(ᠰᠢᠨᠬᠤᠸᠠ ᠬᠤᠷᠢᠶ᠎ᠠ ᠵᠢᠨ ᠪᠡᠭᠡᠵᠢᠩ᠎ᠤᠨ 6 ᠰᠠᠷ᠎ᠠ ᠵᠢᠨ 11᠎ᠤ ᠴᠠᠭᠢᠯᠭ᠋ᠠᠨ ᠮᠡᠳᠡᠭᠡ) ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ᠂ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠡᠷᠭᠢᠯᠡᠭᠴᠢ ᠰᠢ ᠵᠢᠨ ᠫᠢᠩ 6 ᠰᠠᠷ᠎ᠠ ᠵᠢᠨ 11᠎ᠤ ᠦᠳᠡ ᠵᠢᠨ ᠬᠤᠶ᠋ᠢᠨ᠎ᠠ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠲᠠᠪᠤᠳᠤᠭ᠋ᠠᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠳᠤᠮᠳᠠᠳᠤ ᠤᠯᠤᠰ᠎ᠤᠨ ᠣᠨᠴᠠᠯᠢᠭ᠎ᠲᠠᠢ ᠣᠲᠣ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠲᠡᠭᠦᠯᠳᠡᠷᠵᠢᠭᠦᠯᠬᠦ ᠲᠤᠬᠠᠢ ᠰᠠᠨᠠᠯ》᠂ 《ᠠᠮᠤ ᠪᠤᠳᠠᠭ᠎ᠠ ᠳᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠪᠣᠯᠣᠨ ᠠᠮᠤ ᠪᠤᠳᠠᠭ᠋ᠠᠨ᠎ᠤ ᠭᠤᠣᠯ ᠭᠠᠷᠤᠯᠲᠠ ᠵᠢᠨ ᠣᠷᠣᠨ᠎ᠤ ᠠᠰᠢᠭ ᠲᠤᠰᠠ ᠵᠢᠨ ᠨᠥᠬᠦᠪᠦᠷᠢ ᠥᠭᠬᠦ ᠲᠣᠭᠲᠠᠴᠠ ᠵᠢ ᠪᠦᠷᠢᠨᠰᠢᠭᠦᠯᠬᠦ ᠲᠤᠬᠠᠢ ᠵᠢᠯᠤᠭᠤᠳᠬᠤ ᠰᠠᠨᠠᠯ》᠂ 《ᠪᠦᠭᠦ ᠪᠥᠮᠪᠥᠷᠴᠡᠭ᠎ᠤᠨ ᠥᠷᠢᠰᠦᠯᠳᠦᠬᠦ ᠬᠦᠴᠦᠨ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠨᠡᠭᠡᠭᠡᠯᠲᠡᠲᠤ ᠣᠷᠴᠢᠨ᠎ᠢ ᠪᠠᠶ᠋ᠢᠭᠤᠯᠬᠤ ᠲᠤᠬᠠᠢ ᠰᠠᠨᠠᠯ᠎ᠤᠳ》 ᠵᠡᠷᠭᠡ ᠪᠢᠴᠢᠭ ᠮᠠᠲ᠋ᠧᠷᠢᠶᠠᠯ᠎ᠢ ᠬᠢᠨᠠᠨ ᠵᠥᠪᠯᠡᠵᠦ ᠪᠠᠲᠤᠯᠠᠪᠠ᠃
ᠰᠢ ᠵᠢᠨ ᠫᠢᠩ ᠬᠤᠷᠠᠯ᠎ᠢ ᠡᠷᠭᠢᠯᠡᠭᠦ᠎ᠳᠡᠭᠡᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠤᠳᠤ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠲᠡᠭᠦᠯᠳᠡᠷᠵᠢᠭᠦᠯᠬᠦ᠎ᠳᠤ᠂ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠺᠤᠮᠫᠠᠨᠢ ᠵᠢᠨ ᠵᠠᠰᠠᠯᠲᠠ ᠵᠢ ᠲᠡᠭᠦᠯᠳᠡᠷᠵᠢᠭᠦᠯᠵᠦ᠂ ᠠᠵᠤ ᠠᠬᠤᠶ᠋ᠢᠯᠠᠯ᠎ᠤᠨ ᠥᠮᠴᠢᠯᠡᠯ᠎ᠤᠨ ᠡᠷᠬᠡ ᠲᠣᠳᠣᠷᠬᠠᠢ᠂ ᠡᠷᠬᠡ ᠬᠠᠷᠢᠭᠤᠴᠠᠯᠭ᠎ᠠ ᠲᠣᠳᠣᠷᠬᠠᠢ᠂ ᠵᠠᠰᠠᠭ ᠠᠵᠤ ᠠᠬᠤᠶ᠋ᠢᠯᠠᠯ᠎ᠢ ᠰᠠᠯᠭ᠋ᠠᠭᠰᠠᠨ᠂ ᠬᠠᠮᠢᠶᠠᠷᠤᠯᠲᠠ ᠰᠢᠨᠵᠢᠯᠡᠬᠦ ᠤᠬᠠᠭ᠋ᠠᠨᠴᠢ ᠤᠳᠤ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠬᠦ ᠵᠢ ᠠᠬᠢᠭᠤᠯᠵᠤ᠂ ᠨᠡᠩ ᠤᠯᠠᠨ ᠳᠡᠯᠡᠬᠡᠢ ᠵᠢᠨ ᠲᠡᠷᠢᠭᠦᠨ᠎ᠤ ᠠᠵᠤ ᠠᠬᠤᠶ᠋ᠢᠯᠠᠯ᠎ᠢ ᠪᠣᠶ᠋ᠢᠵᠢᠭᠤᠯᠬᠤ ᠬᠡᠷᠡᠭᠲᠡᠢ᠃ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠲᠣᠭᠲᠠᠭᠤᠨ ᠪᠠᠶ᠋ᠢᠯᠭ᠋ᠠᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ᠎ᠳᠤ ᠡᠷᠬᠡᠪᠰᠢ ᠲᠠᠷᠢᠶᠠᠴᠢᠳ᠎ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠪᠠ ᠣᠷᠣᠨ ᠨᠤᠲᠤᠭ᠎ᠤᠨ ᠠᠮᠤ ᠪᠤᠳᠠᠭ᠎ᠠ ᠲᠠᠷᠢᠬᠤ ᠵᠢ ᠠᠳᠬᠤᠬᠤ ᠢᠳᠡᠪᠬᠢᠵᠢᠯ᠎ᠢ ᠬᠠᠮᠠᠭ᠋ᠠᠯᠠᠨ ᠲᠠᠶ᠋ᠢᠴᠢᠯᠠᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠪᠠ ᠠᠮᠤ ᠪᠤᠳᠠᠭ᠋ᠠᠨ᠎ᠤ ᠭᠤᠣᠯ ᠭᠠᠷᠤᠯᠲᠠ ᠵᠢᠨ ᠣᠷᠣᠨ᠎ᠤ ᠠᠰᠢᠭ ᠲᠤᠰᠠ ᠵᠢᠨ ᠨᠥᠬᠦᠪᠦᠷᠢ ᠥᠭᠬᠦ ᠲᠣᠭᠲᠠᠴᠠ ᠵᠢ ᠪᠦᠷᠢᠨᠰᠢᠭᠦᠯᠵᠦ᠂ ᠲᠦᠷᠦ ᠵᠢᠨ ᠪᠣᠳᠣᠯᠭ᠎ᠠ ᠵᠢᠨ ᠣᠨᠣᠪᠴᠢᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ᠎ᠢ ᠳᠡᠭᠡᠭᠰᠢᠯᠡᠭᠦᠯᠵᠦ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠠᠬᠢᠵᠢᠭᠦᠯᠬᠦ ᠬᠡᠷᠡᠭᠲᠡᠢ᠃ ᠨᠡᠭᠡᠭᠡᠯᠲᠡ ᠬᠢᠬᠦ᠎ᠪᠠᠷ ᠰᠢᠨ᠎ᠡ ᠵᠢ ᠡᠭᠦᠳᠬᠦ ᠵᠢ ᠠᠬᠢᠭᠤᠯᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠳᠠᠭ᠋ᠠᠳᠤ ᠨᠡᠭᠡᠭᠡᠯᠲᠡ ᠬᠢᠬᠦ ᠪᠠᠶ᠋ᠢᠭᠤᠯᠤᠮᠵᠢ ᠲᠣᠭᠲᠠᠴᠠ ᠵᠢ ᠪᠦᠷᠢᠨᠰᠢᠭᠦᠯᠵᠦ᠂ ᠪᠦᠭᠦ ᠪᠥᠮᠪᠥᠷᠴᠡᠭ᠎ᠲᠤ ᠬᠠᠨᠳᠤᠭᠤᠯᠤᠭᠰᠠᠨ ᠰᠢᠨ᠎ᠡ ᠵᠢ ᠡᠭᠦᠳᠬᠦ ᠰᠢᠰᠲ᠋ᠧᠮ᠎ᠢ ᠲᠡᠭᠦᠯᠳᠡᠷᠵᠢᠭᠦᠯᠵᠦ᠂ ᠪᠦᠭᠦ ᠪᠥᠮᠪᠥᠷᠴᠡᠭ᠎ᠤᠨ ᠰᠢᠨ᠎ᠡ ᠵᠢ ᠡᠭᠦᠳᠬᠦ ᠲᠣᠣᠷ᠎ᠲᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ ᠭᠤᠣᠯᠳᠠᠯᠭ᠎ᠠ᠎ᠲᠠᠢ ᠬᠦᠷᠢᠶ᠎ᠡ ᠪᠣᠯᠣᠨ ᠵᠠᠩᠭᠢᠯᠠᠭ᠎ᠠ ᠵᠢᠨ ᠭᠤᠭᠴᠤᠭ᠎ᠠ ᠵᠢ ᠲᠤᠪᠤᠶ᠋ᠢᠯᠭ᠋ᠠᠵᠦ᠂ ᠨᠡᠭᠡᠭᠡᠯᠲᠡ ᠬᠢᠵᠦ ᠰᠢᠨ᠎ᠡ ᠵᠢ ᠡᠭᠦᠳᠬᠦ ᠳᠦᠷᠢᠮ᠎ᠤᠨ ᠳᠤᠲᠠᠭᠤᠳᠠᠯ᠎ᠢ ᠨᠥᠬᠦᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠌ ᠨᠢᠩ᠂ ᠼᠠᠢ ᠴᠢ ᠬᠤᠷᠠᠯ᠎ᠳᠤ ᠣᠷᠣᠯᠴᠠᠪᠠ᠃
ᠬᠤᠷᠠᠯ᠎ᠠᠴᠠ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠲᠣ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠲᠡᠭᠦᠯᠳᠡᠷᠵᠢᠭᠦᠯᠬᠦ᠎ᠳᠤ᠂ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠭᠦᠨᠳᠦᠳᠭᠡᠵᠦ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠵᠤ᠂ ᠠᠵᠤ ᠠᠬᠤᠶ᠋ᠢᠯᠠᠯ᠎ᠤᠨ ᠬᠡᠪᠴᠢᠶ᠎ᠡ᠂ ᠬᠥᠭᠵᠢᠯᠲᠡ ᠵᠢᠨ ᠱᠠᠲᠤ ᠦᠶ᠎ᠡ᠂ ᠥᠮᠴᠢᠯᠡᠯ᠎ᠤᠨ ᠳᠦᠷᠢᠮ᠎ᠤᠨ ᠰᠢᠨᠵᠢ ᠴᠢᠨᠠᠷ ᠵᠡᠷᠭᠡ ᠵᠢ ᠦᠨᠳᠦᠰᠦᠯᠡᠨ᠂ ᠲᠥᠷᠥᠯ ᠬᠤᠪᠢᠶᠠᠨ ᠲᠥᠷᠥ ᠵᠢᠨ ᠪᠣᠳᠣᠯᠭ᠎ᠠ ᠬᠡᠷᠡᠭᠵᠢᠭᠦᠯᠵᠦ᠂ ᠬᠥᠲᠥᠯᠥᠨ ᠵᠢᠯᠤᠭᠤᠳᠬᠤ᠎ᠪᠠᠨ ᠴᠢᠩᠭ᠋ᠠᠳᠬᠠᠬᠤ ᠬᠡᠷᠡᠭᠲᠡᠢ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠳᠠᠬᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠨᠠᠮ᠎ᠠᠴᠠ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠢ ᠤᠳᠤᠷᠢᠳᠬᠤ ᠳᠦᠷᠢᠮ ᠲᠣᠭᠲᠠᠴᠠ ᠵᠢ ᠲᠡᠭᠦᠯᠳᠡᠷᠵᠢᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠤᠳᠤ ᠦᠶ᠎ᠡ ᠵᠢᠨ ᠺᠤᠮᠫᠠᠨᠢ ᠵᠢᠨ ᠵᠠᠰᠠᠯᠲᠠ ᠵᠢ ᠲᠡᠭᠦᠯᠳᠡᠷᠵᠢᠭᠦᠯᠵᠦ᠂ ᠤᠯᠤᠰ᠎ᠤᠨ ᠥᠮᠴᠢᠯᠡᠯ᠎ᠤᠨ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠨᠥᠬᠦᠴᠡᠯ᠎ᠲᠠᠢ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠤᠳᠤ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ ᠪᠠᠶ᠋ᠢᠭᠤᠯᠬᠤ ᠵᠢ ᠵᠣᠷᠢᠭᠵᠢᠭᠤᠯᠵᠤ᠂ ᠬᠠᠤᠯᠢ ᠵᠢᠨ ᠡᠷᠬᠡᠲᠡᠨ᠎ᠤ ᠵᠠᠰᠠᠯᠲᠠ ᠵᠢᠨ ᠪᠦᠲᠦᠴᠡ ᠵᠢ ᠲᠡᠭᠦᠯᠳᠡᠷᠵᠢᠭᠦᠯᠵᠦ᠂ ᠬᠤᠪᠢ ᠣᠷᠣᠭᠤᠯᠤᠭᠴᠢ ᠵᠢᠨ ᠠᠵᠢᠯᠯᠠᠭ᠎ᠠ ᠵᠢ ᠵᠢᠷᠤᠮᠵᠢᠭᠤᠯᠵᠤ᠂ ᠳᠣᠲᠣᠭ᠋ᠠᠳᠤ ᠵᠢᠨ ᠬᠢᠨᠠᠯᠲᠠ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ ᠲᠣᠭᠲᠠᠴᠠ ᠵᠢ ᠪᠦᠷᠢᠨᠰᠢᠭᠦᠯᠵᠦ᠂ ᠨᠠᠮ᠎ᠤᠨ ᠪᠠᠶ᠋ᠢᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠵᠤ᠂ ᠳᠣᠲᠣᠭ᠋ᠠᠳᠤ ᠵᠢᠨ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠪᠣᠯᠣᠨ ᠠᠮᠤ ᠪᠤᠳᠠᠭ᠋ᠠᠨ᠎ᠤ ᠭᠤᠣᠯ ᠭᠠᠷᠤᠯᠲᠠ ᠵᠢᠨ ᠣᠷᠣᠨ᠎ᠤ ᠠᠰᠢᠭ ᠲᠤᠰᠠ ᠵᠢᠨ ᠨᠥᠬᠦᠪᠦᠷᠢ ᠥᠭᠬᠦ ᠲᠣᠭᠲᠠᠴᠠ ᠵᠢ ᠪᠦᠷᠢᠨᠰᠢᠭᠦᠯᠵᠦ᠂ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠭᠦ ᠵᠢ ᠨᠡᠩ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠦᠨ᠎ᠡ ᠬᠠᠩᠰᠢ᠂ ᠨᠥᠬᠦᠪᠦᠷᠢ᠂ ᠳᠠᠭ᠋ᠠᠳᠬᠠᠯ ᠵᠡᠷᠭᠡ ᠲᠦᠷᠦ ᠵᠢᠨ ᠪᠣᠳᠣᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠠᠮᠤ ᠪᠤᠳᠠᠭ᠋ᠠᠨ᠎ᠤ ᠡᠵᠡᠩᠨᠡᠯᠲᠡ ᠵᠢᠨ ᠦᠷ᠎ᠡ ᠠᠰᠢᠭ᠎ᠢ ᠨᠡᠮᠡᠭᠳᠡᠭᠦᠯᠬᠦ ᠠᠷᠭ᠎ᠠ ᠭᠡᠯᠪᠡᠷᠢ ᠵᠢᠨ ᠰᠢᠨ᠎ᠡ ᠵᠢ ᠡᠭᠦᠳᠴᠦ᠂ ᠠᠮᠤ ᠪᠤᠳᠠᠭ᠋ᠠᠨ᠎ᠤ ᠭᠤᠣᠯ ᠭᠠᠷᠤᠯᠲᠠ ᠵᠢᠨ ᠣᠷᠣᠨ᠎ᠤ ᠱᠠᠩᠨᠠᠵᠤ ᠨᠥᠬᠦᠪᠦᠷᠢᠯᠡᠬᠦ ᠵᠢ ᠵᠣᠷᠢᠭᠵᠢᠭᠤᠯᠬᠤ ᠳᠦᠷᠢᠮ᠎ᠢ ᠪᠦᠷᠢᠨᠰᠢᠭᠦᠯᠵᠦ᠂ ᠦᠢ᠍ᠯᠡᠳᠪᠦᠷᠢᠯᠡᠯ ᠪᠣᠷᠤᠯᠠᠭᠤᠯᠭ᠎ᠠ ᠵᠢᠨ ᠣᠷᠣᠨ᠎ᠳᠤ ᠤᠯᠠᠨ ᠠᠷᠭ᠎ᠠ ᠵᠠᠮ ᠵᠶ᠋ᠠᠷ ᠠᠰᠢᠭ ᠲᠤᠰᠠ ᠵᠢᠨ ᠨᠥᠬᠦᠪᠦᠷᠢ ᠥᠭᠬᠦ ᠠᠷᠭ᠎ᠠ ᠵᠢ ᠰᠦᠪᠡᠭᠴᠢᠯᠡᠵᠦ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠳᠡᠮᠵᠢᠵᠦ ᠬᠠᠮᠠᠭ᠋ᠠᠯᠠᠬᠤ ᠰᠢᠰᠲ᠋ᠧᠮ᠎ᠢ ᠪᠦᠷᠢᠨᠰᠢᠭᠦᠯᠬᠦ ᠬᠡᠷᠡᠭᠲᠡᠢ᠃ ᠮᠤᠵᠢ ᠵᠢᠨ ᠬᠤᠭᠤᠷᠣᠨᠳᠣᠭᠢ ᠠᠰᠢᠭ ᠲᠤᠰᠠ ᠵᠢᠨ ᠨᠥᠬᠦᠪᠦᠷᠢ ᠥᠭᠬᠦ ᠲᠣᠭᠲᠠᠴᠠ ᠵᠢ ᠪᠠᠶ᠋ᠢᠭᠤᠯᠬᠤ ᠲᠠᠯ᠎ᠠ᠎ᠪᠠᠷ ᠪᠣᠳᠠᠲᠠᠢ ᠠᠯᠬᠤᠮ᠎ᠢ ᠠᠯᠬᠤᠵᠤ᠂ ᠠᠮᠤ ᠪᠤᠳᠠᠭ᠋ᠠᠨ᠎ᠤ ᠭᠤᠣᠯ ᠭᠠᠷᠤᠯᠲᠠ ᠵᠢᠨ ᠣᠷᠣᠨ᠂ ᠭᠤᠣᠯ ᠪᠣᠷᠤᠯᠠᠭᠤᠯᠭ᠎ᠠ ᠵᠢᠨ ᠣᠷᠣᠨ᠂ ᠦᠢ᠍ᠯᠡᠳᠪᠦᠷᠢᠯᠡᠯ ᠪᠣᠷᠤᠯᠠᠭᠤᠯᠭ᠎ᠠ ᠲᠡᠩᠴᠡᠭᠦᠷᠢᠲᠡᠢ ᠣᠷᠣᠨ᠎ᠤ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠬᠠᠮᠲᠤ ᠵᠢᠨ ᠬᠠᠷᠢᠭᠤᠴᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃ ᠵᠢᠵᠢᠭ ᠲᠠᠷᠢᠶᠠᠴᠢᠨ ᠡᠷᠦᠭᠡ ᠪᠣᠯᠣᠨ ᠰᠢᠨ᠎ᠡ ᠭᠡᠯᠪᠡᠷᠢ ᠵᠢᠨ ᠬᠥᠳᠡᠭᠡ ᠠᠵᠤ ᠠᠬᠤᠢ ᠵᠢᠨ ᠡᠵᠡᠩᠨᠡᠯᠲᠡ ᠵᠢᠨ ᠭᠤᠣᠯ ᠴᠣᠭᠴᠠ ᠵᠢ ᠨᠢᠭᠡᠳᠦᠯᠲᠡᠢ ᠲᠥᠯᠥᠪᠵᠢᠭᠦᠯᠦᠨ ᠳᠡᠮᠵᠢᠵᠦ᠂ ᠲᠥᠷᠥ ᠵᠢᠨ ᠪᠣᠳᠣᠯᠭ᠎ᠠ᠎ᠪᠠᠷ ᠲᠡᠳᠬᠦᠬᠦ᠂ ᠦᠢ᠍ᠯᠡᠴᠢᠯᠡᠵᠦ ᠬᠥᠲᠥᠯᠥᠨ ᠵᠢᠯᠤᠭᠤᠳᠬᠤ᠂ ᠠᠰᠢᠭ ᠲᠤᠰᠠ ᠵᠢᠨ ᠬᠤᠯᠪᠤᠭ᠎ᠠ ᠵᠡᠷᠭᠡ ᠵᠢ ᠴᠢᠩᠭ᠋ᠠᠳᠬᠠᠵᠤ᠂ ᠵᠢᠵᠢᠭ ᠲᠠᠷᠢᠶᠠᠴᠢᠨ ᠡᠷᠦᠭᠡ ᠪᠣᠯᠣᠨ ᠣᠲᠣ ᠦᠶ᠎ᠡ ᠵᠢᠨ ᠬᠥᠳᠡᠭᠡ ᠠᠵᠤ ᠠᠬᠤᠢ ᠵᠢᠨ ᠬᠥᠭᠵᠢᠯᠲᠡ ᠵᠢ ᠣᠷᠭ᠋ᠠᠨᠢᠭ ᠵᠶ᠋ᠠᠷ ᠵᠣᠯᠭ᠋ᠠᠭᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠪᠦᠭᠦ ᠪᠥᠮᠪᠥᠷᠴᠡᠭ᠎ᠤᠨ ᠥᠷᠢᠰᠦᠯᠳᠦᠬᠦ ᠬᠦᠴᠦᠨ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠨᠡᠭᠡᠭᠡᠯᠲᠡᠲᠤ ᠣᠷᠴᠢᠨ᠎ᠢ ᠪᠠᠶ᠋ᠢᠭᠤᠯᠬᠤ᠎ᠳᠤ᠂ 《ᠭᠠᠷᠴᠤ ᠶᠠᠪᠤᠬᠤ》 ᠪᠠ 《ᠣᠷᠣᠭᠤᠯᠤᠨ ᠠᠪᠴᠢᠷᠠᠬᠤ》 ᠵᠢ ᠤᠶᠠᠯᠳᠤᠭᠤᠯᠬᠤ ᠵᠢ ᠪᠠᠷᠢᠮᠲᠠᠯᠠᠵᠤ᠂ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠥᠷᠭᠡᠳᠬᠡᠵᠦ᠂ ᠬᠠᠮᠲᠤᠷᠠᠯᠴᠠᠵᠤ ᠬᠠᠮᠲᠤ᠎ᠪᠠᠷ ᠠᠰᠢᠭ ᠭᠦᠷᠳᠡᠭᠦ ᠬᠠᠨᠢᠲᠠᠨ᠎ᠤ ᠬᠠᠷᠢᠯᠴᠠᠭ᠎ᠠ ᠵᠢ ᠴᠢᠷᠮᠠᠶ᠋ᠢᠨ ᠪᠠᠶ᠋ᠢᠭᠤᠯᠵᠤ᠂ ᠪᠦᠭᠦ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠰᠠᠯᠲᠠ᠎ᠳᠤ ᠤᠷᠢᠳᠴᠢᠯᠠᠨ ᠲᠥᠰᠥᠪᠯᠡᠬᠦ ᠪᠠ ᠭᠦᠨᠵᠡᠭᠡᠢ ᠣᠷᠤᠯᠴᠠᠬᠤ ᠵᠢ ᠪᠠᠷᠢᠮᠲᠠᠯᠠᠬᠤ ᠬᠡᠷᠡᠭᠲᠡᠢ᠃ ᠳᠡᠯᠡᠬᠡᠶ᠋ᠢᠵᠢᠭᠰᠡᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠣᠷᠴᠢᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠪᠣᠳᠠᠲᠠᠢ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠢ ᠬᠠᠷᠠᠭ᠋ᠠᠯᠠᠨ᠂ ᠲᠣᠪᠣᠶ᠋ᠢᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠦᠯᠡᠳᠡᠭᠡᠵᠦ ᠳᠡᠶ᠋ᠢᠯᠭᠦ᠂ ᠰᠠᠶ᠋ᠢᠲᠤᠷ ᠬᠡᠷᠡᠭᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠮᠤᠷ ᠲᠦᠪᠰᠢᠨ᠎ᠤ ᠳᠦᠷᠢᠮ ᠪᠣᠯᠣᠨ ᠠᠶᠤᠯ ᠲᠦᠭᠰᠢᠭᠦᠷᠢ ᠵᠢ ᠰᠡᠷᠭᠡᠶ᠋ᠢᠯᠡᠬᠦ ᠲᠣᠭᠲᠠᠴᠠ ᠵᠢ ᠲᠠᠰᠤᠷᠠᠯᠳᠠ ᠦᠭᠡᠢ ᠪᠦᠷᠢᠨᠰᠢᠭᠦᠯᠵᠦ᠂ ᠨᠡᠭᠡᠭᠡᠯᠲᠡᠲᠤ ᠣᠷᠴᠢᠨ ᠨᠥᠬᠦᠴᠡᠯ᠎ᠳᠤ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠭᠡᠰᠢᠭᠦᠳ ᠬᠤᠷᠠᠯ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠰᠤᠯᠠ ᠣᠷᠣᠯᠴᠠᠪᠠ᠃