᠭᠦᠳᠴᠦ᠂ ᠥᠭᠡᠷᠡᠴᠢᠯᠡᠬᠦ ᠶᠣᠰᠣᠲᠠᠢ᠂ ᠥᠭᠡᠷᠡᠴᠢᠯᠡᠵᠦ ᠪᠤᠯᠬᠤ ᠵᠢ᠎ᠨᠢ ᠰᠠᠶ᠋ᠢᠲᠤᠷ ᠥᠭᠡᠷᠡᠴᠢᠯᠡᠵᠦ᠂ ᠲᠤᠶ᠋ᠢᠯᠪᠤᠷᠢᠲᠠᠢ ᠥᠭᠡᠷᠡᠴᠢᠯᠡᠵᠦ᠂ ᠣᠨᠣᠪᠴᠢᠲᠠᠢ ᠲᠠᠨᠢᠪᠠᠯ ᠡᠷᠡᠰ ᠭᠤᠶ᠋ᠢᠪᠢᠰᠢ ᠦᠭᠡᠢ ᠠᠳᠬᠤᠬᠤ ᠬᠡᠷᠡᠭᠲᠡᠢ᠃ ᠥᠭᠡᠷᠡᠴᠢᠯᠡᠯᠲᠡ ᠬᠢᠬᠦ᠎ᠳᠤ ᠰᠢᠰᠲ᠋ᠧᠮ᠎ᠤᠨ ᠬᠤᠷᠠᠮᠠᠯ᠎ᠢ ᠨᠡᠩ ᠴᠢᠬᠤᠯᠠᠴᠢᠯᠠᠵᠤ᠂ ᠪᠦᠭᠦ ᠲᠠᠯ᠎ᠠ ᠵᠢᠨ ᠦᠵᠡᠯᠲᠡ ᠪᠠ ᠰᠢᠰᠲ᠋ᠧᠮᠲᠦ ᠰᠡᠳᠬᠢᠬᠦᠢ᠎ᠪᠠᠷ ᠲᠥᠰᠥᠪᠯᠡᠨ ᠠᠬᠢᠭᠤᠯᠬᠤ ᠵᠢ ᠪᠠᠷᠢᠮᠲᠠᠯᠠᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠵᠣᠬᠢᠴᠠᠭᠤᠯᠤᠨ ᠲᠥᠭᠦᠷᠵᠢᠭᠦᠯᠭᠦ ᠵᠢ ᠴᠢᠩᠭ᠋ᠠᠳᠬᠠᠵᠤ᠂ ᠡᠯ᠎ᠡ ᠬᠦᠷᠢᠶ᠎ᠡ ᠡᠯ᠎ᠡ ᠲᠠᠯ᠎ᠠ ᠵᠢᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢᠨ ᠠᠳᠠᠯᠢ ᠴᠢᠭᠯᠡᠯ ᠵᠶ᠋ᠠᠷ ᠬᠦᠴᠦᠯᠡᠬᠦ᠂ ᠨᠡᠶ᠋ᠢᠯᠡᠯ ᠬᠦᠴᠦᠨ᠎ᠢ ᠪᠤᠢ ᠪᠤᠯᠭ᠋ᠠᠬᠤ ᠵᠢ ᠲᠦᠯᠬᠢᠨ ᠠᠬᠢᠭᠤᠯᠵᠤ᠂ ᠪᠦᠬᠦᠯᠢ ᠴᠣᠭᠴᠠ ᠵᠢᠨ ᠦᠢ᠍ᠯᠡᠳᠦᠯ ᠴᠢᠳᠠᠪᠤᠷᠢ ᠵᠢ ᠴᠢᠩᠭ᠋ᠠᠳᠬᠠᠵᠤ᠂ ᠬᠤᠪᠢ ᠬᠤᠪᠢᠨ᠎ᠤ ᠪᠤᠳᠤᠬᠰᠠᠨ ᠵᠶ᠋ᠠᠷ ᠵᠶ᠋ᠠᠨ ᠬᠢᠬᠦ᠂ ᠬᠠᠷᠢᠯᠴᠠᠨ ᠬᠠᠷᠰᠢᠯᠠᠬᠤ ᠦᠵᠡᠭᠳᠡᠯ᠎ᠢ ᠰᠡᠷᠭᠡᠶ᠋ᠢᠯᠡᠨ ᠲᠡᠪᠴᠢᠬᠦ ᠬᠡᠷᠡᠭᠲᠡᠢ᠃ ᠥᠭᠡᠷᠡᠴᠢᠯᠡᠯᠲᠡ᠎ᠳᠤ ᠰᠠᠶ᠋ᠢᠲᠤᠷ ᠲᠥᠯᠥᠪᠵᠢᠭᠦᠯᠬᠦ ᠵᠢ ᠴᠢᠬᠤᠯᠠᠴᠢᠯᠠᠬᠤ ᠬᠡᠷᠡᠭᠲᠡᠢ᠂ ᠨᠡᠩ ᠴᠤ᠌ ᠰᠠᠶ᠋ᠢᠲᠤᠷ ᠨᠠᠶ᠋ᠢᠳᠠᠪᠤᠷᠢᠵᠢᠭᠤᠯᠬᠤ ᠵᠢ ᠴᠢᠬᠤᠯᠠᠴᠢᠯᠠᠬᠤ ᠬᠡᠷᠡᠭᠲᠡᠢ᠃ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠥᠭᠡᠷᠡᠴᠢᠯᠡᠯᠲᠡ ᠵᠢᠨ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠲᠠᠢ᠂ ᠨᠡᠩ ᠴᠤ᠌ ᠯᠠᠪᠳᠠᠭᠤᠨ ᠪᠠᠲᠤᠲᠠᠢ᠂ ᠤᠷᠢᠳ ᠵᠶ᠋ᠠᠷ ᠪᠣᠳᠣᠯᠬᠢᠯᠠᠬᠤ ᠲᠡᠰ ᠳᠠᠷᠠᠭ᠋ᠠᠯᠠᠯ᠎ᠢ ᠲᠣᠳᠣᠷᠬᠠᠶ᠋ᠢᠯᠠᠵᠤ᠂ ᠴᠠᠭ ᠬᠡᠮᠵᠢᠶ᠎ᠡ ᠦᠷ᠎ᠡ ᠪᠦᠳᠦᠮᠵᠢ ᠵᠢ ᠡᠵᠡᠮᠳᠡᠵᠦ᠂ ᠴᠢᠳᠠᠯ ᠵᠶ᠋ᠠᠷ ᠵᠶ᠋ᠠᠨ ᠴᠢᠷᠮᠠᠶ᠋ᠢᠵᠤ᠂ ᠴᠢᠳᠠᠯ᠎ᠤᠨ ᠵᠶ᠋ᠠᠨ ᠬᠢᠷᠢ᠎ᠪᠠᠷ ᠬᠢᠵᠦ᠂ ᠪᠣᠳᠠᠲᠠᠢ᠎ᠠᠴᠠ ᠰᠠᠯᠵᠤ ᠪᠤᠯᠬᠤ ᠦᠭᠡᠢ ᠭᠡᠵᠦ ᠴᠢᠬᠤᠯᠠᠴᠢᠯᠠᠪᠠ᠃
      ᠯᠢ ᠭᠠᠨ ᠵᠢᠶᠧ᠂ ᠾᠧ ᠯᠢ ᠹᠧᠩ ᠶᠠᠷᠢᠯᠴᠠᠬᠤ ᠬᠤᠷᠠᠯ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ᠂ ᠱᠠᠨᠳᠦ᠋ᠩ ᠮᠤᠵᠢ ᠵᠢᠨ ᠬᠠᠷᠢᠭᠤᠴᠠᠯᠭ᠋ᠠᠲᠠᠨ ᠨᠥᠬᠦᠳ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠂ ᠭᠠᠳᠠᠭ᠋ᠠᠳᠤ ᠪᠡᠯᠡᠳᠦ ᠠᠵᠤ ᠠᠬᠤᠶ᠋ᠢᠯᠠᠯ᠂ ᠰᠢᠶᠠᠩᠭ᠋ᠠᠩ ᠣᠣᠮᠧᠨ ᠲᠠᠶ᠋ᠢᠸᠠᠨ᠎ᠤ ᠪᠡᠯᠡᠳᠦ ᠠᠵᠤ ᠠᠬᠤᠶ᠋ᠢᠯᠠᠯ᠂ ᠲᠤᠰᠬᠠᠢ ᠰᠢᠯᠢᠳᠡᠭ ᠣᠨᠴᠠ ᠰᠢᠨ᠎ᠡ 《ᠪᠠᠭ᠎ᠠ ᠠᠪᠤᠷᠭᠤ》 ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠨ᠎ᠤ ᠲᠥᠯᠥᠭᠡᠯᠡᠭᠴᠢ ᠨᠠᠷ ᠶᠠᠷᠢᠯᠴᠠᠬᠤ ᠬᠤᠷᠠᠯ᠎ᠳᠤ ᠣᠷᠣᠯᠴᠠᠵᠠᠢ᠃


   

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ