ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠦᠨᠡᠨ》 ᠰᠡᠳᠭᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠭᠦᠷᠭᠡ ᠬᠠᠷᠢᠭᠤᠴᠠᠯᠭ᠎ᠠ
ᠨᠡᠶ᠋ᠢᠲᠡᠯᠡᠭᠰᠡᠨ ᠴᠠᠭ᠄ 2024-07-01

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 6 ᠰᠠᠷ᠎ᠠ ᠵᠢᠨ 30᠎ᠤ ᠴᠠᠭᠢᠯᠭ᠋ᠠᠨ ᠮᠡᠳᠡᠭᠡ 7 ᠰᠠᠷ᠎ᠠ ᠵᠢᠨ 1᠎ᠤ ᠡᠳᠦᠷ ᠬᠡᠪᠯᠡᠭᠳᠡᠬᠦ 13 ᠳ᠋ᠤᠭ᠋ᠠᠷ ᠬᠤᠭᠤᠴᠠᠭ᠎ᠠ ᠵᠢᠨ 《ᠦᠨᠡᠨ》 ᠰᠡᠳᠬᠦᠯ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ᠎ᠤᠨ 2022 ᠣᠨ᠎ᠤ 10 ᠰᠠᠷ᠎ᠠ ᠵᠢᠨ 16᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠤᠳᠠᠭ᠎ᠠ ᠵᠢᠨ ᠪᠦᠭᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ᠎ᠤᠨ ᠨᠢᠭᠡ ᠬᠡᠰᠡᠭ ᠪᠤᠯᠬᠤ 《ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠭᠦᠷᠭᠡ ᠬᠠᠷᠢᠭᠤᠴᠠᠯᠭ᠎ᠠ》 ᠵᠢ ᠨᠡᠶ᠋ᠢᠲᠡᠯᠡᠪᠡ᠃
      ᠵᠣᠬᠢᠶᠠᠯ᠎ᠳᠤ᠂ ᠤᠳᠤ᠎ᠠᠴᠠ ᠡᠬᠢᠯᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠤᠣᠯ ᠡᠭᠦᠷᠭᠡ ᠪᠣᠯ ᠳᠠᠷᠤᠢ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ ᠶᠠᠪᠤᠳᠠᠯ ᠪᠣᠯᠣᠨ᠎ᠠ ᠭᠡᠵᠦ ᠴᠢᠬᠤᠯᠠᠴᠢᠯᠠᠪᠠ᠃
      ᠵᠣᠬᠢᠶᠠᠯ᠎ᠳᠤ᠂ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠭ᠋ᠠᠰᠢᠬᠢ ᠤᠷᠳᠤ ᠬᠤᠭᠤᠴᠠᠭ᠋ᠠᠨ᠎ᠤ ᠰᠦᠪᠡᠭᠴᠢᠯᠡᠯᠲᠡ ᠪᠠ ᠦᠢ᠍ᠯᠡᠳᠦᠯᠭᠡ ᠵᠢᠨ ᠰᠠᠭᠤᠷᠢᠨ ᠳᠡᠭᠡᠷ᠎ᠡ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢᠬᠢ ᠤᠨᠤᠯ ᠪᠠ ᠦᠢ᠍ᠯᠡᠳᠦᠯᠭᠡ ᠵᠢᠨ ᠲᠠᠯ᠎ᠠ᠎ᠪᠠᠷ ᠰᠢᠨ᠎ᠡ ᠵᠢ ᠡᠭᠦᠳᠬᠦ ᠰᠢᠪᠲᠤᠯᠤᠯᠲᠠ ᠬᠢᠬᠦ᠎ᠪᠠᠷ ᠲᠠᠮᠵᠢᠨ᠂ ᠮᠠᠨ᠎ᠤ ᠨᠠᠮ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠮᠵᠢᠯᠲᠠ᠎ᠲᠠᠢ᠎ᠪᠠᠷ ᠠᠬᠢᠭᠤᠯᠤᠨ ᠥᠷᠭᠡᠳᠬᠡᠪᠡ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠨᠡᠶ᠋ᠢᠭᠡᠮ ᠵᠢᠷᠤᠮᠲᠤ ᠣᠳᠣᠬᠢᠴᠢᠯᠠᠯᠲᠠ ᠮᠥᠨ᠂ ᠡᠯ᠎ᠡ ᠤᠯᠤᠰ᠎ᠤᠨ ᠣᠳᠣᠬᠢᠴᠢᠯᠠᠯᠲᠠ ᠵᠢᠨ ᠬᠠᠮᠲᠤ ᠵᠢᠨ ᠣᠨᠴᠠᠯᠢᠭ᠎ᠲᠠᠢ ᠪᠥᠭᠡᠳ ᠨᠡᠩ ᠴᠤ᠌ ᠥᠪᠡᠷ᠎ᠤᠨ ᠤᠯᠤᠰ᠎ᠤᠨ ᠪᠠᠶ᠋ᠢᠳᠠᠯ᠎ᠳᠠᠭᠠᠨ ᠰᠠᠭᠤᠷᠢᠯᠠᠭᠰᠠᠨ ᠳᠤᠮᠳᠠᠳᠤ ᠤᠯᠤᠰ᠎ᠤᠨ ᠣᠨᠴᠠᠯᠢᠭ᠎ᠲᠠᠢ ᠶᠤᠮ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠬᠥᠮᠥᠨ ᠠᠮᠠ ᠵᠢᠨ ᠬᠡᠪᠴᠢᠶ᠎ᠡ᠎ᠪᠠᠷ ᠯᠤᠲᠤ ᠶᠡᠭᠡ ᠣᠳᠣᠬᠢᠴᠢᠯᠠᠯᠲᠠ᠂ ᠪᠦᠭᠦ ᠠᠷᠠᠳ ᠲᠦᠮᠡᠨ ᠬᠠᠮᠲᠤ᠎ᠪᠠᠷ ᠪᠠᠶᠠᠵᠢᠬᠤ ᠣᠳᠣᠬᠢᠴᠢᠯᠠᠯᠲᠠ᠂ ᠪᠣᠳᠠᠰ᠎ᠤᠨ ᠪᠣᠯᠪᠠᠰᠤᠨ ᠪᠠ ᠣᠶᠤᠨ᠎ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ᠂ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ᠂ ᠡᠩᠬᠡ ᠲᠠᠶ᠋ᠢᠪᠤᠩ ᠬᠥᠭᠵᠢᠯᠲᠡ ᠵᠢᠨ ᠵᠠᠮ ᠵᠶ᠋ᠠᠷ ᠵᠠᠮᠨᠠᠬᠤ ᠣᠳᠣᠬᠢᠴᠢᠯᠠᠯᠲᠠ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠮᠥᠨ ᠴᠢᠨᠠᠷ᠎ᠤᠨ ᠱᠠᠭ᠋ᠠᠷᠳᠠᠯᠭ᠎ᠠ ᠪᠣᠯ᠄ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠪᠠᠷᠢᠮᠲᠠᠯᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠵᠦ᠂ ᠪᠦᠭᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠵᠦ᠂ ᠠᠷᠠᠳ ᠲᠦᠮᠡᠨ᠎ᠤ ᠣᠶᠤᠨ ᠰᠠᠨᠠᠭ᠋ᠠᠨ᠎ᠤ ᠶᠢᠷᠲᠢᠨᠴᠦ ᠵᠢ ᠪᠠᠶᠠᠯᠢᠭᠵᠢᠭᠤᠯᠵᠤ᠂ ᠪᠦᠭᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠵᠦ᠂ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠢ ᠠᠬᠢᠭᠤᠯᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠵᠤ᠂ ᠬᠥᠮᠥᠨ ᠲᠥᠷᠥᠯᠬᠢᠲᠡᠨ᠎ᠤ ᠪᠣᠯᠪᠠᠰᠤᠨ᠎ᠤ ᠰᠢᠨ᠎ᠡ ᠭᠡᠯᠪᠡᠷᠢ ᠪᠠᠶ᠋ᠢᠳᠠᠯ᠎ᠢ ᠡᠭᠦᠳᠬᠦ ᠶᠠᠪᠤᠳᠠᠯ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃
      ᠵᠣᠬᠢᠶᠠᠯ᠎ᠳᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ᠂ ᠶᠡᠷᠦᠩᠬᠡᠢ ᠪᠠᠶ᠋ᠢᠯᠳᠤᠬᠤ ᠪᠣᠳᠣᠯᠭ᠎ᠠ ᠵᠢᠨ ᠲᠣᠬᠢᠷᠠᠭᠤᠯᠤᠯᠲᠠ ᠪᠣᠯ ᠬᠤᠶᠠᠷ ᠠᠯᠬᠤᠮ ᠵᠶ᠋ᠠᠷ ᠶᠠᠪᠤᠬᠤ ᠶᠠᠪᠤᠳᠠᠯ ᠪᠣᠯᠣᠨ᠎ᠠ᠄ 2020 ᠣᠨ᠎ᠠᠴᠠ 2035 ᠣᠨ ᠪᠤᠯᠲᠠᠯ᠎ᠠ ᠨᠡᠶ᠋ᠢᠭᠡᠮ ᠵᠢᠷᠤᠮᠲᠤ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠦᠨ᠎ᠡ; 2035 ᠣᠨ᠎ᠠᠴᠠ ᠲᠤᠰ ᠵᠠᠭᠤᠨ᠎ᠤ ᠳᠤᠮᠳᠠᠴᠢ ᠦᠶ᠎ᠡ ᠪᠤᠯᠲᠠᠯ᠎ᠠ ᠮᠠᠨ᠎ᠤ ᠤᠯᠤᠰ ᠵᠶ᠋ᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶ᠋ᠢᠬᠠᠨ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭ᠋ᠠᠨ ᠪᠦᠲᠦᠭᠡᠨ ᠪᠠᠶ᠋ᠢᠭᠤᠯᠤᠨ᠎ᠠ᠃ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠪᠣᠯ ᠨᠢᠭᠡᠨ ᠠᠭᠤᠤ ᠶᠡᠭᠡ ᠪᠥᠭᠡᠳ ᠪᠡᠷᠬᠡ ᠬᠠᠲᠠᠭᠤᠵᠢᠯᠲᠠᠢ ᠦᠢ᠍ᠯᠡᠰ ᠮᠥᠨ᠂ ᠢᠷᠡᠭᠡᠳᠦᠢ ᠭᠡᠭᠡᠨ ᠰᠠᠷᠠᠭᠤᠯ᠂ ᠡᠭᠦᠷᠭᠡ ᠬᠦᠨᠳᠦ ᠵᠠᠮ ᠬᠤᠯᠠ ᠶᠤᠮ᠃ ᠤᠷᠤᠭᠰᠢᠯᠠᠯᠲᠠ ᠵᠢᠨ ᠵᠠᠮ ᠳᠡᠭᠡᠷ᠎ᠡ ᠡᠷᠬᠡᠪᠰᠢ ᠳᠣᠣᠷᠠᠬᠢ ᠴᠢᠬᠤᠯᠠ ᠶᠡᠭᠡ ᠵᠠᠷᠴᠢᠮ᠎ᠢ ᠪᠠᠲᠤ ᠡᠵᠡᠮᠰᠢᠬᠦ ᠬᠡᠷᠡᠭᠲᠡᠢ᠄ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ᠎ᠢ ᠪᠠᠷᠢᠮᠲᠠᠯᠠᠵᠤ᠂ ᠠᠷᠠᠳ ᠲᠦᠮᠡᠨ ᠵᠶ᠋ᠠᠷ ᠭᠤᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠶ᠋ᠢᠷᠡᠭᠦᠯᠬᠦ ᠵᠢ ᠪᠠᠷᠢᠮᠲᠠᠯᠠᠵᠤ᠂ ᠲᠡᠮᠡᠴᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ ᠵᠢ ᠪᠠᠷᠢᠮᠲᠠᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠵᠣᠬᠢᠶᠠᠯ᠎ᠳᠤ᠂ ᠥᠨᠥᠳᠥᠷ ᠪᠢᠳᠡ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠬᠠᠷᠠᠯᠲᠠ᠎ᠳᠤ ᠲᠡᠦᠬᠡ ᠵᠢᠨ ᠠᠯᠢ ᠴᠤ᠌ ᠦᠶ᠎ᠡ᠎ᠠᠴᠠ ᠨᠡᠩ ᠢᠯᠡᠭᠦᠦ ᠣᠶ᠋ᠢᠷᠠᠳᠴᠤ᠂ ᠡᠨᠡ ᠬᠦ᠌ ᠬᠠᠷᠠᠯᠲᠠ ᠵᠢ ᠪᠡᠶᠡᠯᠡᠭᠦᠯᠬᠦ ᠢᠲᠡᠭᠡᠯ ᠪᠠ ᠴᠢᠳᠠᠪᠤᠷᠢ ᠲᠡᠦᠬᠡ ᠵᠢᠨ ᠠᠯᠢ ᠴᠤ᠌ ᠦᠶ᠎ᠡ᠎ᠠᠴᠠ ᠢᠯᠡᠭᠦᠦ ᠴᠢᠩᠭ᠋ᠠᠷᠠᠵᠠᠢ᠂ ᠡᠭᠦᠨ᠎ᠤ ᠵᠡᠷᠭᠡ᠎ᠪᠠᠷ ᠡᠷᠬᠡᠪᠰᠢ ᠨᠡᠩ ᠪᠡᠷᠬᠡ ᠬᠠᠲᠠᠭᠤᠵᠢᠯᠲᠠᠢ ᠴᠢᠷᠮᠠᠶ᠋ᠢᠯᠭ᠎ᠠ ᠭᠠᠷᠭ᠋ᠠᠬᠤ᠎ᠪᠠᠷ ᠪᠡᠯᠡᠳᠬᠡᠬᠦ ᠬᠡᠷᠡᠭᠲᠡᠢ᠃ ᠪᠦᠭᠦ ᠨᠠᠮ ᠵᠶ᠋ᠠᠷ ᠵᠶ᠋ᠠᠨ ᠡᠷᠬᠡᠪᠰᠢ ᠢᠲᠡᠭᠡᠯ ᠵᠣᠷᠢᠭ ᠵᠶ᠋ᠠᠨ ᠪᠠᠲᠤᠳᠬᠠᠨ᠂ ᠡᠷᠡᠰ ᠰᠢᠭᠤᠷᠬᠠᠢ᠎ᠪᠠᠷ ᠤᠷᠤᠭᠰᠢᠯᠠᠨ ᠲᠠᠪᠰᠢᠵᠤ᠂ ᠰᠠᠨᠠᠭ᠋ᠠᠴᠢᠯᠠᠭ᠎ᠠ᠎ᠠᠴᠠ᠎ᠪᠠᠨ ᠬᠤᠪᠢᠷᠠᠯᠲᠠ ᠵᠢ ᠲᠠᠨᠢᠵᠤ ᠬᠤᠪᠢᠷᠠᠯᠲᠠ ᠵᠢ ᠠᠷᠭ᠋ᠠᠴᠠᠭ᠋ᠠᠨ ᠬᠤᠪᠢᠷᠠᠯᠲᠠ ᠵᠢ ᠡᠷᠢᠯᠬᠢᠯᠡᠵᠦ᠂ ᠰᠠᠨᠠᠭ᠋ᠠᠴᠢᠯᠠᠭ᠎ᠠ᠎ᠠᠴᠠ᠎ᠪᠠᠨ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠢᠯᠠᠯᠲᠠ ᠵᠢ ᠲᠠᠰᠤᠷᠠᠯᠳᠠ ᠦᠭᠡᠢ ᠲᠡᠮᠡᠴᠡᠨ ᠣᠯᠬᠤ ᠬᠡᠷᠡᠭᠲᠡᠢ! ᠭᠡᠵᠦ ᠴᠢᠬᠤᠯᠠᠴᠢᠯᠠᠪᠠ᠃




   

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ