ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 17᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠶ᠋ᠢᠷ᠎ᠠ ᠵᠢᠨ ᠡᠳᠦᠷ ᠵᠢᠭᠤᠯᠴᠢᠯᠠᠯ᠎ᠤᠨ ᠠᠵᠢᠯ᠎ᠳᠤ ᠴᠢᠬᠤᠯᠠ ᠵᠢᠭ᠋ᠠᠪᠤᠷᠢ ᠥᠭᠴᠦ᠂ ᠥᠭᠡᠷᠡᠴᠢᠯᠡᠯᠲᠡ ᠨᠡᠭᠡᠭᠡᠯᠲᠡ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠮᠠᠨ᠎ᠤ ᠤᠯᠤᠰ᠎ᠤᠨ ᠵᠢᠭᠤᠯᠴᠢᠯᠠᠯ᠎ᠤᠨ ᠬᠥᠭᠵᠢᠯᠲᠡ ᠦᠳᠲᠡᠷ ᠲᠦᠷᠭᠡᠨ ᠬᠥᠭᠵᠢᠵᠦ᠂ ᠪᠦᠭᠦ ᠪᠥᠮᠪᠥᠷᠴᠡᠭ᠎ᠤᠨ ᠬᠠᠮᠤᠭ᠎ᠤᠨ ᠶᠡᠭᠡ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠪᠦᠷᠢᠯᠳᠦᠭᠦᠯᠵᠦ᠂ ᠣᠯᠠᠨ ᠤᠯᠤᠰ᠎ᠤᠨ ᠵᠢᠭᠤᠯᠴᠢᠯᠠᠯ᠎ᠤᠨ ᠬᠠᠮᠤᠭ᠎ᠤᠨ ᠶᠡᠭᠡ ᠵᠣᠴᠢᠨ ᠤᠯᠤᠰ ᠪᠠ ᠭᠤᠣᠯ ᠬᠠᠷᠠᠯᠲᠠᠲᠤ ᠭᠠᠵᠠᠷ ᠪᠣᠯᠪᠠ᠂ ᠵᠢᠭᠤᠯᠴᠢᠯᠠᠯ᠎ᠤᠨ ᠦᠢ᠍ᠯᠡᠰ ᠪᠠᠭ᠎ᠠ᠎ᠠᠴᠠ᠎ᠪᠠᠨ ᠶᠡᠭᠡ᠂ ᠪᠠᠭᠤᠷᠠᠢ᠎ᠠᠴᠠ᠎ᠪᠠᠨ ᠬᠦᠴᠦᠷᠬᠡᠭ ᠪᠣᠯᠵᠤ᠂ ᠡᠳᠦᠷ ᠢᠷᠡᠬᠦᠶ᠎ᠡ ᠰᠢᠨ᠎ᠡ᠎ᠪᠠᠷ ᠮᠠᠨᠳᠤᠭᠰᠠᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠲᠤᠯᠭ᠋ᠠᠭᠤᠷᠢ ᠠᠵᠤ ᠦᠢ᠍ᠯᠡᠰ ᠪᠣᠯᠣᠨ ᠴᠠᠭ ᠦᠶ᠎ᠡ ᠵᠢᠨ ᠢᠯᠡᠷᠬᠡᠢ ᠣᠨᠴᠠᠯᠢᠭ ᠪᠦᠬᠦᠢ ᠠᠷᠠᠳ᠎ᠤᠨ ᠠᠮᠢᠳᠤᠷᠠᠯ᠎ᠤᠨ ᠠᠵᠤ ᠦᠢ᠍ᠯᠡᠰ᠂ ᠵᠣᠯ ᠵᠢᠷᠭ᠋ᠠᠯᠲᠤ ᠠᠵᠤ ᠦᠢ᠍ᠯᠡᠰ ᠪᠣᠯᠵᠤ᠂ ᠥᠪᠡᠷᠮᠢᠴᠡ ᠣᠨᠴᠠᠯᠢᠭ ᠪᠦᠬᠦᠢ ᠳᠤᠮᠳᠠᠳᠤ ᠤᠯᠤᠰ᠎ᠤᠨ ᠵᠢᠭᠤᠯᠴᠢᠯᠠᠯ᠎ᠤᠨ ᠬᠥᠭᠵᠢᠯᠲᠡ ᠵᠢᠨ ᠵᠠᠮ᠎ᠢ ᠠᠮᠵᠢᠯᠲᠠ᠎ᠲᠠᠢ᠎ᠪᠠᠷ ᠨᠡᠭᠡᠭᠡᠵᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠵᠢᠭᠤᠯᠴᠢᠯᠠᠯ᠎ᠤᠨ ᠬᠥᠭᠵᠢᠯᠲᠡ ᠰᠢᠨ᠎ᠡ ᠠᠵᠠ ᠲᠣᠭᠢᠶᠠᠯ ᠰᠢᠨ᠎ᠡ ᠥᠷᠢᠰᠦᠯᠳᠦᠭᠡᠨ᠎ᠳᠤ ᠲᠤᠯᠭ᠋ᠠᠷᠠᠵᠤ ᠪᠤᠢ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ᠎ᠪᠠᠷ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠂ ᠠᠭᠤᠰᠤᠯᠴᠠᠨ ᠬᠥᠭᠵᠢᠬᠦ ᠵᠢ ᠪᠠᠷᠢᠮᠲᠠᠯᠠᠵᠤ᠂ ᠵᠠᠰᠠᠭ᠎ᠤᠨ ᠣᠷᠳᠣᠨ ᠬᠢᠭᠡᠳ ᠵᠠᠬ᠎ᠠ ᠳᠡᠯᠭᠡᠭᠦᠷ᠂ ᠬᠠᠩᠭ᠋ᠠᠯᠭ᠎ᠠ ᠬᠢᠭᠡᠳ ᠬᠡᠷᠡᠭᠴᠡᠭᠡ ᠱᠠᠭ᠋ᠠᠷᠳᠠᠯᠭ᠎ᠠ᠂ ᠬᠠᠮᠠᠭ᠋ᠠᠯᠠᠯᠲᠠ ᠬᠢᠭᠡᠳ ᠨᠡᠭᠡᠭᠡᠨ ᠬᠥᠭᠵᠢᠭᠦᠯᠦᠯᠲᠡ᠂ ᠤᠯᠤᠰ᠎ᠤᠨ ᠳᠣᠲᠣᠭ᠋ᠠᠳᠤ ᠬᠢᠭᠡᠳ ᠣᠯᠠᠨ ᠤᠯᠤᠰ᠂ ᠬᠥᠭᠵᠢᠯᠲᠡ ᠬᠢᠭᠡᠳ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠣᠲᠣ ᠦᠶ᠎ᠡ ᠵᠢᠨ ᠵᠢᠭᠤᠯᠴᠢᠯᠠᠯ᠎ᠤᠨ ᠦᠢ᠍ᠯᠡᠰ᠎ᠤᠨ ᠰᠢᠰᠲ᠋ᠧᠮ᠎ᠢ ᠬᠦᠴᠦᠯᠡᠨ ᠲᠡᠭᠦᠯᠳᠡᠷᠵᠢᠭᠦᠯᠵᠦ᠂ ᠵᠢᠭᠤᠯᠴᠢᠯᠠᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠵᠤ᠂ ᠵᠢᠭᠤᠯᠴᠢᠯᠠᠯ᠎ᠤᠨ ᠦᠢ᠍ᠯᠡᠰ᠎ᠢ ᠰᠠᠶ᠋ᠢᠨ ᠰᠠᠶ᠋ᠢᠬᠠᠨ ᠠᠮᠢᠳᠤᠷᠠᠯ᠎ᠳᠤ ᠨᠠᠩ ᠰᠠᠶ᠋ᠢᠲᠤᠷ ᠦᠢ᠍ᠯᠡᠴᠢᠯᠡᠭᠦᠯᠵᠦ᠂ ᠠᠵᠤ ᠠᠬᠤᠢ ᠵᠢᠨ ᠬᠥᠭᠵᠢᠯᠲᠡ ᠵᠢ ᠠᠬᠢᠭᠤᠯᠵᠤ᠂ ᠣᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠵᠤ᠂ ᠳᠤᠮᠳᠠᠳᠤ ᠤᠯᠤᠰ᠎ᠤᠨ ᠳᠦᠷᠢ ᠲᠥᠷᠬᠦ ᠵᠢ ᠢᠯᠡᠷᠡᠭᠦᠯᠵᠦ᠂ ᠪᠣᠯᠪᠠᠰᠤᠨ᠎ᠤ ᠲᠣᠯᠢᠯᠠᠯ᠎ᠢ ᠨᠡᠮᠡᠭᠳᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠠᠵᠢᠯ᠎ᠤᠨ ᠬᠠᠷᠢᠭᠤᠴᠠᠯᠭ᠋ᠠᠲᠤ ᠰᠡᠳᠬᠢᠯᠭᠡ ᠡᠭᠦᠷᠭᠡᠲᠦ ᠪᠤᠳᠤᠯ ᠵᠶ᠋ᠠᠨ ᠦᠨᠡᠨ ᠬᠦ᠌ ᠴᠢᠩᠭ᠋ᠠᠳᠬᠠᠵᠤ᠂ ᠠᠵᠢᠯ ᠵᠶ᠋ᠠᠨ ᠬᠤᠪᠢᠶᠠᠷᠢᠯᠠᠨ ᠬᠠᠮᠵᠢᠯᠴᠠᠵᠤ᠂ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠯᠠᠪᠳᠠᠭᠤᠨ ᠵᠶ᠋ᠠᠷ ᠬᠤᠯᠠ ᠠᠶᠠᠯᠠᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠪᠦᠭᠦ ᠤᠯᠤᠰ᠎ᠤᠨ ᠵᠢᠭᠤᠯᠴᠢᠯᠠᠯ᠎ᠤᠨ ᠬᠥᠭᠵᠢᠯᠲᠡ ᠵᠢᠨ ᠶᠡᠭᠡ ᠬᠤᠷᠠᠯ 5 ᠰᠠᠷ᠎ᠠ ᠵᠢᠨ 17᠎ᠤ ᠡᠳᠦᠷ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠭᠡᠰᠢᠭᠦᠨ᠂ ᠲᠥᠪ᠎ᠤᠨ ᠤᠬᠠᠭᠤᠯᠬᠤ ᠬᠡᠯᠲᠡᠰ᠎ᠤᠨ ᠳᠠᠷᠤᠭ᠎ᠠ ᠯᠢ ᠱᠤ᠌ ᠯᠧᠢ ᠬᠤᠷᠠᠯ ᠳᠡᠭᠡᠷ᠎ᠡ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠪᠣᠯᠣᠨ ᠵᠢᠭᠤᠯᠴᠢᠯᠠᠯ᠎ᠤᠨ ᠬᠥᠭᠵᠢᠯᠲᠡ ᠵᠢᠨ ᠲᠤᠬᠠᠢ ᠠᠯᠢ ᠣᠯᠠᠨ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠣᠶᠣᠯ ᠵᠶ᠋ᠠᠷ ᠵᠢᠭᠤᠯᠴᠢᠯᠠᠯ᠎ᠢ ᠱᠤᠭᠤᠬᠤ᠂ ᠵᠢᠭᠤᠯᠴᠢᠯᠠᠯ ᠵᠶ᠋ᠠᠷ ᠰᠣᠶᠣᠯ᠎ᠢ ᠢᠯᠡᠷᠡᠭᠦᠯᠬᠦ ᠵᠢ ᠪᠠᠷᠢᠮᠲᠠᠯᠠᠵᠤ᠂ ᠥᠪᠡᠷᠮᠢᠴᠡ ᠣᠨᠴᠠᠯᠢᠭ᠎ᠲᠠᠢ ᠳᠤᠮᠳᠠᠳᠤ ᠤᠯᠤᠰ᠎ᠤᠨ ᠵᠢᠭᠤᠯᠴᠢᠯᠠᠯ᠎ᠤᠨ ᠬᠥᠭᠵᠢᠯᠲᠡ ᠵᠢᠨ ᠵᠠᠮ ᠵᠶ᠋ᠠᠷ ᠵᠠᠮᠨᠠᠬᠤ ᠬᠡᠷᠡᠭᠲᠡᠢ᠃ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠵᠢᠭᠤᠯᠴᠢᠯᠠᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠵᠤ᠂ ᠰᠢᠰᠲ᠋ᠧᠮ᠎ᠲᠠᠢ ᠲᠥᠯᠥᠪᠵᠢᠭᠦᠯᠬᠦ ᠪᠠ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠰᠢᠭᠤᠯᠬᠤ ᠵᠢ ᠴᠢᠩᠭ᠋ᠠᠳᠬᠠᠵᠤ᠂ ᠰᠣᠶᠣᠯ᠎ᠤᠨ ᠥᠪ ᠪᠣᠯᠣᠨ ᠠᠮᠢ ᠠᠬᠤᠢ ᠵᠢᠨ ᠡᠬᠢ ᠪᠠᠶᠠᠯᠢᠭ᠎ᠢ ᠬᠠᠮᠠᠭ᠋ᠠᠯᠠᠵᠤ᠂ ᠬᠠᠩᠭ᠋ᠠᠯᠭ᠎ᠠ ᠵᠢᠨ ᠲᠦᠪᠰᠢᠨ ᠪᠣᠯᠣᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠣᠯᠠᠨ ᠤᠯᠤᠰ᠎ᠤᠨ ᠵᠢᠭᠤᠯᠴᠢᠯᠠᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠵᠢᠭᠤᠯᠴᠢᠯᠠᠯ᠎ᠤᠨ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠢᠯᠡᠳᠬᠡᠪᠡ᠃
ᠲᠥᠷᠥ ᠵᠢᠨ ᠶᠠᠪᠤᠳᠠᠯ᠎ᠤᠨ ᠭᠡᠰᠢᠭᠦᠨ ᠱᠧᠨ ᠢ ᠴᠢᠨ ᠬᠤᠷᠠᠯ᠎ᠢ ᠡᠷᠭᠢᠯᠡᠭᠰᠡᠨ ᠪᠥᠭᠡᠳ ᠳ᠋ᠦᠩᠨᠡᠯᠲᠡ ᠵᠢᠨ ᠶᠠᠷᠢᠶ᠎ᠠ ᠲᠠᠯᠪᠢᠵᠠᠢ᠃
ᠰᠣᠶᠣᠯ ᠪᠠ ᠵᠢᠭᠤᠯᠴᠢᠯᠠᠯ᠎ᠤᠨ ᠶᠠᠮᠤᠨ᠂ ᠭᠠᠳᠠᠭ᠋ᠠᠳᠤ ᠶᠠᠪᠤᠳᠠᠯ᠎ᠤᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠬᠠᠷᠠᠮᠥ᠋ᠷᠡᠨ ᠮᠤᠵᠢ᠂ ᠵᠧᠵᠢᠶᠠᠩ ᠮᠤᠵᠢ᠂ ᠬᠤᠨᠠᠨ ᠮᠤᠵᠢ᠂ ᠭᠦᠢ᠍ᠵᠧᠦ ᠮᠤᠵᠢ ᠵᠢᠨ ᠬᠠᠷᠢᠭᠤᠴᠠᠯᠭ᠋ᠠᠲᠠᠨ ᠨᠥᠬᠦᠳ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠳᠡᠳ᠋ ᠮᠤᠵᠢ ᠵᠢᠨ ᠲᠡᠰ᠎ᠤᠨ ᠬᠤᠳᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠤᠯᠤᠰ᠎ᠤᠨ ᠥᠮᠴᠢᠯᠡᠯ᠎ᠤᠨ ᠴᠢᠬᠤᠯᠠ ᠭᠤᠣᠯᠯᠠᠭᠴᠢ ᠬᠡᠰᠡᠭ ᠠᠵᠤ ᠠᠬᠤᠶ᠋ᠢᠯᠠᠯ᠂ ᠬᠤᠯᠪᠣᠭᠳᠠᠯ ᠪᠦᠬᠦᠢ ᠰᠣᠶᠣᠯ ᠪᠠ ᠵᠢᠭᠤᠯᠴᠢᠯᠠᠯ᠎ᠤᠨ ᠠᠵᠢᠯ ᠲᠦᠷᠦᠯ᠎ᠤᠨ ᠨᠡᠶ᠋ᠢᠭᠡᠮᠯᠢᠭ᠂ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠣᠷᠣᠯᠴᠠᠵᠠᠢ᠃