ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠡᠷᠬᠡᠪᠰᠢ ᠳ᠋ᠧᠩ ᠰᠢᠶᠣᠣ ᠫᠢᠩ᠎ᠤᠨ ᠤᠨᠤᠯ᠎ᠢ ᠦᠷᠭᠦᠯᠵᠢᠯᠡᠨ ᠭᠦᠨᠵᠡᠭᠡᠢ ᠰᠤᠷᠤᠯᠴᠠᠨ ᠬᠡᠷᠡᠭᠯᠡᠵᠦ᠂ ᠲᠡᠭᠦᠨ᠎ᠤ ᠡᠭᠦᠳᠦᠭᠰᠡᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ᠎ᠢ ᠦᠷᠭᠦᠯᠵᠢᠯᠡᠨ ᠤᠷᠤᠭᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠵᠤᠤ ᠯᠧ ᠵᠢᠢ ᠸᠠᠩ ᠬᠤ᠌ ᠨᠢᠩ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ᠎ᠳᠤ ᠣᠷᠣᠯᠴᠠᠵᠤ ᠼᠠᠢ ᠴᠢ ᠬᠤᠷᠠᠯ᠎ᠢ ᠡᠷᠭᠢᠯᠡᠪᠡ
ᠨᠠᠮ᠎ᠤᠨ ᠲᠥᠪ ᠬᠤᠷᠢᠶ᠎ᠠ 22᠎ᠤᠨ ᠦᠳᠡ ᠵᠢᠨ ᠡᠮᠦᠨ᠎ᠡ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠳ᠋ᠧᠩ ᠰᠢᠶᠣᠣ ᠫᠢᠩ ᠨᠥᠬᠦᠷ᠎ᠤᠨ ᠮᠡᠨᠳᠦᠯᠡᠭᠰᠡᠨ 120 ᠵᠢᠯ᠎ᠤᠨ ᠣᠶ ᠵᠢ ᠳᠤᠷᠠᠰᠬᠠᠪᠠ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳ᠋ᠧᠩ ᠰᠢᠶᠣᠣ ᠫᠢᠩ ᠨᠥᠬᠦᠷ ᠪᠣᠯ ᠪᠦᠭᠦ ᠨᠠᠮ ᠪᠦᠭᠦ ᠴᠡᠷᠢᠭ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠨᠡᠶ᠋ᠢᠳᠡᠮ ᠮᠡᠳᠡᠷᠡᠭᠳᠡᠭᠰᠡᠨ ᠡᠷᠬᠢᠮ ᠳᠡᠭᠡᠳᠦ ᠨᠡᠷ᠎ᠡ ᠬᠦᠨᠳᠦ᠎ᠲᠠᠢ ᠭᠠᠷᠮᠠᠭ᠋ᠠᠢ ᠤᠳᠤᠷᠢᠳᠤᠭᠴᠢ᠂ ᠠᠭᠤᠤ ᠶᠡᠭᠡ ᠮᠠᠷᠺᠰ᠎ᠤᠨ ᠦᠵᠡᠯᠲᠡᠨ᠂ ᠦᠭᠡᠭᠦᠦ ᠠᠩᠭᠢ ᠵᠢᠨ ᠠᠭᠤᠤ ᠶᠡᠭᠡ ᠬᠤᠪᠢᠰᠬᠠᠯᠴᠢ᠂ ᠤᠯᠤᠰ ᠲᠥᠷᠥᠴᠢᠨ᠂ ᠴᠡᠷᠢᠭ᠎ᠤᠨ ᠶᠠᠪᠤᠳᠠᠯ᠎ᠤᠨ ᠡᠷᠳᠡᠮᠲᠡᠨ᠂ ᠭᠠᠳᠠᠭ᠋ᠠᠳᠤ ᠬᠠᠷᠢᠯᠴᠠᠭ᠋ᠠᠨ᠎ᠤ ᠤᠬᠠᠭ᠋ᠠᠨᠲᠠᠨ᠂ ᠤᠷᠲᠤ ᠬᠤᠭᠤᠴᠠᠭ᠋ᠠᠨ᠎ᠤ ᠰᠢᠯᠭ᠋ᠠᠯᠲᠠ ᠵᠢ ᠥᠩᠭᠡᠷᠡᠭᠡᠭᠰᠡᠨ ᠡᠪ ᠬᠠᠮᠲᠤ ᠶᠣᠰᠣᠨ᠎ᠤ ᠪᠠᠶ᠋ᠢᠯᠳᠤᠭᠴᠢ᠂ ᠨᠠᠮ᠎ᠤᠨ ᠬᠤᠶᠠᠳᠤᠭ᠋ᠠᠷ ᠦᠶ᠎ᠡ ᠵᠢᠨ ᠲᠥᠪ ᠬᠤᠷᠢᠶ᠎ᠠ ᠵᠢᠨ ᠤᠳᠤᠷᠢᠳᠬᠤ ᠬᠠᠮᠲᠤ ᠵᠢᠨ ᠭᠤᠣᠯᠯᠠᠭᠴᠢ᠂ ᠳᠤᠮᠳᠠᠳᠤ ᠤᠯᠤᠰ᠎ᠤᠨ ᠨᠡᠶ᠋ᠢᠭᠡᠮ ᠵᠢᠷᠤᠮ᠎ᠤᠨ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢᠨ ᠶᠡᠷᠦᠩᠬᠡᠢ ᠲᠥᠰᠥᠪᠯᠡᠭᠴᠢ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠵᠠᠮ᠎ᠢ ᠨᠡᠭᠡᠭᠡᠨ ᠡᠭᠦᠳᠦᠭᠴᠢ᠂ ᠳ᠋ᠧᠩ ᠰᠢᠶᠣᠣ ᠫᠢᠩ᠎ᠤᠨ ᠣᠨᠣᠯ᠎ᠤᠨ ᠭᠤᠣᠯ ᠡᠭᠦᠳᠦᠭᠴᠢ ᠮᠥᠨ᠂ ᠳᠡᠯᠡᠬᠡᠢ ᠵᠢᠨ ᠡᠩᠬᠡ ᠲᠠᠶ᠋ᠢᠪᠤᠩ ᠪᠠ ᠬᠥᠭᠵᠢᠯᠲᠡ᠎ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠠᠭᠤᠤ ᠶᠡᠭᠡ ᠢᠨᠲ᠋ᠧᠷᠨᠠᠼᠢᠣᠨᠠᠯ᠎ᠤᠨ ᠦᠵᠡᠯᠲᠡᠨ ᠮᠥᠨ᠃ ᠲᠡᠷᠡ ᠨᠠᠮ᠂ ᠠᠷᠠᠳ ᠲᠦᠮᠡᠨ᠂ ᠤᠯᠤᠰ ᠣᠷᠣᠨ᠂ ᠦᠨᠳᠦᠰᠦᠲᠡᠨ᠂ ᠳᠡᠯᠡᠬᠡᠢ ᠳ᠋ᠠᠬᠢᠨ᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠵᠦ᠂ ᠭᠠᠪᠢᠶ᠎ᠠ ᠵᠢᠳᠬᠦᠯ᠎ᠨᠢ ᠲᠡᠦᠬᠡᠨ ᠬᠠᠭᠤᠳᠠᠰᠤᠨ᠎ᠠ ᠲᠡᠮᠳᠡᠭᠯᠡᠭᠳᠡᠵᠦ᠂ ᠬᠤᠵᠢᠮ᠎ᠤᠨ ᠬᠥᠮᠥᠰ᠎ᠢ ᠥᠨᠢᠳᠡ ᠵᠣᠷᠢᠭᠵᠢᠭᠤᠯᠵᠤ ᠪᠠᠶ᠋ᠢᠨ᠎ᠠ ᠭᠡᠵᠦ ᠴᠢᠬᠤᠯᠠᠴᠢᠯᠠᠪᠠ᠃
8 ᠰᠠᠷ᠎ᠠ ᠵᠢᠨ 22᠎ᠤᠨ ᠡᠳᠦᠷ᠂ ᠨᠠᠮ᠎ᠤᠨ ᠲᠥᠪ ᠬᠤᠷᠢᠶ᠎ᠠ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠳ᠋ᠧᠩ ᠰᠢᠶᠣᠣ ᠫᠢᠩ ᠨᠥᠬᠦᠷ᠎ᠤᠨ ᠮᠡᠨᠳᠦᠯᠡᠭᠰᠡᠨ 120 ᠵᠢᠯ᠎ᠤᠨ ᠤᠢ ᠵᠢ ᠳᠤᠷᠠᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢ ᠵᠢᠨ ᠫᠢᠩ᠂ ᠵᠤᠤ ᠯᠧ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠶᠠᠷᠢᠯᠴᠠᠬᠤ ᠬᠤᠷᠠᠯ᠎ᠳᠤ ᠣᠷᠣᠯᠴᠠᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠶᠠᠨ ᠶᠠᠨ ᠰᠡᠭᠦᠳᠡᠷᠯᠡᠪᠡ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ ᠵᠤᠤ ᠯᠧ ᠵᠢᠢ᠂ ᠸᠠᠩ ᠬᠤ᠌ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ᠎ᠤᠨ ᠳᠡᠳ᠋ ᠲᠡᠷᠢᠭᠦᠯᠡᠭᠴᠢ ᠬᠠᠨ ᠵᠧᠩ ᠶᠠᠷᠢᠯᠴᠠᠬᠤ ᠬᠤᠷᠠᠯ᠎ᠳᠤ ᠣᠷᠣᠯᠴᠠᠵᠤ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ ᠼᠠᠢ ᠴᠢ ᠶᠠᠷᠢᠯᠴᠠᠬᠤ ᠬᠤᠷᠠᠯ᠎ᠢ ᠡᠷᠭᠢᠯᠡᠪᠡ᠃
ᠰᠢ ᠵᠢᠨ ᠫᠢᠩ ᠶᠠᠷᠢᠶᠠᠨ᠎ᠳᠠᠭᠠᠨ᠂ ᠳ᠋ᠧᠩ ᠰᠢᠶᠣᠣ ᠫᠢᠩ ᠨᠥᠬᠦᠷ᠎ᠤᠨ ᠨᠢᠭᠡ ᠨᠠᠰᠤ ᠪᠣᠯ ᠭᠡᠷᠡᠯ ᠰᠠᠴᠤᠷᠠᠩᠭᠤᠢ ᠨᠢᠭᠡ ᠨᠠᠰᠤ᠂ ᠲᠠᠶ᠋ᠢᠴᠢᠨ ᠨᠢᠭᠡ ᠨᠠᠰᠤ᠂ ᠠᠭᠤᠤ ᠶᠡᠭᠡ ᠨᠢᠭᠡ ᠨᠠᠰᠤ ᠮᠥᠨ᠃ ᠲᠡᠷᠡ ᠨᠠᠮ᠎ᠤᠨ ᠤᠳᠤᠷᠢᠳᠤᠭᠰᠠᠨ ᠦᠨᠳᠦᠰᠦᠲᠡᠨ᠎ᠤ ᠲᠤᠰᠠᠭ᠋ᠠᠷ ᠲᠣᠭᠲᠠᠨᠢᠯ ᠪᠠ ᠠᠷᠠᠳ᠎ᠤᠨ ᠴᠢᠯᠦᠭᠡᠯᠡᠯᠲᠡ ᠵᠢᠨ ᠦᠢ᠍ᠯᠡᠰ᠂ ᠰᠢᠨ᠎ᠡ ᠳᠤᠮᠳᠠᠳᠤ ᠤᠯᠤᠰ᠎ᠢ ᠪᠠᠶ᠋ᠢᠭᠤᠯᠬᠤ᠎ᠳᠤ ᠭᠠᠷᠮᠠᠭ᠋ᠠᠢ ᠬᠤᠪᠢ ᠨᠡᠮᠡᠷᠢ ᠦᠵᠡᠭᠦᠯᠵᠦ᠂ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠢ ᠪᠠᠶ᠋ᠢᠭᠤᠯᠬᠤ ᠪᠠ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠯᠲᠠ᠎ᠳᠤ ᠮᠠᠰᠢ ᠪᠦᠲᠦᠮᠵᠢᠲᠡᠢ ᠠᠵᠢᠯ ᠥᠷᠨᠢᠭᠦᠯᠪᠡ᠃ 《ᠰᠣᠶᠣᠯ᠎ᠤᠨ ᠶᠡᠭᠡ ᠬᠤᠪᠢᠰᠬᠠᠯ》 ᠳᠠᠭᠤᠰᠤᠭᠰᠠᠨ᠎ᠤ ᠳᠠᠷᠠᠭ᠎ᠠ᠂ ᠲᠡᠷᠡ ᠨᠠᠮ᠎ᠤᠨ ᠬᠤᠶᠠᠳᠤᠭ᠋ᠠᠷ ᠦᠶ᠎ᠡ ᠵᠢᠨ ᠲᠥᠪ ᠬᠤᠷᠢᠶ᠎ᠠ ᠵᠢᠨ ᠤᠳᠤᠷᠢᠳᠬᠤ ᠬᠠᠮᠲᠤ ᠵᠢᠨ ᠭᠤᠣᠯᠯᠠᠭᠴᠢ ᠪᠣᠯᠤᠭᠰᠠᠨ᠎ᠤ ᠬᠤᠪᠢ᠎ᠳᠤ᠂ ᠨᠠᠮ ᠪᠠ ᠠᠷᠠᠳ ᠲᠦᠮᠡᠨ᠎ᠢ ᠳᠠᠭ᠋ᠠᠭᠤᠯᠤᠨ ᠠᠭᠤᠤ ᠶᠡᠭᠡ ᠲᠡᠦᠬᠡᠨ ᠡᠷᠭᠢᠯᠲᠡ ᠵᠢ ᠪᠡᠶᠡᠯᠡᠭᠦᠯᠵᠦ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠰᠢᠨ᠎ᠡ ᠦᠰᠦᠷᠦᠯᠲᠡ ᠵᠢ ᠪᠡᠶᠡᠯᠡᠭᠦᠯᠬᠦ ᠵᠢ ᠠᠬᠢᠭᠤᠯᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠪᠠᠶ᠋ᠢᠳᠠᠯ᠎ᠢ ᠡᠭᠦᠳᠴᠦ᠂ ᠡᠬᠡ ᠤᠯᠤᠰ᠎ᠤᠨ ᠪᠦᠷᠢᠨ ᠨᠢᠭᠡᠳᠦᠯ᠎ᠢ ᠪᠡᠶᠡᠯᠡᠭᠦᠯᠬᠦ ᠵᠥᠪ ᠵᠠᠮ᠎ᠢ ᠲᠣᠭᠲᠠᠭ᠋ᠠᠵᠤ᠂ ᠭᠡᠷᠡᠯ ᠰᠠᠴᠤᠷᠠᠩᠭᠤᠢ ᠨᠡᠶ᠋ᠢᠭᠡᠮ ᠵᠢᠷᠤᠮ᠎ᠤᠨ ᠲᠤᠭ᠎ᠢ ᠡᠷᠡᠰ ᠬᠠᠮᠠᠭ᠋ᠠᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠠᠮᠵᠢᠯᠲᠠ᠎ᠲᠠᠢ ᠡᠭᠦᠳᠦᠨ ᠨᠡᠭᠡᠭᠡᠵᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠳ᠋ᠧᠩ ᠰᠢᠶᠣᠣ ᠫᠢᠩ ᠨᠥᠬᠦᠷ᠎ᠤᠨ ᠲᠡᠦᠬᠡᠲᠦ ᠭᠠᠪᠢᠶ᠎ᠠ ᠵᠢᠳᠬᠦᠯ ᠪᠣᠯ ᠪᠦᠭᠦ ᠲᠠᠯ᠎ᠠ ᠵᠢᠨ ᠪᠥᠭᠡᠳ ᠡᠭᠦᠳᠦᠯᠲᠡ ᠵᠢᠨ ᠴᠢᠨᠠᠷᠲᠠᠢ ᠶᠤᠮ᠂ ᠳᠤᠮᠳᠠᠳᠤ ᠤᠯᠤᠰ ᠪᠣᠯᠣᠨ ᠳᠡᠯᠡᠬᠡᠢ ᠳ᠋ᠠᠬᠢᠨ᠎ᠳᠤ ᠦᠵᠡᠭᠦᠯᠦᠭᠰᠡᠨ ᠨᠥᠯᠥᠭᠡ᠎ᠨᠢ ᠭᠦᠨ ᠭᠦᠨᠵᠡᠭᠡᠢ᠂ ᠠᠯᠤᠰ ᠭᠡᠳᠤ ᠵᠢᠨ ᠶᠤᠮ᠃ ᠲᠡᠭᠦᠨ᠎ᠤ ᠨᠢᠭᠡ ᠨᠠᠰᠤᠨ᠎ᠤ ᠲᠡᠮᠡᠴᠡᠯ᠎ᠤᠨ ᠥᠩᠭᠡᠷᠡᠯᠲᠡ᠎ᠨᠢ ᠡᠪ ᠬᠠᠮᠲᠤ ᠶᠣᠰᠣᠨ᠎ᠤ ᠠᠯᠤᠰ ᠭᠡᠳᠦ ᠵᠢᠨ ᠬᠦᠰᠡᠯᠡᠩ ᠪᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠲᠤᠬᠠᠢ ᠢᠲᠡᠭᠡᠯ ᠪᠢᠰᠢᠷᠡᠯ ᠬᠢᠵᠠᠭ᠋ᠠᠯᠠᠰᠢ ᠦᠭᠡᠢ ᠪᠠᠲᠤ ᠴᠢᠩᠭ᠎ᠠ ᠡᠷᠬᠢᠮ ᠳᠡᠭᠡᠳᠦ ᠵᠠᠩ ᠰᠤᠷᠲᠠᠯ᠂ ᠠᠷᠠᠳ ᠲᠦᠮᠡᠨ᠎ᠢ ᠬᠢᠵᠠᠭ᠋ᠠᠯᠠᠰᠢ ᠦᠭᠡᠢ ᠬᠠᠶ᠋ᠢᠷᠠᠯᠠᠬᠤ ᠠᠭᠤᠤ ᠶᠡᠭᠡ ᠬᠠᠶ᠋ᠢᠷ᠎ᠠ ᠰᠡᠳᠬᠢᠯᠭᠡ᠂ ᠦᠨᠡᠨ᠎ᠠᠴᠠ ᠵᠥᠪ᠎ᠢ ᠡᠷᠢᠬᠦ ᠤᠨᠤᠯ᠎ᠤᠨ ᠵᠠᠩ ᠴᠢᠨᠠᠷ᠂ ᠲᠠᠰᠤᠷᠠᠯᠲᠠ ᠦᠭᠡᠢ ᠵᠠᠮ ᠨᠡᠭᠡᠭᠡᠨ ᠰᠢᠨ᠎ᠡ ᠵᠢ ᠡᠭᠦᠳᠬᠦ ᠤᠯᠤᠰ ᠲᠦᠷᠦ ᠵᠢᠨ ᠰᠥᠰᠥ ᠵᠣᠷᠢᠭ᠂ ᠥᠨᠳᠥᠷ᠎ᠲᠤ ᠵᠣᠭᠰᠣᠨ ᠠᠯᠤᠰ᠎ᠢ ᠪᠠᠷᠠᠯᠠᠬᠤ ᠪᠠᠶ᠋ᠢᠯᠳᠤᠬᠤ ᠪᠣᠳᠣᠯᠭ᠎ᠠ ᠵᠢᠨ ᠰᠡᠳᠬᠢᠬᠦᠢ᠂ ᠠᠰᠪᠤᠷ ᠴᠠᠭ᠋ᠠᠪᠤᠷ ᠭᠤᠶᠠᠴᠢ ᠦᠭᠡᠢ ᠠᠭᠤᠳᠠᠮᠴᠢ ᠪᠠᠭᠲᠠᠭ᠋ᠠᠮᠵᠢᠲᠠᠢ ᠬᠡᠬᠦᠳᠡᠭ ᠴᠡᠭᠡᠵᠢ ᠵᠢ ᠭᠦᠢ᠍ᠴᠡᠳ ᠢᠯᠡᠷᠡᠭᠦᠯᠪᠡ᠃ ᠲᠡᠭᠦᠨ᠎ᠤ ᠠᠭᠤᠤ ᠶᠡᠭᠡ ᠲᠡᠦᠬᠡᠲᠦ ᠭᠠᠪᠢᠶ᠎ᠠ ᠵᠢᠳᠬᠦᠯ᠎ᠢ ᠪᠢᠳᠡ ᠡᠭᠦᠷᠢᠳᠡ ᠴᠡᠭᠡᠵᠢᠯᠡᠨ᠎ᠡ; ᠲᠡᠭᠦᠨ᠎ᠤ ᠡᠷᠬᠢᠮ ᠳᠡᠭᠡᠳᠦ ᠬᠤᠪᠢᠰᠬᠠᠯᠲᠤ ᠬᠡᠪ ᠨᠠᠮᠪᠠ ᠵᠢ ᠪᠢᠳᠡ ᠡᠭᠦᠷᠢᠳᠡ ᠬᠦᠨᠳᠦᠳᠬᠡᠨ ᠪᠢᠰᠢᠷᠡᠨ᠎ᠡ ᠭᠡᠵᠦ ᠴᠢᠬᠤᠯᠠᠴᠢᠯᠠᠪᠠ᠃
ᠰᠢ ᠵᠢᠨ ᠫᠢᠩ᠂ ᠳ᠋ᠧᠩ ᠰᠢᠶᠣᠣ ᠫᠢᠩ ᠨᠥᠬᠦᠷ᠎ᠤᠨ ᠪᠢᠳᠡᠨ᠎ᠳᠤ ᠦᠯᠡᠳᠡᠭᠡᠵᠦ ᠥᠭᠭᠦᠭᠰᠡᠨ ᠬᠠᠮᠤᠭ᠎ᠤᠨ ᠴᠢᠬᠤᠯᠠ ᠦᠵᠡᠯ ᠰᠠᠨᠠᠭ᠋ᠠᠨ᠎ᠤ ᠡᠳ᠋ ᠪᠠᠶᠠᠯᠢᠭ ᠪᠣᠯ ᠲᠡᠭᠦᠨ᠎ᠤ ᠭᠤᠣᠯᠯᠠᠨ ᠡᠭᠦᠳᠦᠨ ᠪᠠᠶ᠋ᠢᠭᠤᠯᠤᠭᠰᠠᠨ ᠳ᠋ᠧᠩ ᠰᠢᠶᠣᠣ ᠫᠢᠩ᠎ᠤᠨ ᠤᠨᠤᠯ ᠪᠣᠯᠣᠨ᠎ᠠ᠃ ᠳ᠋ᠧᠩ ᠰᠢᠶᠣᠣ ᠫᠢᠩ᠎ᠤᠨ ᠤᠨᠤᠯ ᠪᠣᠯ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨᠤ ᠴᠢᠬᠤᠯᠠ ᠪᠡᠯᠭᠡ ᠲᠡᠮᠳᠡᠭ ᠮᠥᠨ᠃ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠪᠢᠳᠡ ᠡᠷᠬᠡᠪᠰᠢ ᠳ᠋ᠧᠩ ᠰᠢᠶᠣᠣ ᠫᠢᠩ᠎ᠤᠨ ᠤᠨᠤᠯ᠎ᠢ ᠦᠷᠭᠦᠯᠵᠢᠯᠡᠨ ᠭᠦᠨᠵᠡᠭᠡᠢ ᠰᠤᠷᠤᠯᠴᠠᠨ ᠬᠡᠷᠡᠭᠯᠡᠵᠦ᠂ ᠲᠡᠭᠦᠨ᠎ᠤ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ᠂ ᠭᠤᠣᠯ ᠴᠢᠬᠤᠯᠠ ᠠᠭᠤᠯᠭ᠎ᠠ ᠵᠢ ᠪᠦᠷᠢᠨ ᠪᠦᠲᠦᠨ᠂ ᠵᠥᠪ ᠣᠨᠣᠪᠴᠢᠲᠠᠢ ᠣᠶ᠋ᠢᠯᠠᠭ᠋ᠠᠵᠤ᠂ ᠳ᠋ᠧᠩ ᠰᠢᠶᠣᠣ ᠫᠢᠩ ᠨᠥᠬᠦᠷ᠎ᠤᠨ ᠨᠡᠶ᠋ᠢᠭᠡᠮ ᠵᠢᠷᠤᠮ᠎ᠤᠨ ᠵᠢᠮ᠎ᠡ ᠶᠣᠰᠣᠴᠢ ᠴᠢᠨᠠᠷᠲᠠᠢ ᠲᠠᠨᠢᠯᠲᠠ᠎ᠳᠤ ᠰᠠᠭᠤᠷᠢᠯᠠᠨ ᠳᠤᠷᠠᠳᠤᠭᠰᠠᠨ ᠴᠢᠬᠤᠯᠠ ᠶᠡᠭᠡ ᠳ᠋ᠦᠩᠨᠡᠯᠲᠡ᠂ ᠦᠨᠳᠦᠰᠦᠨ ᠦᠵᠡᠯᠲᠡ᠂ ᠵᠥᠪ ᠵᠣᠷᠢᠯᠲᠠ ᠵᠢ ᠪᠠᠷᠢᠮᠲᠠᠯᠠᠬᠤ ᠮᠥᠷᠲᠡᠭᠡᠨ ᠪᠠᠰᠠ ᠲᠠᠰᠤᠷᠠᠯᠳᠠ ᠦᠭᠡᠢ ᠬᠤᠪᠢᠷᠠᠵᠤ ᠪᠠᠶ᠋ᠢᠭ᠎ᠠ ᠪᠠᠶ᠋ᠢᠳᠠᠯ᠎ᠢ ᠦᠨᠳᠦᠰᠦᠯᠡᠨ᠂ ᠤᠨᠤᠯ᠎ᠤᠨ ᠭᠤᠣᠯ ᠴᠢᠮᠦᠭᠡ ᠪᠠ ᠮᠥᠨ ᠴᠢᠨᠠᠷ᠎ᠢ᠎ᠨᠢ ᠵᠥᠪ ᠡᠵᠡᠮᠳᠡᠵᠦ᠂ ᠪᠣᠳᠠᠲᠤ ᠠᠰᠠᠭᠤᠳᠠᠯ᠎ᠢ ᠰᠢᠢ᠍ᠳᠪᠦᠷᠢᠯᠡᠬᠦ᠎ᠳᠤ ᠬᠡᠷᠡᠭᠯᠡᠵᠦ᠂ ᠦᠨᠡᠨ ᠶᠣᠰᠣ ᠵᠢ ᠭᠤᠶ᠋ᠢᠪᠢᠰᠢ ᠦᠭᠡᠢ ᠪᠠᠷᠢᠮᠲᠠᠯᠠᠨ᠂ ᠦᠢ᠍ᠯᠡᠳᠦᠯᠭᠡ ᠵᠢ ᠵᠢᠯᠤᠭᠤᠳᠬᠤ᠎ᠳᠤ ᠬᠡᠯᠪᠡᠶ᠋ᠢᠬᠦ ᠦᠭᠡᠢ ᠪᠠᠶ᠋ᠢᠬᠤ ᠵᠢ ᠪᠡᠶᠡᠯᠡᠭᠦᠯᠬᠦ ᠬᠡᠷᠡᠭᠲᠡᠢ᠃ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠣᠣ ᠫᠢᠩ᠎ᠤᠨ ᠣᠨᠣᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ ᠵᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠮᠠᠷᠺᠰ᠎ᠤᠨ ᠦᠵᠡᠯ᠎ᠤᠨ ᠠᠮᠢᠨ ᠰᠤᠳᠠᠰᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠦᠨᠳᠦᠰᠦ ᠰᠤᠷᠪᠤᠯᠵᠢ ᠵᠢ ᠢᠮᠠᠭᠲᠠ ᠪᠠᠲᠤ ᠰᠠᠬᠢᠵᠤ᠂ ᠬᠥᠮᠥᠨ ᠲᠥᠷᠥᠯᠬᠢᠲᠡᠨ᠎ᠤ ᠨᠡᠶ᠋ᠢᠭᠡᠮ᠎ᠤᠨ ᠠᠯᠢᠪᠠ ᠰᠢᠯᠢᠳᠡᠭ ᠪᠣᠯᠪᠠᠰᠤᠨ᠎ᠤ ᠦᠷ᠎ᠡ ᠪᠦᠲᠦᠭᠡᠯ ᠵᠶ᠋ᠠᠷ ᠲᠣᠯᠢ ᠪᠤᠯᠭ᠋ᠠᠬᠤ᠎ᠳᠠᠭᠠᠨ ᠴᠢᠳᠠᠮᠠᠭ᠋ᠠᠢ ᠪᠠᠶ᠋ᠢᠵᠤ᠂ ᠦᠨᠡᠨ ᠶᠣᠰᠣ ᠵᠢ ᠲᠠᠰᠤᠷᠠᠯᠲᠠ ᠦᠭᠡᠢ ᠰᠦᠪᠡᠭᠴᠢᠯᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠪᠣᠳᠠᠲᠠᠢ ᠠᠰᠠᠭᠤᠳᠠᠯ᠎ᠢ ᠭᠦᠨᠵᠡᠭᠡᠢ ᠰᠤᠳᠤᠯᠵᠤ᠂ ᠳᠤᠮᠳᠠᠳᠤ ᠤᠯᠤᠰ᠎ᠤᠨ ᠠᠰᠠᠭᠤᠯᠲᠠ᠂ ᠶᠢᠷᠲᠢᠨᠴᠦ ᠵᠢᠨ ᠠᠰᠠᠭᠤᠯᠲᠠ᠂ ᠠᠷᠠᠳ ᠲᠦᠮᠡᠨ᠎ᠤ ᠠᠰᠠᠭᠤᠯᠲᠠ᠂ ᠴᠠᠭ ᠦᠶ᠎ᠡ ᠵᠢᠨ ᠠᠰᠠᠭᠤᠯᠲᠠ ᠵᠢ ᠭᠦᠨᠵᠡᠭᠡᠢ ᠬᠠᠷᠢᠭᠤᠯᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠵᠢ ᠦᠷᠭᠦᠯᠵᠢᠯᠡᠨ ᠠᠬᠢᠭᠤᠯᠵᠤ᠂ ᠣᠳᠣ ᠦᠶ᠎ᠡ ᠵᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ 21 ᠳ᠋ᠦ᠍ᠭᠡᠷ ᠵᠠᠭᠤᠨ᠎ᠤ ᠮᠠᠷᠺᠰ᠎ᠤᠨ ᠦᠵᠡᠯ᠎ᠢ ᠨᠡᠩ ᠭᠡᠷᠡᠯ ᠰᠠᠴᠤᠷᠠᠩᠭᠤᠢ ᠦᠨᠡᠨ ᠶᠣᠰᠣᠨ᠎ᠤ ᠭᠡᠷᠡᠯ ᠭᠢᠯᠪᠠᠭ᠎ᠠ᠎ᠪᠠᠨ ᠰᠠᠴᠤᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠳ᠋ᠧᠩ ᠰᠢᠶᠣᠣ ᠫᠢᠩ ᠨᠥᠬᠦᠷ᠎ᠢ ᠳᠤᠷᠠᠰᠬᠠᠬᠤ ᠬᠠᠮᠤᠭ᠎ᠤᠨ ᠰᠠᠶ᠋ᠢᠨ ᠠᠷᠭ᠎ᠠ ᠪᠣᠯ ᠲᠡᠭᠦᠨ᠎ᠤ ᠡᠭᠦᠳᠦᠭᠰᠡᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠢ᠍ᠯᠡᠰ᠎ᠢ ᠦᠷᠭᠦᠯᠵᠢᠯᠡᠨ ᠤᠷᠤᠭᠰᠢ ᠠᠬᠢᠭᠤᠯᠬᠤ ᠶᠠᠪᠤᠳᠠᠯ ᠪᠣᠯᠣᠨ᠎ᠠ᠃ ᠪᠢᠳᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠡᠨᠡ ᠬᠦ᠌ ᠭᠤᠣᠯ ᠡᠭᠦᠷᠭᠡ ᠵᠢᠨ ᠲᠣᠭᠤᠷᠢᠨ᠎ᠳᠤ᠂ ᠤᠷᠢᠳᠤᠬᠢ ᠵᠢ ᠵᠠᠯᠭ᠋ᠠᠮᠵᠢᠯᠠᠨ ᠬᠤᠶ᠋ᠢᠰᠢᠬᠢ᠎ᠳᠤ ᠵᠠᠮ ᠨᠡᠭᠡᠭᠡᠵᠦ᠂ ᠡᠷᠡᠮᠡᠬᠡᠶ᠋ᠢᠯᠡᠨ ᠤᠷᠤᠭᠰᠢᠯᠠᠬᠤ ᠬᠡᠷᠡᠭᠲᠡᠢ᠃ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠳᠦᠷᠢᠮ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ᠃ ᠴᠢᠨᠠᠷ ᠰᠠᠶ᠋ᠢᠲᠠᠢ ᠬᠥᠭᠵᠢᠭᠦᠯᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠵᠢ ᠴᠢᠩᠭ᠎ᠠ ᠠᠳᠬᠤᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ᠎ᠪᠠᠷ ᠲᠤᠭᠤᠰᠢᠯᠠᠭᠤᠯᠵᠤ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠢ ᠪᠠᠶ᠋ᠢᠷᠢᠰᠢᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ 《ᠳᠥᠷᠪᠡᠨ ᠪᠦᠭᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠵᠤ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠬᠦ ᠵᠢ ᠠᠬᠢᠭᠤᠯᠵᠤ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠶᠡᠭᠡ᠎ᠪᠠᠷ ᠬᠥᠭᠵᠢᠭᠦᠯᠵᠦ᠂ ᠪᠣᠳᠠᠰ᠎ᠤᠨ ᠪᠣᠯᠪᠠᠰᠤᠨ ᠪᠣᠯᠣᠨ ᠣᠶᠤᠨ᠎ᠤ ᠪᠣᠯᠪᠠᠰᠤᠨ᠎ᠢ ᠬᠠᠷᠢᠯᠴᠠᠨ ᠵᠣᠬᠢᠴᠠᠭᠤᠯᠤᠭᠰᠠᠨ᠂ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠰᠠᠶ᠋ᠢᠨ ᠰᠠᠶ᠋ᠢᠬᠠᠨ ᠪᠠᠶ᠋ᠢᠳᠠᠯ᠎ᠢ ᠪᠦᠷᠢᠯᠳᠦᠭᠦᠯᠬᠦ ᠬᠡᠷᠡᠭᠲᠡᠢ᠃ ᠠᠷᠠᠳ ᠲᠦᠮᠡᠨ᠎ᠢ ᠳᠡᠭᠡᠳᠦᠯᠡᠬᠦ ᠵᠢ ᠪᠠᠷᠢᠮᠲᠠᠯᠠᠵᠤ᠂ ᠪᠦᠭᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠵᠦ᠂ ᠨᠡᠩ ᠥᠨᠳᠥᠷ ᠲᠦᠪᠰᠢᠨ ᠪᠦᠬᠦᠢ ᠬᠠᠤᠯᠢ᠎ᠪᠠᠷ ᠵᠠᠰᠠᠬᠤ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠵᠤ᠂ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠵᠢ ᠪᠠᠷᠢᠮᠲᠠᠯᠠᠵᠤ᠂ ᠪᠦᠭᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠵᠢ ᠠᠬᠢᠭᠤᠯᠵᠤ ᠲᠠᠰᠤᠷᠠᠯᠲᠠ ᠦᠭᠡᠢ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠢ ᠪᠤᠯᠭ᠋ᠠᠬᠤ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠵᠤ᠂ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠵᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠵᠤ ᠴᠢᠨᠠᠷ ᠰᠠᠶ᠋ᠢᠲᠠᠢ ᠬᠥᠭᠵᠢᠭᠦᠯᠬᠦ ᠵᠢ ᠠᠬᠢᠭᠤᠯᠵᠤ᠂ ᠨᠡᠭᠡᠭᠡᠯᠲᠡ ᠪᠣᠯᠣᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠵᠦ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠬᠠᠮᠠᠭ᠋ᠠᠯᠠᠬᠤ ᠬᠡᠷᠡᠭᠲᠡᠢ᠃ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠤᠶ᠋ᠢᠪᠢᠰᠢ ᠦᠭᠡᠢ ᠠᠬᠢᠭᠤᠯᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠭᠦᠯᠵᠦ᠂ ᠢᠯᠵᠢᠷᠡᠯ᠎ᠢ ᠡᠰᠡᠷᠭᠦᠴᠡᠬᠦ ᠲᠡᠮᠡᠴᠡᠯ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠤᠳᠠᠭ᠋ᠠᠨ ᠳᠠᠭ᠋ᠠᠭ᠋ᠠᠮᠠᠭ᠋ᠠᠢ ᠳᠠᠶ᠋ᠢᠨ᠎ᠤ ᠢᠯᠠᠯᠲᠠ ᠵᠢ ᠵᠠᠪᠠᠯ ᠲᠡᠮᠡᠴᠡᠨ ᠣᠯᠵᠤ᠂ ᠨᠠᠮ ᠡᠭᠦᠷᠢᠳᠡ ᠴᠢᠨᠠᠷ ᠬᠤᠪᠢᠷᠠᠬᠤ ᠦᠭᠡᠢ ᠥᠩᠭᠡ ᠬᠤᠪᠢᠷᠠᠬᠤ ᠦᠭᠡᠢ ᠰᠤᠷᠲᠠᠯ ᠬᠤᠪᠢᠷᠠᠬᠤ ᠦᠭᠡᠢ ᠪᠠᠶ᠋ᠢᠬᠤ ᠵᠢ ᠪᠠᠲᠤᠯᠠᠵᠤ᠂ ᠢᠮᠠᠭᠲᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠵᠠᠢ᠃
ᠰᠢ ᠵᠢᠨ ᠫᠢᠩ᠂ ᠡᠬᠡ ᠤᠯᠤᠰ᠎ᠤᠨ ᠪᠦᠷᠢᠨ ᠨᠢᠭᠡᠳᠦᠯ᠎ᠢ ᠪᠡᠶᠡᠯᠡᠭᠦᠯᠬᠦ ᠪᠣᠯ ᠮᠠᠤ ᠽᠧ ᠳ᠋ᠦᠩ᠂ ᠳ᠋ᠧᠩ ᠰᠢᠶᠣᠣ ᠫᠢᠩ ᠵᠡᠷᠭᠡ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠤᠤᠭ᠋ᠠᠯ ᠬᠦᠰᠡᠯ ᠮᠥᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠳᠤᠮᠳᠠᠳᠤ ᠵᠢᠨ ᠬᠥᠪᠡᠭᠦᠳ ᠥᠬᠢᠳ᠎ᠤᠨ ᠬᠠᠮᠲᠤ ᠵᠢᠨ ᠬᠦᠰᠡᠯ ᠡᠷᠡᠮᠡᠯᠵᠡᠯ ᠮᠥᠨ᠂ ᠪᠠᠰᠠ ᠴᠤ᠌ ᠬᠤᠷᠢᠭᠯᠠᠭᠳᠠᠰᠢ ᠦᠭᠡᠢ ᠲᠡᠦᠬᠡ ᠵᠢᠨ ᠤᠷᠤᠰᠬᠠᠯ ᠮᠥᠨ᠃ ᠪᠢᠳᠡ 《ᠨᠢᠭᠡ ᠤᠯᠤᠰ᠎ᠲᠤ ᠬᠤᠶᠠᠷ ᠪᠠᠶ᠋ᠢᠭᠤᠯᠤᠯ᠎ᠢ ᠬᠡᠷᠡᠭᠵᠢᠭᠦᠯᠬᠦ》᠂ 《ᠰᠢᠶᠠᠩᠭ᠋ᠠᠡᠭᠴᠤᠳ ᠰᠢᠶᠠᠩᠭ᠋ᠠᠩ᠎ᠢ ᠵᠠᠰᠠᠬᠤ》᠂ 《ᠣᠣᠮᠧᠨᠴᠤᠳ ᠣᠣᠮᠧᠨ᠎ᠢ ᠵᠠᠰᠠᠬᠤ》᠂ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭᠯᠡᠯᠲᠡ ᠵᠢ ᠦᠷᠭᠦᠯᠵᠢᠯᠡᠨ ᠪᠦᠭᠦ ᠲᠠᠯ᠎ᠠ᠎ᠪᠠᠷ ᠣᠨᠣᠪᠴᠢᠲᠠᠢ᠂ ᠭᠤᠶ᠋ᠢᠪᠢᠰᠢ ᠦᠭᠡᠢ ᠲᠤᠭᠤᠰᠢᠯᠠᠭᠤᠯᠵᠤ᠂ ᠰᠢᠶᠠᠩᠭ᠋ᠠᠩ᠂ ᠣᠣᠮᠧᠨ᠎ᠤ ᠤᠯᠤᠰ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠤᠯᠠᠮ ᠨᠢᠭᠡ ᠠᠯᠬᠤᠮ ᠠᠭᠤᠰᠤᠨ ᠣᠷᠣᠵᠤ᠂ ᠨᠡᠩ ᠰᠠᠶ᠋ᠢᠨ ᠬᠥᠭᠵᠢᠯᠲᠡ ᠵᠢ ᠪᠡᠶᠡᠯᠡᠭᠦᠯᠬᠦ ᠵᠢ ᠳᠡᠮᠵᠢᠨ ᠠᠬᠢᠭᠤᠯᠬᠤ ᠬᠡᠷᠡᠭᠲᠡᠢ᠃ ᠪᠢᠳᠡ ᠰᠢᠨ᠎ᠡ ᠴᠠᠭ ᠦᠶ᠎ᠡ ᠵᠢᠨ ᠨᠠᠮ᠎ᠤᠨ ᠲᠠᠶ᠋ᠢᠸᠠᠨ᠎ᠤ ᠠᠰᠠᠭᠤᠳᠠᠯ᠎ᠢ ᠰᠢᠢ᠍ᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠵᠢ ᠭᠤᠶ᠋ᠢᠪᠢᠰᠢ ᠦᠭᠡᠢ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶ᠋ᠢᠬᠤ ᠵᠠᠷᠴᠢᠮ ᠪᠠ 《ᠶᠡᠷᠡᠨ ᠬᠤᠶᠠᠷ ᠣᠨ᠎ᠤ ᠬᠠᠮᠲᠤ ᠵᠢᠨ ᠲᠠᠨᠢᠯᠲᠠ》 ᠵᠢ ᠪᠠᠷᠢᠮᠲᠠᠯᠠᠵᠤ᠂ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠬᠠᠷᠢᠯᠴᠠᠭ᠎ᠠ ᠵᠢᠨ ᠨᠠᠶ᠋ᠢᠷᠠᠮᠳᠠᠯ ᠵᠶ᠋ᠠᠷ ᠬᠥᠭᠵᠢᠬᠦ ᠵᠢ ᠠᠬᠢᠭᠤᠯᠵᠤ᠂ 《ᠲᠠᠶ᠋ᠢᠸᠠᠨ᠎ᠢ ᠲᠤᠰᠠᠭ᠋ᠠᠷ ᠲᠣᠭᠲᠠᠨᠢᠭᠤᠯᠬᠤ》 ᠵᠢ ᠡᠷᠡᠰ ᠡᠰᠡᠷᠭᠦᠴᠡᠵᠦ᠂ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠬᠡᠷ᠎ᠤᠨ ᠪᠦᠷᠢᠨ ᠪᠦᠲᠦᠨ᠎ᠢ ᠬᠠᠮᠠᠭ᠋ᠠᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
ᠰᠢ ᠵᠢᠨ ᠫᠢᠩ᠂ ᠳᠤᠮᠳᠠᠳᠤ ᠤᠯᠤᠰ ᠪᠣᠯ ᠳᠡᠯᠡᠬᠡᠢ ᠵᠢᠨ ᠡᠩᠬᠡ ᠲᠠᠶ᠋ᠢᠪᠤᠩ᠎ᠢ ᠬᠠᠮᠠᠭ᠋ᠠᠯᠠᠬᠤ ᠡᠷᠡᠰ ᠪᠠᠲᠤ ᠬᠦᠴᠦᠨ ᠮᠥᠨ᠃ ᠪᠢᠳᠡ ᠡᠩᠬᠡ ᠲᠠᠶ᠋ᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠰᠢᠭ ᠭᠦᠷᠲᠡᠭᠦ ᠲᠤᠭ᠎ᠢ ᠢᠮᠠᠭᠲᠠ ᠥᠨᠳᠥᠷ ᠮᠠᠨᠳᠤᠭᠤᠯᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠵᠤ᠂ ᠪᠦᠭᠦ ᠬᠥᠮᠥᠨ ᠲᠥᠷᠥᠯᠬᠢᠲᠡᠨ᠎ᠤ ᠬᠠᠮᠲᠤ ᠵᠢᠨ ᠥᠷᠲᠡᠭ᠎ᠢ ᠪᠠᠳᠠᠷᠠᠭᠤᠯᠵᠤ᠂ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠨᠠᠶ᠋ᠢᠳᠠᠪᠤᠷᠢᠵᠢᠭᠤᠯᠵᠤ᠂ ᠪᠦᠭᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ ᠪᠠ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠠᠬᠢᠴᠠ᠎ᠪᠠᠷ ᠳᠡᠯᠡᠬᠡᠢ ᠳ᠋ᠠᠬᠢᠨ᠎ᠳᠤ ᠲᠠᠰᠤᠷᠠᠯᠲᠠ ᠦᠭᠡᠢ ᠰᠢᠨ᠎ᠡ ᠠᠵᠠ ᠲᠣᠭᠢᠶᠠᠯ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠵᠠᠢ᠃
ᠼᠠᠢ ᠴᠢ ᠬᠤᠷᠠᠯ᠎ᠢ ᠡᠷᠭᠢᠯᠡᠭᠦ᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠳ᠋ᠧᠩ ᠰᠢᠶᠣᠣ ᠫᠢᠩ ᠨᠥᠬᠦᠷ᠎ᠤᠨ ᠭᠡᠷᠡᠯ ᠰᠠᠴᠤᠷᠠᠩᠭᠤᠢ᠂ ᠲᠠᠶ᠋ᠢᠴᠢᠨ᠂ ᠠᠭᠤᠤ ᠶᠡᠭᠡ ᠨᠢᠭᠡ ᠨᠠᠰᠤ ᠵᠢ ᠭᠦᠨᠵᠡᠭᠡᠢ ᠡᠷᠭᠢᠴᠡᠭᠦᠯᠵᠦ᠂ ᠳ᠋ᠧᠩ ᠰᠢᠶᠣᠣ ᠫᠢᠩ ᠨᠥᠬᠦᠷ ᠨᠠᠮ ᠪᠣᠯᠣᠨ ᠠᠷᠠᠳ ᠲᠦᠮᠡᠨ᠎ᠢ ᠳᠠᠭ᠋ᠠᠭᠤᠯᠤᠨ ᠮᠠᠨ᠎ᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠪᠣᠯᠣᠨ ᠨᠡᠶ᠋ᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠴᠠᠭ ᠦᠶ᠎ᠡ ᠵᠢ ᠠᠮᠵᠢᠯᠲᠠ᠎ᠲᠠᠢ ᠨᠡᠭᠡᠭᠡᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠡᠭᠦᠳᠴᠦ᠂ ᠳ᠋ᠧᠩ ᠰᠢᠶᠣᠣ ᠫᠢᠩ᠎ᠤᠨ ᠤᠨᠤᠯ᠎ᠢ ᠡᠭᠦᠳᠦᠭᠰᠡᠨ ᠠᠭᠤᠤ ᠶᠡᠭᠡ ᠲᠡᠦᠬᠡᠲᠦ ᠭᠠᠪᠢᠶ᠎ᠠ ᠵᠢᠳᠬᠦᠯ᠎ᠢ ᠳᠡᠭᠡᠳᠦ ᠬᠡᠮᠵᠢᠶ᠎ᠡ᠎ᠪᠠᠷ ᠦᠨᠡᠯᠡᠵᠦ᠂ ᠳ᠋ᠧᠩ ᠰᠢᠶᠣᠣ ᠫᠢᠩ᠎ᠤᠨ ᠤᠨᠤᠯ᠎ᠢ ᠦᠷᠭᠦᠯᠵᠢᠯᠡᠨ ᠭᠦᠨᠵᠡᠭᠡᠢ ᠰᠤᠷᠤᠯᠴᠠᠨ ᠬᠡᠷᠡᠭᠯᠡᠵᠦ᠂ ᠳ᠋ᠧᠩ ᠰᠢᠶᠣᠣ ᠫᠢᠩ ᠨᠥᠬᠦᠷ᠎ᠤᠨ ᠡᠷᠬᠢᠮ ᠳᠡᠭᠡᠳᠦ ᠬᠤᠪᠢᠰᠬᠠᠯ᠎ᠤᠨ ᠬᠡᠪ ᠨᠠᠮᠪᠠ ᠵᠢ ᠰᠤᠷᠤᠯᠴᠠᠵᠦ᠂ ᠲᠡᠭᠦᠨ᠎ᠤ ᠡᠭᠦᠳᠦᠭᠰᠡᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ᠎ᠢ ᠦᠷᠭᠦᠯᠵᠢᠯᠡᠨ ᠤᠷᠤᠭᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠥᠨᠳᠥᠷ᠎ᠲᠤ ᠵᠣᠭᠰᠣᠨ ᠠᠯᠤᠰ᠎ᠢ ᠪᠠᠷᠠᠯᠠᠵᠦ᠂ ᠰᠣᠳᠣ ᠮᠡᠷᠭᠡᠨ ᠭᠦᠨ ᠭᠦᠨᠵᠡᠭᠡᠢ ᠪᠠᠶ᠋ᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭ᠋ᠠᠴᠢ ᠴᠢᠨᠠᠷ᠂ ᠵᠢᠯᠤᠭᠤᠳᠬᠤ ᠴᠢᠨᠠᠷᠲᠠᠢ ᠪᠠᠶ᠋ᠢᠵᠤ᠂ ᠮᠠᠨ᠎ᠤ ᠨᠠᠮ᠎ᠤᠨ ᠰᠢᠨ᠎ᠡ ᠴᠠᠭ ᠦᠶ᠎ᠡ ᠵᠢᠨ ᠨᠥᠬᠦᠴᠡᠯ ᠳᠣᠣᠷ᠎ᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠵᠢ ᠵᠢᠯᠤᠭᠤᠳᠬᠤ᠎ᠳᠤ ᠴᠢᠬᠤᠯᠠ ᠶᠡᠭᠡ ᠠᠴᠢ ᠬᠤᠯᠪᠣᠭᠳᠠᠯ᠎ᠲᠠᠢ ᠶᠤᠮ᠃ ᠪᠢᠳᠡ ᠨᠠᠷᠢᠨ ᠬᠢᠨᠠᠮᠠᠭ᠋ᠠᠢ ᠰᠤᠷᠤᠯᠴᠠᠨ ᠣᠶ᠋ᠢᠯᠠᠭ᠋ᠠᠵᠤ᠂ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠴᠢᠷᠮᠠᠶ᠋ᠢᠨ ᠲᠡᠮᠡᠴᠡᠬᠦ ᠬᠡᠷᠡᠭᠲᠡᠢ ᠭᠡᠪᠡ᠃
ᠶᠠᠷᠢᠯᠴᠠᠬᠤ ᠬᠤᠷᠠᠯ ᠳᠡᠭᠡᠷ᠎ᠡ᠂ ᠲᠥᠪ᠎ᠤᠨ ᠨᠠᠮ᠎ᠤᠨ ᠲᠡᠦᠬᠡ ᠪᠠ ᠲᠤᠯᠭᠤᠷ ᠪᠢᠴᠢᠭ᠎ᠤᠨ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠴᠢᠦᠢ ᠴᠢᠩ ᠱᠠᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠭᠡᠰᠢᠭᠦᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠤᠯᠤᠰ ᠲᠦᠷᠦ ᠵᠢᠨ ᠠᠵᠢᠯ᠎ᠤᠨ ᠬᠡᠯᠲᠡᠰ᠎ᠤᠨ ᠡᠷᠭᠢᠯᠡᠭᠴᠢ ᠮᠢᠶᠣᠣ ᠬᠤᠸᠠ᠂ ᠰᠧᠴᠤᠸᠠᠨ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠸᠠᠩ ᠰᠢᠶᠣᠣ ᠬᠤᠢ ᠤᠷᠢᠳ ᠬᠤᠵᠢᠳ ᠦᠭᠡ ᠬᠡᠯᠡᠪᠡ᠃
ᠪᠡᠭᠡᠵᠢᠩ᠎ᠳᠤ ᠪᠠᠶ᠋ᠢᠭ᠎ᠠ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠠᠷᠢᠯᠴᠠᠬᠤ ᠬᠤᠷᠠᠯ᠎ᠳᠤ ᠣᠷᠣᠯᠴᠠᠪᠠ᠃
ᠲᠥᠪ᠎ᠤᠨ ᠨᠠᠮ ᠵᠠᠰᠠᠭ ᠴᠡᠷᠢᠭ ᠤᠯᠠᠨ ᠲᠦᠮᠡᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ ᠬᠤᠳᠠ᠂ ᠰᠧᠴᠤᠸᠠᠨ ᠮᠤᠵᠢ ᠵᠢᠨ ᠨᠠᠮ᠎ᠤᠨ ᠬᠤᠷᠢᠶ᠎ᠠ ᠵᠢᠨ ᠬᠠᠷᠢᠭᠤᠴᠠᠯᠭ᠋ᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ᠎ᠤᠨ ᠲᠥᠪ ᠬᠤᠷᠢᠶ᠎ᠠ᠂ ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠤᠯᠪᠤᠭ᠎ᠠ ᠵᠢᠨ ᠬᠠᠷᠢᠭᠤᠴᠠᠯᠭ᠋ᠠᠲᠠᠨ ᠪᠣᠯᠣᠨ ᠨᠠᠮ ᠪᠦᠯᠦᠭ᠎ᠤᠨ ᠪᠤᠰᠤ ᠬᠥᠮᠥᠰ᠎ᠤᠨ ᠲᠥᠯᠥᠭᠡᠯᠡᠭᠴᠢ᠂ ᠳ᠋ᠧᠩ ᠰᠢᠶᠣᠣ ᠫᠢᠩ ᠨᠥᠬᠦᠷ᠎ᠤᠨ ᠲᠦᠷᠦᠯ ᠰᠠᠳᠤᠨ᠂ ᠤᠤᠯ᠎ᠤᠨ ᠳᠡᠷᠭᠡᠳᠡᠬᠢ ᠠᠵᠢᠯᠲᠠᠨ ᠪᠣᠯᠣᠨ ᠨᠤᠲᠤᠭ᠎ᠤᠨ ᠬᠢᠨᠢ ᠲᠥᠯᠥᠭᠡᠯᠡᠭᠴᠢ ᠵᠢᠴᠢ 《ᠪᠦᠭᠦ ᠤᠯᠤᠰ᠎ᠤᠨ ᠳ᠋ᠧᠩ ᠰᠢᠶᠣᠣ ᠫᠢᠩ ᠨᠥᠬᠦᠷ᠎ᠤᠨ ᠮᠡᠨᠳᠦᠯᠡᠭᠰᠡᠨ 120 ᠵᠢᠯ᠎ᠤᠨ ᠤᠢ ᠵᠢ ᠳᠤᠷᠠᠰᠬᠠᠬᠤ ᠡᠷᠳᠡᠮ ᠰᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ》᠎ᠳᠤ ᠣᠷᠣᠯᠴᠠᠬᠰᠠᠨ ᠲᠥᠯᠥᠭᠡᠯᠡᠭᠴᠢ ᠨᠠᠷ ᠶᠠᠷᠢᠯᠴᠠᠬᠤ ᠬᠤᠷᠠᠯ᠎ᠳᠤ ᠣᠷᠣᠯᠴᠠᠪᠠ᠃