ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ 《ᠪᠦᠬᠦ ᠪᠥᠮᠪᠥᠷᠴᠡᠭ᠎ᠤᠨ ᠬᠦᠭᠵᠢᠵᠦ ᠪᠠᠶ᠋ᠢᠭ᠎ᠠ ᠤᠯᠤᠰ᠎ᠤᠳ》᠎ᠤᠨ ᠵᠠᠭᠤᠴᠢᠯᠠᠭᠤᠷ᠎ᠤᠨ ᠤᠶᠤᠨ᠎ᠤ ᠬᠥᠮᠥᠷᠭᠡ ᠵᠢᠨ ᠳᠡᠭᠡᠳᠦ ᠲᠡᠰ᠎ᠤᠨ ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠪᠡ
ᠨᠡᠶ᠋ᠢᠲᠡᠯᠡᠭᠰᠡᠨ ᠴᠠᠭ᠄ 2024-11-12

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 11 ᠰᠠᠷ᠎ᠠ ᠵᠢᠨ 11᠎ᠤ ᠴᠠᠬᠢᠯᠭ᠋ᠠᠨ ᠮᠡᠳᠡᠭᠡ 11 ᠰᠠᠷ᠎ᠠ ᠵᠢᠨ 11᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ 《ᠪᠥᠬᠦ ᠪᠥᠮᠪᠥᠷᠴᠡᠭ᠎ᠤᠨ ᠬᠦᠭᠵᠢᠵᠦ ᠪᠠᠶ᠋ᠢᠭ᠎ᠠ ᠤᠯᠤᠰ᠎ᠤᠳ》᠎ᠤᠨ ᠵᠠᠭᠤᠴᠢᠯᠠᠭᠤᠷ᠎ᠤᠨ ᠣᠶᠤᠨ᠎ᠤ ᠬᠥᠮᠥᠷᠭᠡ ᠵᠢᠨ ᠳᠡᠭᠡᠳᠦ ᠲᠠᠰ᠎ᠤᠨ ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠪᠡ᠃
      ᠰᠢ ᠵᠢᠨ ᠫᠢᠩ᠂ ᠣᠳᠣᠬᠠᠨ᠎ᠳᠤ 《ᠪᠦᠬᠦ ᠪᠥᠮᠪᠥᠷᠴᠡᠭ᠎ᠤᠨ ᠬᠦᠭᠵᠢᠵᠦ ᠪᠠᠶ᠋ᠢᠭ᠎ᠠ ᠤᠯᠤᠰ᠎ᠤᠳ》᠎ᠤᠨ ᠰᠦᠷ ᠬᠦᠴᠦᠨ ᠲᠤᠪᠤᠶ᠋ᠢᠮ᠎ᠠ ᠪᠠᠶ᠋ᠢᠵᠤ᠂ ᠬᠥᠮᠦᠨ ᠲᠥᠷᠥᠯᠬᠢᠲᠡᠨ᠎ᠤ ᠲᠠᠪᠰᠢᠯᠳᠠ ᠵᠢᠨ ᠦᠢ᠍ᠯᠡᠰ᠎ᠲᠤ ᠤᠯᠠᠮ᠎ᠠᠴᠠ ᠤᠯᠠᠮ ᠴᠢᠬᠤᠯᠠ ᠦᠢ᠍ᠯᠡᠳᠦᠯ ᠦᠵᠡᠭᠦᠯᠵᠦ ᠪᠠᠶ᠋ᠢᠨ᠎ᠠ᠃ ᠳᠤᠮᠳᠠᠳᠤ ᠤᠯᠤᠰ ᠢᠮᠠᠭᠲᠠ ᠪᠦᠬᠦ ᠪᠥᠮᠪᠥᠷᠴᠡᠭ᠎ᠤᠨ ᠬᠦᠭᠵᠢᠵᠦ ᠪᠠᠶ᠋ᠢᠭ᠎ᠠ ᠤᠯᠤᠰ᠎ᠤᠳ᠎ᠤᠨ ᠨᠢᠭᠡ ᠭᠡᠰᠢᠭᠦᠨ ᠮᠥᠨ᠂ ᠡᠭᠦᠷᠢᠳᠡ ᠬᠥᠭᠵᠢᠵᠦ ᠪᠠᠶ᠋ᠢᠭ᠎ᠠ ᠤᠯᠤᠰ᠎ᠲᠤ ᠬᠠᠷᠢᠶᠠᠯᠠᠭᠳᠠᠨ᠎ᠠ᠂ ᠳᠤᠷᠠᠲᠠᠶ᠎ᠠ ᠪᠦᠬᠦ ᠪᠥᠮᠪᠥᠷᠴᠡᠭ᠎ᠤᠨ ᠦᠷᠭᠡᠨ ᠤᠯᠠᠨ ᠬᠦᠭᠵᠢᠵᠦ ᠪᠠᠶ᠋ᠢᠭ᠎ᠠ ᠤᠯᠤᠰ᠎ᠤᠳ᠎ᠲᠠᠢ ᠬᠠᠮᠲᠤ᠎ᠪᠠᠷ᠂ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠡᠷᠬᠡ ᠲᠡᠭᠰᠢ ᠡᠮᠬᠢ ᠵᠢᠷᠤᠮ᠎ᠲᠠᠢ ᠳᠡᠯᠡᠬᠡᠢ ᠵᠢᠨ ᠤᠯᠠᠨ ᠲᠤᠶ᠋ᠢᠯᠵᠢᠯᠳᠠ᠂ ᠲᠦᠭᠡᠮᠡᠯ ᠬᠠᠷᠠᠭ᠋ᠠᠯᠵᠠᠯᠲᠤ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠶ᠋ᠢᠵᠢᠯᠲᠡ ᠵᠢ ᠰᠠᠨᠠᠭ᠋ᠠᠴᠢᠯᠠᠵᠤ᠂ ᠭᠠᠷ ᠬᠤᠯᠪᠣᠯᠴᠠᠨ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠤᠨ᠎ᠠ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠳᠡᠯᠡᠬᠡᠢ ᠶᠢᠷᠳᠢᠨᠴᠦ ᠵᠢᠨ ᠵᠠᠭᠤᠨ ᠵᠢᠯ᠎ᠳᠤ ᠳᠣᠬᠢᠶᠠᠯᠳᠤᠭ᠎ᠠ ᠦᠭᠡᠢ ᠶᠡᠭᠡ ᠬᠤᠪᠢᠰᠤᠯᠳᠠ ᠵᠢᠨ ᠳᠤᠮᠳᠠ ᠣᠳᠣᠬᠢᠴᠢᠯᠠᠯᠲᠠ ᠵᠢᠨ ᠬᠦᠰᠡᠯ ᠵᠡᠭᠦᠳᠦ᠎ᠪᠠᠨ ᠬᠥᠭᠡᠭᠡᠴᠡᠯᠳᠦᠵᠦ᠂ ᠤᠯᠠᠨ ᠤᠯᠤᠰ᠎ᠤᠨ ᠡᠮᠬᠢ ᠳᠢᠭᠯᠢᠮ᠎ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠳᠡᠶ᠋ᠢᠰᠢ ᠬᠥᠭᠵᠢᠬᠦ ᠵᠢ ᠠᠬᠢᠭᠤᠯᠬᠤ ᠪᠣᠯ ᠪᠦᠬᠦ ᠪᠥᠮᠪᠥᠷᠴᠡᠭ᠎ᠤᠨ ᠬᠦᠭᠵᠢᠵᠦ ᠪᠠᠶ᠋ᠢᠭ᠎ᠠ ᠤᠯᠤᠰ᠎ᠤᠳ᠎ᠤᠨ ᠡᠭᠦᠷᠭᠡᠯᠡᠵᠦ ᠪᠠᠶ᠋ᠢᠭ᠎ᠠ ᠠᠷᠢᠭᠤᠨ ᠲᠠᠷᠬᠠᠨ ᠲᠡᠦᠬᠡᠲᠦ ᠡᠭᠦᠷᠭᠡ ᠮᠥᠨ᠂ ᠪᠠᠰᠠ ᠴᠤ᠌ ᠪᠦᠬᠦ ᠪᠥᠮᠪᠥᠷᠴᠡᠭ᠎ᠤᠨ ᠬᠦᠭᠵᠢᠵᠦ ᠪᠠᠶ᠋ᠢᠭ᠎ᠠ ᠤᠯᠤᠰ᠎ᠤᠳ᠎ᠤᠨ ᠵᠠᠭᠤᠴᠢᠯᠠᠭᠤᠷ᠎ᠤᠨ ᠤᠶᠤᠨ᠎ᠤ ᠬᠥᠮᠥᠷᠭᠡ᠎ᠳᠤ ᠲᠤᠯᠭ᠋ᠠᠷᠠᠵᠤ ᠪᠠᠶ᠋ᠢᠭ᠎ᠠ ᠬᠠᠮᠲᠤ ᠵᠢᠨ ᠴᠠᠭ ᠦᠶ᠎ᠡ ᠵᠢᠨ ᠰᠡᠳᠦᠪ ᠮᠥᠨ᠃ ᠬᠤᠷᠠᠯ᠎ᠳᠤ ᠣᠷᠣᠯᠴᠠᠭᠰᠠᠨ ᠵᠣᠴᠢᠳ ᠭᠦᠨᠵᠡᠭᠡᠢ ᠰᠤᠳᠤᠯᠤᠨ ᠶᠠᠷᠢᠯᠴᠠᠵᠤ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠵᠤ᠂ 《ᠬᠦᠭᠵᠢᠵᠦ ᠪᠠᠶ᠋ᠢᠭ᠎ᠠ ᠤᠯᠤᠰ᠎ᠤᠳ᠎ᠤᠨ ᠳᠠᠭᠤᠨ》᠎ᠢ ᠬᠠᠮᠲᠤ᠎ᠪᠠᠷ ᠬᠠᠩᠭᠢᠨᠠᠭᠤᠯᠵᠤ᠂ 《ᠬᠦᠭᠵᠢᠵᠦ ᠪᠠᠶ᠋ᠢᠭ᠎ᠠ ᠤᠯᠤᠰ᠎ᠤᠳ᠎ᠤᠨ ᠬᠠᠷᠢᠭᠤᠴᠠᠯᠭ᠎ᠠ ᠡᠭᠦᠷᠭᠡᠯᠡᠯ》᠎ᠢ ᠢᠯᠡᠷᠡᠭᠦᠯᠵᠦ᠂ ᠪᠦᠬᠦ ᠪᠥᠮᠪᠥᠷᠴᠡᠭ᠎ᠤᠨ ᠬᠦᠭᠵᠢᠵᠦ ᠪᠠᠶ᠋ᠢᠭ᠎ᠠ ᠤᠯᠤᠰ᠎ᠤᠳ᠎ᠤᠨ ᠡᠩᠬᠡ ᠲᠠᠶ᠋ᠢᠪᠤᠩ᠎ᠢ ᠬᠠᠮᠠᠭ᠋ᠠᠯᠠᠬᠤ ᠵᠢᠨ ᠲᠣᠭᠲᠠᠪᠤᠷᠢᠵᠢᠭᠤᠯᠤᠭᠴᠢ ᠬᠦᠴᠦᠨ᠂ ᠨᠡᠭᠡᠭᠡᠯᠲᠡᠲᠦ ᠬᠥᠭᠵᠢᠯᠲᠡ ᠵᠢᠨ ᠲᠤᠯᠭ᠋ᠠᠭᠤᠷᠢᠯᠠᠭᠴᠢ ᠬᠦᠴᠦᠨ᠂ ᠪᠦᠬᠦ ᠪᠥᠮᠪᠥᠷᠴᠡᠭ᠎ᠤᠨ ᠵᠠᠰᠠᠯᠲᠠ ᠵᠢᠨ ᠪᠦᠲᠦᠭᠡᠨ ᠪᠠᠶ᠋ᠢᠭᠤᠯᠤᠭᠴᠢ ᠬᠦᠴᠦᠨ᠂ ᠪᠣᠯᠪᠠᠰᠤᠨ ᠵᠶ᠋ᠠᠨ ᠬᠠᠷᠢᠯᠴᠠᠨ ᠲᠤᠯᠢᠳᠠᠬᠤ ᠵᠢᠨ ᠠᠬᠢᠭᠤᠯᠤᠭᠴᠢ ᠬᠦᠴᠦᠨ ᠪᠣᠯᠬᠤ ᠵᠢ ᠠᠬᠢᠭᠤᠯᠬᠤ᠎ᠳᠤ ᠤᠶᠤᠨ ᠤᠬᠠᠭ᠋ᠠᠨ ᠵᠶ᠋ᠠᠨ ᠡᠷᠭᠦᠬᠦ ᠵᠢ ᠬᠦᠰᠡᠵᠦ ᠪᠠᠶ᠋ᠢᠨ᠎ᠠ ᠭᠡᠵᠦ ᠴᠢᠬᠤᠯᠠᠴᠢᠯᠠᠪᠠ᠃
      《ᠪᠦᠬᠦ ᠪᠥᠮᠪᠥᠷᠴᠡᠭ᠎ᠤᠨ ᠬᠦᠭᠵᠢᠵᠦ ᠪᠠᠶ᠋ᠢᠭ᠎ᠠ ᠤᠯᠤᠰ᠎ᠤᠳ》᠎ᠤᠨ ᠵᠠᠭᠤᠴᠢᠯᠠᠭᠤᠷ᠎ᠤᠨ ᠤᠶᠤᠨ᠎ᠤ ᠬᠥᠮᠥᠷᠭᠡ ᠵᠢᠨ ᠳᠡᠭᠡᠳᠦ ᠲᠡᠰ᠎ᠤᠨ ᠶᠠᠷᠢᠶᠠᠨ᠎ᠤ ᠲᠠᠪᠴᠠᠩ ᠲᠤᠰ ᠡᠳᠦᠷ ᠪᠷᠠᠽᠢᠯ᠎ᠤᠨ ᠰᠠᠩᠸᠦᠩ ᠫᠠᠦ᠋ᠯᠦ᠋᠎ᠳᠤ ᠡᠬᠢᠯᠡᠪᠡ᠃ ᠶᠠᠷᠢᠶᠠᠨ᠎ᠤ ᠲᠠᠪᠴᠠᠩ᠎ᠢ ᠰᠢᠨᠬᠤᠸᠠ ᠴᠢᠮᠡᠭᠡᠯᠡᠯ᠎ᠤᠨ ᠬᠤᠷᠢᠶ᠎ᠠ ᠪᠣᠯᠤᠨ ᠪᠷᠠᠽᠢᠯ᠎ᠤᠨ ᠴᠢᠮᠡᠭᠡᠯᠡᠯ᠎ᠤᠨ ᠺᠣᠮᠫᠠᠨᠢ ᠬᠠᠮᠲᠤᠷᠠᠨ ᠭᠤᠤᠯᠯᠠᠨ ᠡᠷᠭᠢᠯᠡᠵᠦ᠂ 《〈ᠪᠥᠬᠦ ᠪᠥᠮᠪᠥᠷᠴᠡᠭ᠎ᠤᠨ ᠬᠦᠭᠵᠢᠵᠦ ᠪᠠᠶ᠋ᠢᠭ᠎ᠠ ᠤᠯᠤᠰ᠎ᠤᠳ〉᠎ᠤᠨ ᠭᠤᠤᠯ ᠬᠥᠭ ᠠᠶᠠᠰ᠎ᠢ ᠴᠢᠪᠬᠠᠳᠠᠵᠤ᠂ ᠬᠥᠭᠵᠢᠯ ᠮᠠᠨᠳᠤᠯ᠎ᠤᠨ ᠰᠢᠨ᠎ᠡ ᠠᠶᠠᠨ᠎ᠢ ᠡᠬᠢᠯᠡᠭᠦᠯᠦᠶ᠎ᠡ》 ᠬᠡᠬᠦ᠎ᠪᠠᠷ ᠭᠤᠤᠯ ᠰᠡᠳᠦᠪ ᠪᠤᠯᠭ᠋ᠠᠵᠠᠢ᠃ ᠲᠤᠰ ᠡᠳᠦᠷ᠂ ᠪᠷᠠᠽᠢᠯ᠎ᠤᠨ ᠶᠡᠷᠦᠩᠬᠡᠶ᠋ᠢᠯᠡᠭᠴᠢ ᠯᠦᠯᠠ ᠪᠠᠰᠠ ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠪᠡ᠃



   

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ